ᠤᠷᠠᠳ ᠤᠨ ᠬᠤᠶᠢᠲᠤ ᠬᠤᠰᠢᠭᠤ ᠮᠠᠯ ᠠᠵᠤ ᠠᠬᠤᠢ  ᠶᠢᠨ ᠴᠢᠨᠡᠷ ᠰᠠᠶᠢᠨᠳᠠᠢ ᠬᠦᠭᠵᠢᠯᠳᠠ ᠶᠢ ᠠᠬᠢᠭᠤᠯᠵᠤ ᠮᠠᠯᠴᠢᠳ ᠤᠨ ᠤᠷᠤᠯᠭ᠎ᠠ ᠶᠢ ᠨᠡᠮᠡᠭᠳᠠᠬᠦᠯᠬᠦ ᠪᠠᠷ ᠬᠦᠴᠤᠯᠠᠨ ᠴᠢᠷᠮᠠᠶᠢᠨ᠎ᠠ
ᠨᠡᠶᠢᠲᠡᠯᠡᠭᠰᠡᠨ ᠴᠠᠭ᠄
2023/7/14
         ᠤᠷᠠᠳ ᠤᠨ ᠬᠤᠶᠢᠳᠤ ᠬᠤᠰᠢᠭᠤ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠢᠨ ᠲᠥᠯᠥᠭᠡ᠂ ᠰᠢᠨ᠎ᠡ ᠡᠭᠦᠯᠳᠡᠷ ᠢ ᠳᠡᠯᠭᠡᠷᠡᠭᠦᠯᠤᠨ ᠦᠢᠯᠡᠳᠪᠤᠷᠢᠯᠠᠯ ᠪᠠ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ 7 ᠰᠠᠷ᠎ᠠ ᠶᠢᠨ 4 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠮᠠᠯ ᠠᠵᠤ ᠠᠬᠤᠢ ᠤᠰᠤᠨ ᠭᠠᠷᠤᠯᠲᠠ ᠶᠢᠨ ᠠᠵᠢᠯ ᠤᠨ ᠥᠷᠲᠡᠭᠡ ᠤᠷᠠᠳ ᠤᠨ ᠬᠤᠶᠢᠲᠤ ᠬᠤᠰᠢᠭᠤᠨ ᠤ ᠶᠢᠨ ᠨᠦᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠨ ᠳᠤ ᠬᠤᠴᠠ ᠲᠦᠭᠡᠭᠡᠬᠦ ᠶᠣᠰᠣᠯᠠᠯ ᠶᠠᠪᠤᠭᠤᠯᠵᠤ᠂ ᠪᠥᠬᠦ ᠬᠤᠰᠢᠭᠤᠨ ᠤ 6 ᠰᠤᠮᠤ ᠪᠠᠯᠭᠠᠰᠤᠨ ᠤ ᠬᠤᠴᠠ ᠲᠡᠵᠢᠭᠡᠨ ᠦᠷᠡᠵᠢᠭᠦᠯᠬᠦ ᠬᠤᠷᠰᠢᠶ᠎ᠠ᠂ ᠲᠡᠵᠢᠭᠡᠨ ᠦᠷᠡᠵᠢᠭᠦᠯᠬᠦ ᠡᠷᠦᠬᠡ ᠪᠠ ᠮᠠᠯᠴᠢᠨ ᠲᠠᠷᠢᠶᠠᠴᠢᠨ ᠵᠡᠷᠭᠡ 150 ᠡᠷᠦᠬᠡ ᠳᠤ 230 ᠬᠤᠴᠠ ᠲᠦᠭᠡᠭᠡᠵᠡᠢ᠃        ᠲᠤᠬᠠᠢ ᠶᠢᠨ ᠲᠠᠯᠠᠪᠠᠶ ᠳᠤ᠂ ᠠᠵᠢᠯᠲᠠᠳ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠪᠠᠶᠢᠭᠠᠳ ᠬᠤᠴᠠ ᠠᠪᠬᠤ ᠶᠢ ᠡᠮᠬᠢ ᠵᠢᠷᠤᠮ ᠲᠠᠢ ᠶᠠᠪᠤᠭᠤᠯᠤᠨ᠎ᠠ ᠃ ᠡᠮᠦᠨᠡᠬᠢ ᠬᠤᠭᠤᠴᠠᠭᠠᠨ ᠤ ᠭᠤᠶᠤᠴᠢᠯᠠᠯ  ᠢ ᠬᠢᠨᠠᠨ ᠬᠠᠷᠭᠤᠭᠤᠯᠬᠤ᠂ ᠲᠤᠬᠠᠢ ᠶᠢᠨ ᠲᠠᠯᠠᠪᠤᠷ ᠲᠤ ᠰᠢᠪᠠᠭ᠎ᠠ ᠰᠤᠭᠤᠯᠬᠤ ᠵᠡᠷᠭᠡ ᠬᠡᠯᠪᠡᠷᠢ ᠪᠠᠷ ᠡᠯ᠎ᠡ ᠰᠤᠮᠤ ᠪᠠᠯᠭᠠᠰᠤ ᠠᠴᠠ ᠢᠷᠡᠭᠰᠡᠨ ᠮᠠᠯᠴᠢᠨ ᠲᠠᠷᠢᠶᠠᠴᠢᠳ ᠬᠤᠴᠠ ᠣᠯᠵᠤ ᠠᠪᠴᠠᠢ᠃ ᠠᠵᠢᠯᠲᠠᠳ ᠪᠠᠰᠠ ᠤᠯᠠᠨ ᠳᠤ ᠬᠤᠴᠠ ᠲᠡᠵᠢᠭᠡᠨ ᠠᠷᠠᠴᠢᠯᠠᠵᠤ ᠬᠠᠮᠢᠶᠠᠷᠬᠤ᠂ ᠬᠡᠭᠡᠯᠲᠦᠭᠦᠯᠵᠦ ᠦᠷ᠎ᠡ ᠠᠪᠬᠤ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠵᠡᠷᠭᠡ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠢ ᠲᠠᠶᠢᠯᠪᠤᠷᠢᠯᠠᠵᠤ ᠥᠭᠴᠡᠢ᠃        ᠲᠣᠰ ᠤᠳᠠᠭ᠎ᠠ ᠶᠢᠨ ᠲᠠᠷᠬᠠᠭᠠᠭᠰᠠᠨ ᠡᠭᠦᠯᠳᠡᠷ ᠬᠤᠴᠠ ᠨᠢ ᠬᠤᠸᠠ ᠮᠧᠩ  ᠠᠯᠠᠰᠢᠨ ᠬᠤᠨᠢ ᠪᠣᠯᠣᠨ᠎ᠠ᠂ ᠬᠤᠴᠠ ᠨᠢᠭᠡᠪᠦᠷᠢ ᠶᠢᠨ ᠥᠷᠲᠡᠭ ᠨᠢ 4000 ᠲᠥᠭᠦᠷᠢᠭ ᠪᠠᠶᠢᠵᠤ᠂  ᠮᠠᠯᠴᠢᠨ ᠲᠠᠷᠢᠶᠠᠴᠢᠨ ᠡᠷᠦᠬᠡ ᠥᠪᠡᠰᠦᠪᠡᠨ 1000 ᠲᠥᠭᠦᠷᠢᠭ ᠴᠤᠭᠯᠠᠭᠤᠯᠵᠤ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠠᠴᠠ 2500 ᠲᠥᠭᠦᠷᠢᠭ ᠨᠥᠬᠦᠪᠦᠷᠢᠯᠡᠵᠦ᠂ ᠥᠪᠥᠷ ᠮᠣᠩᠭᠤᠯ ᠤᠨ ᠹᠦ᠋ ᠴᠤᠸᠠᠨ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ 500 ᠲᠥᠭᠦᠷᠢᠭ ᠤᠨ ᠲᠡᠵᠢᠭᠡᠯ ᠪᠣᠷᠳᠣᠭᠠᠨ ᠤ ᠺᠠᠷᠲ ᠨᠥᠬᠦᠪᠦᠷᠢᠯᠡᠨ᠎ᠡ᠃ ᠬᠤᠴᠠ ᠨᠢᠭᠡᠪᠦᠷᠢ ᠨᠢ ᠴᠥᠮ ᠠᠷᠪᠠᠨ ᠰᠠᠷ᠎ᠠ ᠠᠴᠠ ᠳᠡᠭᠡᠭᠰᠢ ᠪᠠᠶᠢᠵᠤ᠂ ᠳᠤᠮᠳᠠᠴᠢ ᠪᠡᠶ᠎ᠡ ᠶᠢᠨ ᠬᠦᠨᠳᠦ ᠨᠢ 80 ᠺᠢᠯᠣᠭ᠍ᠷᠠᠮ ᠠᠴᠠ ᠳᠡᠭᠡᠭᠰᠢ ᠪᠠᠶᠢᠳᠠᠭ᠃       ᠲᠣᠰ ᠤᠳᠠᠭᠠᠨ ᠤ ᠬᠤᠴᠠ ᠲᠠᠷᠬᠠᠭᠠᠭᠰᠠᠨ ᠨᠢ ᠮᠠᠯᠴᠢᠨ ᠲᠠᠷᠢᠶᠠᠴᠢᠨ ᠡᠷᠦᠬᠡ ᠶᠢᠨ ᠰᠢᠯᠢᠳᠡᠭ ᠡᠭᠦᠯᠳᠡᠷ ᠤᠨ ᠮᠠᠯ ᠬᠤᠳᠠᠯᠳᠤᠨ ᠠᠪᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ ᠡᠭᠦᠯᠳᠡᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠪᠥᠬᠦ ᠬᠤᠰᠢᠭᠤᠨ ᠤ ᠠᠯᠠᠰᠢᠨ ᠬᠤᠨᠢᠨ ᠤ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠢ ᠶᠤᠮ᠃ 
ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ