ᠤᠷᠠᠳ ᠤᠨ ᠬᠤᠶᠢᠳᠤ  ᠬᠤᠰᠢᠭᠤᠨ ᠤ  ᠪᠠᠶᠠᠠᠴᠢᠠᠳᠠᠮᠤᠨᠢ  ᠰᠤᠮᠤᠨ ᠤ ᠦᠯᠵᠡᠶᠢᠳᠤ ᠭᠠᠴᠠᠭ᠎ᠠ ᠨᠠᠮ ᠤᠨ ᠪᠠᠶᠢᠭᠤᠯᠤᠯᠲᠠ ᠶᠢᠨ ᠰᠢᠨ᠎ᠠ ᠶᠢ ᠡᠬᠦᠳᠤᠨ ᠨᠠᠮ ᠤᠨ ᠭᠡᠰᠢᠭᠦᠨ ᠤ ᠬᠤᠪᠢ ᠬᠤᠷᠠᠮᠳᠤᠭᠤᠯᠬᠤ ᠳᠦᠷᠢᠮ  ᠢᠶᠠᠷ ᠦᠨᠳᠦᠰᠦᠨ ᠱᠠᠲᠤᠨ ᠤ  ᠨᠠᠮ ᠤᠨ ᠪᠠᠶᠢᠭᠤᠯᠤᠯᠳᠠ ᠶᠢᠨ ᠴᠢᠨᠠᠷ ᠰᠠᠶᠢᠠᠳᠠᠢ  ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/7/14

 

        ᠬᠤᠪᠢ ᠬᠤᠷᠠᠮᠳᠤᠭᠤᠯᠬᠤ ᠳᠦᠷᠢᠮ ᠤᠨ ᠵᠣᠷᠢᠭᠵᠢᠭᠤᠯᠤᠯ ᠳᠣᠣᠷ᠎ᠠ᠂ ᠪᠠᠶᠠᠠᠴᠢᠠᠳᠠᠮᠤᠨᠢ  ᠰᠤᠮᠤᠨ ᠤ ᠦᠯᠵᠡᠶᠢᠳᠤ ᠭᠠᠴᠠᠭᠠᠨ ᠤ ᠨᠠᠮ ᠤᠨ ᠭᠡᠰᠢᠭᠦᠨ᠂

ᠮᠠᠯᠴᠢᠨ ᠲᠦᠮᠡᠨ ᠤ ᠡᠵᠡᠨ ᠬᠥᠮᠥᠨ ᠤ ᠤᠬᠠᠮᠰᠠᠷ ᠦᠨᠡᠨᠬᠦ ᠴᠢᠩᠭᠠᠷᠠᠵᠤ᠂ ᠭᠠᠴᠠᠭᠠᠨ ᠤ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂

ᠬᠠᠮᠲᠤ ᠶᠢᠨ ᠬᠡᠷᠡᠭ ᠶᠠᠪᠤᠳᠠᠯ ᠪᠣᠯᠣᠨ ᠰᠠᠶᠢᠨ ᠳᠤᠷ᠎ᠠ ᠶᠢᠨ ᠠᠵᠢᠯᠯᠠᠭ᠎ᠠ ᠳᠤ ᠮᠠᠰᠢ ᠤᠯᠠᠨ ᠨᠠᠮ ᠤᠨ ᠭᠡᠰᠢᠭᠦᠨ᠂ ᠮᠠᠯᠴᠢᠨ ᠲᠦᠮᠡᠨ ᠤ ᠪᠠᠷ᠎ᠠ ᠰᠡᠭᠦᠳᠡᠷ ᠨᠡᠮᠡᠭᠳᠡᠭᠰᠡᠨ

ᠪᠠᠶᠢᠨ᠎ᠠ᠃

640 (4).jpg        ᠥᠯᠵᠡᠶᠢᠲᠦ ᠭᠠᠴᠠᠭᠠᠨ ᠤ ᠨᠠᠮ ᠤᠨ ᠭᠡᠰᠢᠭᠦᠨ ᠴᠢ ᠯᠦᠩ ᠪᠣᠯ ᠪᠠᠰᠠ ᠴᠤ ᠰᠠᠶᠢᠨ ᠳᠤᠷ᠎ᠠ ᠶᠢᠨ ᠠᠵᠢᠯᠯᠠᠭᠴᠢ ᠮᠥᠨ᠂ ᠡᠩ ᠤᠨ ᠦᠶ᠎ᠡ ᠳᠤ ᠬᠥᠷᠰᠢ

ᠵᠡᠷᠭᠡᠯᠡᠳᠡᠭᠡ ᠶᠢᠨ ᠢᠶᠠᠨ ᠬᠤᠨᠢ ᠬᠠᠶᠢᠴᠢᠯᠠᠬᠤ᠂ ᠬᠤᠨᠢ ᠬᠠᠷᠢᠭᠤᠯᠬᠤ ᠳᠤᠨᠢ ᠰᠠᠨᠠᠭᠠᠴᠢᠯᠠᠭ᠎ᠠ ᠠᠴᠠ ᠪᠠᠨ ᠬᠠᠪᠰᠤᠷᠳᠠᠭ᠃ ᠭᠠᠴᠠᠭᠠᠨ ᠤ ᠳᠣᠲᠣᠷᠠᠬᠢ ᠬᠡᠨ ᠴᠦ ᠭᠡᠳ

ᠶᠠᠮᠠᠷ ᠤᠴᠢᠷ ᠲᠠᠢ ᠪᠣᠯ ᠠᠬᠠᠮᠠᠳ ᠨᠠᠮ ᠤᠨ ᠭᠡᠰᠢᠭᠦᠨ ᠴᠢ ᠯᠦᠩ ᠢ ᠡᠷᠢᠵᠦ ᠬᠠᠪᠰᠤᠷᠤᠨ ᠰᠢᠢᠳᠪᠦᠷᠢᠯᠡᠭᠦᠯᠬᠦ ᠶᠢ ᠪᠤᠳᠤᠳᠠᠭ᠃ ᠡᠶᠢᠮᠦ ᠠᠴᠠ ᠴᠢ ᠯᠦᠩ ᠪᠣᠯ

ᠥᠯᠵᠡᠶᠢᠲᠦ ᠭᠠᠴᠠᠭᠠᠨ ᠤ ᠨᠠᠮ ᠤᠨ ᠭᠡᠰᠢᠭᠦᠨ ᠤ ︽ᠬᠤᠪᠢ ᠬᠤᠷᠠᠮᠳᠤᠭᠤᠯᠬᠤ ᠬᠡᠳᠦ ᠳᠡᠯᠭᠡᠭᠦᠷ︾ ᠤᠨ ᠳᠣᠲᠣᠷᠠᠬᠢ ᠬᠤᠪᠢ  ᠪᠠᠷ ᠬᠠᠮᠤᠭ ᠤᠨ ᠥᠨᠳᠥᠷ ᠨᠢᠭᠡ ᠨᠢ

ᠪᠣᠯᠣᠨ᠎ᠠ᠂ ᠵᠣᠭᠤᠰ ᠰᠣᠯᠢᠬᠤ ᠡᠳᠦᠷ ᠲᠤ ᠲᠡᠷᠡ 1160 ᠬᠤᠪᠢ  ᠪᠠᠷ ᠨᠢᠭᠡ ᠪᠣᠣᠪᠤ  ᠬᠢᠳᠡᠭ ᠬᠡᠷᠡᠭᠯᠡᠭᠡᠨ ᠤ ᠵᠢᠵᠢᠭ ᠴᠠᠬᠢᠯᠭᠠᠨ ᠬᠡᠷᠡᠭᠰᠡᠯ ᠢ ᠰᠣᠯᠢᠵᠤ

ᠠᠪᠴᠢᠷᠠᠭᠰᠠᠨ ᠶᠤᠮ᠃

         ︽ᠪᠢ ᠪᠣᠯ ᠨᠠᠮ ᠤᠨ ᠭᠡᠰᠢᠭᠦᠨ᠂ ᠰᠠᠶᠢᠨ ᠳᠤᠷ᠎ᠠ  ᠶᠢᠨ ᠦᠢᠯᠡᠴᠢᠯᠡᠭᠴᠢ᠂ ᠪᠢ ᠬᠡᠳᠦᠶᠢᠪᠡᠷ ᠨᠠᠰᠤ ᠠᠬᠠᠰᠢᠷᠠᠭᠰᠠᠨ ᠪᠣᠯᠪᠠᠴᠤ ᠪᠡᠶ᠎ᠡ ᠮᠠᠰᠢ ᠰᠠᠶᠢᠨ

ᠪᠣᠯᠬᠤᠷ ᠭᠠᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠤᠶ ᠪᠦᠬᠦᠢ ᠠᠵᠢᠯᠯᠠᠭ᠎ᠠ ᠳᠤ ᠢᠳᠡᠪᠬᠢᠲᠡᠢ ᠪᠠᠷ ᠲᠦᠷᠦᠭᠦᠯᠡᠨ ᠣᠷᠣᠯᠴᠠᠵᠤ᠂ ᠦᠯᠡᠳᠡᠪᠦᠷᠢ ᠢᠯᠴᠢ ᠪᠠᠨ

ᠪᠠᠳᠠᠷᠠᠭᠤᠯᠤᠨ ᠬᠤᠪᠢ ᠨᠡᠮᠡᠷᠢ ᠪᠠᠨ ᠦᠵᠡᠭᠦᠯᠵᠦ᠂ ᠥᠲᠡᠯᠦᠭᠰᠡᠨ ᠴᠦ ᠬᠢᠬᠦ ᠶᠠᠭᠤᠮ᠎ᠠ ᠲᠠᠢ ᠭᠠᠪᠰᠢᠭᠠᠶᠢᠯᠠᠬᠤ ᠪᠣᠯ ᠮᠢᠨᠤ ᠬᠢᠬᠦ ᠶᠣᠰᠣᠲᠠᠢ ᠵᠦᠢᠯ ᠮᠥᠨ︾᠃

ᠠᠬᠠᠮᠠᠳ ᠨᠠᠮ ᠤᠨ ᠭᠡᠰᠢᠭᠦᠨ ᠴᠢ ᠯᠦᠩ ᠤᠨ ᠡᠳᠡᠭᠡᠷ ᠦᠭᠡ ᠶᠢ ᠬᠡᠯᠡᠬᠦ ᠳᠡᠭᠡᠨ ᠮᠠᠰᠢ ᠢᠳᠡ ᠬᠦᠴᠦᠲᠡᠢ ᠪᠠᠶᠢᠯ᠎ᠠ᠃

640 (5).jpg

        ᠥᠯᠵᠡᠶᠢᠲᠦ ᠭᠠᠴᠠᠭ᠎ᠠ ᠨᠢ ᠪᠥᠬᠦ ᠬᠤᠰᠢᠭᠤᠨ ᠤ ᠬᠤᠪᠢ ᠬᠤᠷᠠᠮᠳᠤᠭᠤᠯᠬᠤ ᠳᠦᠷᠢᠮ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ

ᠪᠣᠯᠤᠭᠰᠠᠨ ᠤ ᠬᠤᠪᠢ ᠳᠤ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠢ ᠤᠷᠢᠳᠠᠪᠠᠷ ᠢᠳᠡᠪᠬᠢᠲᠡᠢ ᠰᠦᠪᠡᠭᠴᠢᠯᠡᠨ ᠬᠡᠷᠡᠭᠵᠢᠬᠦᠯᠵᠤ᠂ ᠨᠠᠮ ᠤᠨ

ᠭᠡᠰᠢᠭᠦᠨ ᠤ ︽ᠰᠤᠷᠤᠯᠴᠠᠬᠤ ᠪᠠ ᠦᠢᠯᠡᠳᠤᠯᠬᠡ ᠶᠢ ᠬᠠᠷᠢᠯᠴᠠᠨ ᠠᠬᠢᠭᠤᠯᠬᠤ︾ ᠬᠢᠨᠠᠨ ᠰᠢᠯᠭᠠᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠪᠠᠷ ᠦᠨᠳᠦᠰᠦ ᠪᠣᠯᠭᠠᠵᠤ᠂

ᠨᠠᠮ ᠤᠨ ᠭᠡᠰᠢᠭᠦᠨ ᠬᠤᠪᠢ ᠬᠤᠷᠠᠮᠳᠤᠭᠤᠯᠬᠤ ᠪᠠᠷ ᠭᠤᠣᠯ ᠠᠭᠤᠯᠭ᠎ᠠ ᠪᠣᠯᠭᠠᠵᠤ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ

ᠣᠷᠣᠯᠴᠠᠬᠤ᠂ ᠵᠢᠱᠢᠶᠡᠴᠢ ᠪᠠᠷ ᠳᠠᠭᠠᠭᠤᠯᠬᠤ ᠦᠢᠯᠡᠳᠦᠯ ᠢ ᠪᠠᠳᠠᠷᠠᠭᠤᠯᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠥᠷᠨᠢᠭᠦᠯᠬᠦ᠂ ᠠᠯᠪᠠᠨ ᠵᠢᠷᠤᠮ ᠤᠨ

ᠬᠥᠳᠡᠯᠮᠦᠷᠢ ᠬᠢᠬᠦ ᠵᠡᠷᠭᠡ ᠵᠦᠢᠯᠡᠰ ᠢ ᠪᠦᠬᠦᠨ ᠢ ᠪᠣᠳᠠᠲᠠᠢ ᠬᠤᠷᠠᠮᠳᠤᠯ ᠬᠤᠪᠢ ᠪᠣᠯᠭᠠᠨ ᠬᠡᠮᠵᠢᠶᠡᠯᠡᠵᠦ᠂ ᠬᠤᠷᠠᠮᠳᠤᠯ ᠬᠤᠪᠢ ᠪᠠᠷ ᠪᠣᠳᠠᠲᠤ ᠶᠠᠭᠤᠮ᠎ᠠ ᠰᠣᠯᠢᠬᠤ

ᠬᠡᠯᠪᠡᠷᠢ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠲᠠᠶᠢᠴᠢᠯᠠᠵᠤ ᠪᠠᠶᠢᠨ᠎ᠠ᠃

          ᠤᠳᠤᠬᠠᠨ ᠳᠤ᠂ ᠤᠷᠠᠳ ᠤᠨ ᠬᠤᠶᠢᠳᠤ ᠬᠤᠰᠢᠭᠤᠨ ᠤ  ᠪᠠᠶᠠᠠᠴᠢᠠᠳᠠᠮᠤᠨᠢ ᠰᠤᠮᠤᠨ ᠤ ᠦᠯᠵᠡᠶᠢᠳᠤ ᠭᠠᠴᠠᠭᠠᠨ ᠤ ᠨᠠᠮ ᠤᠨ ᠬᠡᠰᠢᠬᠦᠨ ᠬᠤᠪᠢ

ᠬᠤᠷᠠᠮᠳᠤᠭᠤᠯᠬᠤ ᠰᠢᠨ᠎ᠠ ᠶᠢ ᠡᠬᠦᠳᠬᠦ ᠠᠷᠭ᠎ᠠ ᠠᠪᠴᠢᠯ ᠤᠨ ᠨᠦᠯᠤᠬᠡ ᠪᠠᠷ ᠭᠠᠴᠠᠭᠠᠨ ᠤ ᠠᠶᠢᠯ ᠰᠠᠭᠠᠯᠳᠠ ᠶᠢᠨ ᠵᠦᠷᠢᠴᠠᠯ ᠵᠢᠭᠤᠷᠠᠯᠳᠤᠭᠠᠨ ᠵᠡᠷᠬᠡ ᠦᠵᠡᠭᠳᠠᠯ

ᠢᠯᠡᠳᠳᠠ ᠴᠦᠬᠡᠷᠡᠵᠤ᠂ ᠮᠠᠯᠴᠢᠨ ᠤᠯᠠᠨ ᠲᠦᠮᠡᠨ ᠤ ᠲᠡᠷᠢᠬᠦᠨ ᠤ ᠬᠢ ᠲᠠᠢ ᠠᠳᠠᠯᠢᠳᠬᠠᠬᠤ᠂ ᠬᠤᠪᠢ ᠬᠤᠷᠠᠮᠳᠤᠭᠤᠯᠬᠤ᠂ ᠬᠤᠪᠢ ᠨᠡᠮᠡᠷᠢ ᠦᠵᠡᠬᠦᠯᠬᠦ ᠠᠵᠢᠯᠯᠠᠭ᠎ᠠ

 ᠶᠢ ᠤᠷᠢᠶᠠᠯᠠᠨ᠂ ᠭᠠᠴᠠᠭ᠎ᠠ ᠲᠤᠰᠬᠤᠨ ᠤ ᠪᠦᠳᠤᠬᠡᠨ ᠪᠠᠶᠢᠭᠤᠯᠤᠯᠳᠠ ᠵᠡᠰᠠᠯᠳᠠ ᠳᠤ ᠤᠷᠤᠯᠴᠠᠬᠤ ᠢᠳᠡᠪᠬᠢᠵᠢᠯ ᠲᠡᠬᠡᠭᠰᠢᠯᠠᠵᠤ᠂ ᠬᠠᠮᠳᠤ ᠪᠠᠷ ᠪᠠᠶᠢᠭᠤᠯᠵᠤ ᠬᠠᠮᠳᠤ

 ᠪᠠᠷ ᠵᠠᠰᠠᠵᠤ ᠬᠠᠮᠳᠤ ᠪᠠᠷ ᠡᠳ᠋ᠯᠠᠬᠦ ᠦᠨᠳᠤᠰᠤᠨ ᠱᠠᠳᠤᠨ ᠤ ᠵᠠᠰᠠᠯᠳᠠ ᠶᠢᠨ ᠰᠢᠨ᠎ᠠ ᠪᠠᠶᠢᠷᠢᠰᠢᠯ ᠢ ᠪᠤᠢ ᠪᠤᠯᠭᠠᠵᠤ ᠪᠠᠶᠢᠨ᠎ᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ