ᠤᠷᠠᠳ ᠤᠨ ᠬᠤᠶᠢᠲᠤ ᠬᠤᠰᠢᠭᠤᠨ ᠤ  ᠪᠠᠶᠠᠨᠴᠢᠨᠳᠠᠮᠤᠨᠢ ᠰᠤᠮᠤ ᠲᠦᠷᠪᠡᠨ ᠵᠦᠢᠯ ᠤᠨ ᠠᠷᠭ᠎ᠠ ᠬᠡᠮᠵᠢᠶ᠎ᠡ  ᠠᠪᠴᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠦᠷᠨᠢᠬᠦᠯᠪᠠ
ᠨᠡᠶᠢᠲᠡᠯᠡᠭᠰᠡᠨ ᠴᠠᠭ᠄
2023/6/4

        ᠨᠢᠭᠡ ᠳᠤ᠂ ︽ᠪᠣᠬᠢᠷᠲᠤᠯ︾ ᠢ ᠵᠠᠰᠠᠬᠤ ᠪᠠᠷ ᠭᠤᠣᠯᠳᠠᠯᠭ᠎ᠠ ᠪᠤᠯᠭᠠᠪᠠ᠃ ᠠᠮᠢᠳᠤᠷᠠᠯ ᠤᠨ ᠬᠤᠭ ᠨᠣᠪᠰᠢ ᠪᠠ ᠬᠤᠭ ᠨᠣᠪᠰᠢ  ᠣᠪᠣᠭᠠᠯᠠᠵᠤ ᠲᠠᠯᠪᠢᠬᠤ

ᠴᠡᠭ ᠢ ᠴᠡᠪᠡᠷᠯᠠᠨ ᠠᠷᠢᠭᠤᠳᠬᠠᠵᠤ᠂ ᠲᠤᠬᠳᠠᠬᠰᠠᠨ ᠴᠡᠭ ᠲᠤ ᠴᠤᠬᠯᠠᠭᠤᠯᠤᠨ ᠤᠪᠤᠭᠠᠯᠠᠵᠤ᠂ ᠴᠠᠭ ᠲᠣᠭᠲᠠᠭᠠᠨ  ᠴᠡᠪᠡᠷᠯᠠᠨ ᠲᠦᠪᠯᠡᠷᠡᠬᠦᠯᠤᠨ ᠰᠢᠢᠳᠪᠦᠷᠢᠯᠡᠬᠦ ᠶᠢ

ᠬᠡᠷᠡᠭᠵᠢᠭᠦᠯᠦᠨ᠎ᠡ᠃ ᠣᠳᠣᠬᠠᠨ ᠪᠣᠯᠲᠠᠯ᠎ᠠ᠂ 120  ᠭᠠᠷᠤᠢ  ︵  ᠤᠳᠠᠭ᠎ᠠ︶ ᠺᠠᠳ᠋ᠷ ᠤᠯᠠᠨ ᠲᠦᠮᠡᠨ ᠢ ᠲᠠᠶᠢᠴᠢᠯᠠᠵᠥ᠂ 190 ᠴᠡᠭ ᠳᠠᠬᠢ ᠠᠮᠢᠳᠤᠷᠠᠯ ᠤᠨ ᠬᠤᠭ

ᠨᠣᠪᠰᠢ ᠶᠢ ᠴᠡᠪᠡᠷᠯᠡᠪᠡ᠃

        ᠬᠤᠶᠠᠷ ᠲᠤ ᠂ ᠡᠷᠤᠢ ᠬᠤᠷᠤᠢ ᠦᠭᠡᠢ ᠪᠠᠷᠢᠬᠰᠠᠨ ᠪᠠᠷᠢᠯᠭ᠎ᠠ ᠶᠢ ᠵᠠᠰᠠᠬᠤ ᠪᠠᠷ ᠭᠤᠣᠯᠳᠠᠯᠭ᠎ᠠ ᠪᠤᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠠᠩᠭᠢ ᠶᠢ ᠵᠣᠬᠢᠶᠠᠨ ᠪᠠᠶᠢᠭᠤᠯᠤᠨ ᠣᠷᠣᠨ ᠪᠦᠰᠡ ᠶᠢᠨ ᠳᠣᠲᠣᠭᠠᠳᠤ ᠳᠠᠭᠠᠨ ᠳᠤᠷ᠎ᠠ ᠪᠠᠷ ᠢᠶᠠᠨ ᠪᠠᠶᠢᠭᠤᠯᠤᠭᠰᠠᠨ ᠠᠵᠢᠯᠯᠠᠭ᠎ᠠ ᠳᠤ ᠬᠠᠤᠯᠢ

ᠬᠡᠷᠡᠭᠵᠢᠭᠦᠯᠦᠯᠲᠡ ᠶᠢᠨ ᠪᠠᠶᠢᠴᠠᠭᠠᠯᠲᠠ 23 ᠤᠳᠠᠭ᠎ᠠ ᠥᠷᠨᠢᠭᠦᠯᠵᠦ᠂ ᠳᠤᠷ᠎ᠠ ᠪᠠᠷ ᠢᠶᠠᠨ ᠪᠠᠶᠢᠭᠤᠯᠤᠭᠰᠠᠨ 13 ᠪᠠᠷᠢᠯᠭ᠎ᠠ ᠶᠢ ᠨᠤᠷᠠᠭᠠᠪᠠ᠃

        ᠭᠤᠷᠪᠠ ᠳᠤ᠂ ᠨᠤᠭᠤᠭᠠᠷᠠᠭᠤᠯᠤᠯᠳᠠ ᠶᠢ ᠪᠠᠲᠤᠯᠠᠬᠤ ᠪᠠᠷ ᠭᠤᠣᠯᠳᠠᠯᠭ᠎ᠠ ᠪᠤᠯᠭᠠᠵᠤ᠂ ᠤᠷᠢᠳ ᠬᠤᠵᠢᠳ ᠭᠠᠴᠠᠭᠠᠨ ᠤ ᠰᠢᠨ᠎ᠡ ᠴᠠᠭ ᠦᠶ᠎ᠡ ᠶᠢᠨ

ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂

ᠨᠠᠶᠢᠳᠠ 50 ᠭᠠᠷᠤᠢ ᠮᠦ᠂ 2000 ᠭᠠᠷᠤᠢ ᠵᠤᠯᠵᠠᠭ᠎ᠠ ᠮᠣᠳᠣ ᠳᠠᠷᠢᠵᠠᠢ᠃

         ᠳᠥᠷᠪᠡ ᠳᠤ᠂ ᠤᠢ ᠰᠢᠭᠤᠢ ᠡᠪᠡᠰᠦ ᠪᠡᠯᠴᠢᠭᠡᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ  ᠪᠤᠯᠭᠠᠵᠤ᠂ ᠣᠷᠴᠢᠨ

ᠲᠣᠭᠤᠷᠢᠨ ᠤ ᠠᠷᠢᠭᠤᠨ ᠴᠡᠪᠡᠷ ᠬᠢᠭᠡᠳ ᠲᠣᠥᠷᠵᠢᠭᠤᠯᠤᠭᠰᠠᠨ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠭᠠᠴᠠᠭᠠᠨ ᠤ ᠣᠶ ᠰᠢᠭᠤᠢ ᠶᠢᠨ

ᠬᠠᠮᠠᠭᠠᠯᠠᠭᠴᠢ ᠶᠢ ᠲᠣᠭᠤᠷᠢᠨ ᠴᠠᠭᠳᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠲᠣᠭᠤᠷᠢᠨ

ᠪᠠᠶᠢᠴᠠᠭᠠᠬᠤ ᠬᠡᠷᠡᠭᠲᠡᠢ᠃

         ᠣᠲᠣ ᠪᠣᠯᠲᠠᠯ᠎ᠠ᠂ ᠣᠶ ᠬᠠᠮᠠᠭᠠᠯᠠᠭᠴᠢ  ᠶᠢ 50 ᠭᠠᠷᠤᠢ ᠬᠥᠮᠥᠨ ᠤᠳᠠᠭ᠎ᠠ ᠬᠥᠳᠡᠯᠭᠡᠨ᠂ ᠣᠶᠢᠲᠤ ᠭᠠᠵᠠᠷ᠂ ᠡᠪᠡᠰᠦᠲᠦ ᠭᠠᠵᠠᠷ ᠤᠨ ᠬᠤᠭ ᠨᠣᠪᠰᠢ ᠶᠢ

ᠴᠡᠪᠡᠷᠯᠡᠵᠦ᠂ ᠬᠤᠯᠤᠭᠠᠨ᠎ᠠ ᠶᠢᠨ ᠡᠮ ᠢ 300 ᠭᠠᠷᠤᠢ ᠵᠢᠩ  ᠰᠠᠴᠤᠬᠰᠠᠨ ᠪᠠᠶᠢᠨ᠎ᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ