7 ᠰᠠᠷ᠎ᠠ ᠶᠢᠨ 11 ᠤ ᠡᠳᠦᠷ᠂ ᠪᠠᠶᠠᠠᠴᠢᠠᠳᠠᠮᠣᠨᠢ ᠰᠤᠮᠤᠨ ᠤ ᠪᠠᠶᠠᠨᠭᠤᠣᠯ ᠭᠠᠴᠠᠭᠠᠨ ᠳᠤ ᠮᠠᠯᠴᠢᠳ ᠤᠨ ᠨᠠᠭᠠᠳᠤᠮ ᠤᠨ ᠬᠤᠷᠠᠯ ᠪᠣᠯᠵᠣ᠂ ᠣᠪᠣᠭ᠎ᠠ | ᠰᠠᠬᠢᠭᠤᠰᠣ ᠪᠠᠨ ᠳᠠᠬᠢᠵᠣ᠂ ᠨᠣᠲᠤᠭ ᠣᠰᠣᠨ ᠤ ᠨᠠᠪᠳᠠᠭ ᠰᠠᠪᠳᠠᠭ ᠢᠶᠠᠨ ᠪᠠᠶᠠᠷᠯᠠᠭᠤᠯᠣᠨ᠂ ᠨᠠᠮ ᠰᠡᠯᠡᠭᠦᠨ ᠲᠠᠯ᠎ᠠ ᠨᠤᠲᠤᠭ ᠬᠦᠷ ᠨᠠᠷᠭᠢᠶᠠᠨ ᠢᠶᠠᠷ ᠪᠢᠯᠬᠠᠵᠤ | ᠪᠠᠶᠢᠯ᠎ᠠ᠃ | ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ᠂ ᠮᠠᠯᠴᠢᠳ ᠤᠨ ᠲᠥᠯᠥᠭᠡᠯᠡᠭᠴᠢᠳ ᠤᠨ ᠡᠩᠨᠡᠭᠡ᠂ ᠰᠤᠷ ᠬᠠᠷᠪᠤᠯᠲᠠ ᠶᠢᠨ ᠡᠩᠨᠡᠭᠡ᠂ ᠡᠷᠦᠬᠡ ᠶᠢᠨ ᠴᠡᠷᠢᠭ | ᠤᠨ ᠡᠩᠨᠡᠭᠡ ᠵᠡᠷᠭᠡ ᠤᠷᠤᠯᠳᠤᠭᠠᠨ ᠤ ᠪᠦᠯᠬᠦᠮ ᠤᠨ ᠬᠢᠨ ᠲᠠᠯᠠᠪᠠᠢ ᠳᠤ ᠣᠷᠣᠪᠠ᠃ ᠮᠠᠯᠴᠢᠨ ᠲᠦᠮᠡᠨ ᠮᠠᠨᠢ ᠤᠯᠠᠮᠵᠢᠯᠠᠯᠲᠤ ᠬᠤᠪᠴᠠᠰᠤ ᠵᠠᠰᠠᠯ ᠢᠶᠠᠷ ᠢᠶᠠᠨ | ᠭᠤᠶᠣᠯᠠᠵᠣ᠂ ᠲᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠵᠤ᠂ ᠳᠡᠯᠬᠡᠷ ᠨᠠᠭᠠᠳᠣᠮ ᠢᠶᠠᠨ ᠴᠢᠮᠠᠯᠠ᠃ | ᠨᠠᠭᠠᠳᠣᠮ ᠤᠨ ᠶᠡᠭᠡ ᠬᠤᠷᠠᠯ ᠤᠨ ᠡᠬᠢᠯᠡᠯᠳᠡ ᠶᠢᠨ ᠶᠣᠰᠣᠯᠠᠯ ᠤᠨ ᠳᠠᠷᠠᠭ᠎ᠠ ᠮᠣᠷᠢᠨ ᠤ ᠣᠷᠣᠯᠳᠣᠭᠠᠨ ᠶᠠᠪᠣᠭᠳᠠᠯ᠎ᠠ᠂ ᠭᠠᠵᠠᠷ ᠭᠠᠵᠠᠷ᠂ ᠨᠣᠲᠤᠭ ᠨᠣᠲᠤᠭ | ᠤᠨ ᠰᠢᠯᠢᠳᠡᠭ ᠰᠠᠶᠢᠨ ᠣᠶᠠᠭᠠᠴᠢᠳ ᠰᠢᠭᠰᠢᠮᠡᠯ ᠰᠠᠶᠢᠨ ᠬᠦᠯᠦᠭ ᠮᠣᠷᠢᠳ ᠢᠶᠠᠨ ᠠᠪᠴᠢᠷᠠᠵᠣ᠂ ᠦᠷᠢᠶ᠎ᠠ ᠮᠣᠷᠢᠳ ᠤᠨ ᠣᠷᠣᠯᠳᠣᠭᠠᠨ᠂ ᠬᠠᠳᠠᠷᠢᠶ᠎ᠠ ᠵᠢᠷᠤᠭ᠎ᠠ | ᠮᠣᠷᠢᠨ ᠤ ᠣᠷᠣᠯᠳᠣᠭᠠᠨ᠂ ᠡᠷᠯᠢᠰᠠ ᠮᠣᠷᠢᠳ ᠤᠨ ᠣᠷᠣᠯᠳᠣᠭᠠᠨ ᠳᠤ ᠪᠠᠨ ᠣᠷᠣᠯᠴᠠᠵᠣ᠂ ᠣᠷᠣᠯᠳᠣᠭᠠᠨ ᠮᠣᠷᠢᠳ ᠭᠠᠩ ᠲᠦᠷᠪᠡᠨ ᠳᠣᠭᠤᠷᠠᠢ ᠪᠠᠷ ᠢᠶᠠᠨ ᠭᠠᠵᠠᠷ | ᠪᠦᠮᠪᠦᠷᠢᠳᠦᠨ᠂ ᠪᠠᠶᠠᠠᠭᠤᠣᠯ ᠤᠨ ᠳᠡᠭᠷᠢ ᠳᠣᠣᠷ᠎ᠠ ᠠᠯᠳᠠᠨ ᠳᠣᠭᠤᠰᠣ ᠪᠠᠨ ᠡᠷᠬᠦᠵᠦ᠂ ᠬᠤᠷᠴᠠ ᠰᠢᠷᠦᠬᠦᠨ ᠦᠷᠢᠰᠦᠯᠳᠦᠬᠡᠨ ᠢᠶᠠᠷ ᠳᠠᠮᠵᠢᠵᠣ᠂ ᠣᠷᠠᠳ ᠤᠨ | ᠳᠣᠮᠳᠠᠳᠣ ᠬᠤᠰᠢᠭᠤᠨ ᠤ ᠬᠡᠷᠡᠯᠵᠠᠮ ᠤᠨ ᠬᠡᠬᠡᠷ ᠦᠷᠢᠶ᠎ᠠ᠂ ᠦᠷᠢᠶ᠎ᠠ ᠮᠣᠷᠢᠳ ᠤᠨ ᠣᠷᠣᠯᠳᠣᠭᠠᠨ ᠤ ᠲᠦᠷᠦᠬᠦᠦ ᠮᠠᠩᠨᠠᠢ ᠳᠤ ᠬᠤᠷᠳᠣᠯᠠᠵᠣ᠂ ᠠᠯᠠᠱᠠ ᠠᠶᠢᠮᠠᠭ ᠤᠨ | ᠪᠠᠭᠠᠳᠣᠷ ᠤᠨ ᠬᠦᠷᠡᠩ ᠮᠣᠷᠢ ᠵᠢᠷᠤᠭ᠎ᠠ ᠮᠣᠷᠢᠨ ᠤ ᠣᠷᠣᠯᠳᠣᠭᠠᠨ ᠳᠤ ᠳᠠᠷᠢᠬᠦᠯᠡᠨ᠂ ᠮᠦᠨ ᠣᠷᠠᠳ ᠤᠨ ᠳᠣᠮᠳᠠᠳᠣ ᠬᠤᠰᠢᠭᠤᠨ ᠤ ᠬᠡᠷᠡᠯᠵᠡᠮ ᠤᠨ ᠬᠡᠬᠡᠷ ᠮᠣᠷᠢ | ᠡᠷᠯᠢᠰᠠ ᠮᠣᠷᠢᠳ ᠤᠨ ᠣᠷᠣᠯᠳᠣᠭᠠᠨ ᠳᠤ ᠳᠠᠷᠢᠬᠦᠯᠡᠵᠦ ᠳᠣᠳᠣ ᠮᠠᠩᠨᠠᠢ ᠳᠣᠷᠭᠠᠨ ᠵᠢᠯᠣᠭᠤ ᠡᠷᠬᠦᠬᠦᠯᠦᠯᠡ᠃ | ᠦᠳᠡᠰᠢ ᠶᠢᠨ ᠪᠦᠷᠦᠢ ᠪᠣᠯᠬᠤ ᠳᠤ᠂ ᠨᠢᠭᠡ ᠡᠳᠦᠷ ᠤᠨ ᠤᠷᠤᠯᠳᠤᠭᠠᠨ ᠢᠶᠠᠨ ᠲᠡᠭᠦᠰᠬᠡᠵᠦ᠂ ᠮᠠᠯᠴᠢᠳ ᠤᠨ ᠳᠠᠭᠤᠨ ᠤ ᠤᠷᠤᠯᠳᠤᠭᠠᠨ ᠢ ᠶᠠᠪᠣᠭᠳᠠᠭᠤᠯᠪᠠ | ᠃ ᠳᠠᠭᠤᠴᠢᠳ ᠮᠠᠨᠢ ᠢᠷᠠᠭᠤ ᠰᠠᠶᠢᠬᠠᠨ ᠤᠷᠠᠳ ᠠᠷᠠᠳ ᠤᠨ ᠳᠠᠭᠤᠤ ᠪᠠᠨ ᠳᠠᠭᠤᠯᠠᠵᠤ᠂ ᠮᠣᠷᠢᠨ ᠬᠤᠭᠤᠷ ᠤᠨ ᠣᠶᠠᠩᠭᠠᠳᠣ ᠬᠦᠭ ᠠᠶᠠᠰ ᠢᠶᠠᠷ᠂ ᠨᠠᠮ ᠪᠣᠯᠣᠨ | ᠡᠬᠡ ᠤᠯᠤᠰ ᠲᠠᠭᠠᠨ ᠬᠠᠨᠳᠤᠭᠤᠯᠤᠭᠰᠠᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠶᠢ ᠬᠠᠷᠠᠭᠤᠯᠣᠨ᠂ ᠨᠤᠲᠤᠭ ᠤᠰᠤᠨ ᠳᠠᠭᠠᠨ ᠬᠠᠨᠳᠤᠭᠤᠯᠤᠭᠰᠠᠨ ᠮᠥᠷᠥᠭᠡᠳᠦᠯ | ᠪᠣᠯᠣᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠳᠠᠭᠤᠯᠠᠪᠠ᠃ | ᠲᠣᠰ ᠤᠳᠠᠭᠠᠨ ᠤ ᠨᠠᠭᠠᠳᠤᠮ ᠤᠨ ᠬᠤᠷᠠᠯ ᠨᠢ ᠬᠤᠶᠠᠷ ᠡᠳᠦᠷ ᠶᠠᠪᠤᠭᠳᠠᠵᠤ᠂ 7 ᠰᠠᠷ᠎ᠠ ᠶᠢᠨ 12 ᠤᠨ ᠡᠳᠦᠷ ᠪᠠᠰᠠ ᠤᠯᠠᠮᠵᠢᠯᠠᠯᠲᠤ ᠮᠣᠷᠢ ᠤᠷᠤᠯᠳᠤᠬᠤ | ᠂ ᠲᠡᠮᠡᠭᠡ ᠤᠷᠤᠯᠳᠤᠬᠤ᠂ ᠪᠥᠬᠡ ᠪᠠᠷᠢᠯᠳᠤᠬᠤ ᠪᠠ ᠰᠤᠷ ᠬᠠᠷᠪᠤᠬᠤ ᠵᠡᠷᠭᠡ ᠤᠷᠤᠯᠳᠤᠭᠠᠨ ᠢ ᠶᠠᠪᠤᠭᠳᠠᠭᠤᠯᠵᠠᠢ᠃ 30 ᠭᠠᠵᠠᠷ ᠤᠨ ᠮᠣᠩᠭᠤᠯ ᠮᠣᠷᠢᠨ ᠤ | ᠣᠷᠣᠯᠳᠣᠭᠠᠨ ᠳᠤ ᠭᠤᠴᠢᠭᠠᠳ ᠮᠣᠷᠢᠳ ᠪᠦᠷᠢᠳᠬᠡᠬᠦᠯᠵᠦ᠂ ᠣᠷᠠᠳ ᠤᠨ ᠬᠤᠶᠢᠳᠣ ᠬᠤᠰᠢᠭᠤᠨ ᠤ ᠵᠠᠯᠠᠭᠤ ᠣᠶᠠᠭᠠᠴᠢ ᠨᠠᠶᠠᠨᠳᠠᠢ ᠶᠢᠨ ᠬᠠᠯᠵᠠᠨ ᠬᠦᠷᠡᠩ ᠮᠣᠷᠢ | ᠮᠠᠩᠨᠠᠢ ᠳᠤ ᠳᠣᠭᠤᠰᠣ ᠦᠬᠡᠢ ᠲᠡᠷᠢᠬᠦᠯᠡᠵᠦ᠂ ᠣᠷᠠᠳ ᠤᠨ ᠬᠤᠶᠢᠳᠣ ᠬᠤᠰᠢᠭᠤᠨ ᠤ ᠬᠦᠬᠡᠴᠦ ᠰᠣᠮᠣᠨ ᠤ ᠣᠣᠪᠣᠯᠠᠭ ᠭᠠᠴᠠᠭᠠᠨ ᠤ ᠵᠠᠯᠠᠭᠤ ᠣᠶᠠᠭᠠᠴᠢ ᠵᠠᠶᠠᠭ᠎ᠠ | ᠶᠢᠨ ᠮᠣᠷᠢ ᠠᠮᠠᠨ ᠬᠦᠵᠦᠬᠦᠳᠡᠵᠦ᠂ ᠣᠷᠠᠳ ᠤᠨ ᠳᠣᠮᠳᠠᠳᠣ ᠬᠤᠰᠢᠭᠤᠨ ᠤ ᠳᠠᠪᠰᠢᠯᠳᠣ ᠶᠢᠨ ᠬᠦᠷᠡᠩ ᠮᠣᠷᠢ ᠠᠶᠢᠷᠠᠭ ᠤᠨ ᠭᠤᠷᠪᠠ ᠳᠤ᠂ ᠣᠣᠪᠣᠯᠠᠭ ᠭᠠᠴᠠᠭᠠᠨ ᠤ | ᠬᠠᠰᠪᠠᠭᠠᠨ᠎ᠠ ᠶᠢᠨ ᠬᠠᠷ᠎ᠠ ᠮᠣᠷᠢ ᠠᠶᠢᠷᠠᠭ ᠤᠨ ᠲᠦᠷᠪᠡ ᠳᠤ᠂ ᠪᠣᠷᠪᠢ ᠭᠠᠴᠠᠭᠠᠨ ᠤ ᠪᠦᠰᠡᠬᠦᠢ ᠣᠶᠠᠭᠠᠴᠢ ᠰᠠᠷᠠᠨ᠎ᠠ ᠶᠢᠨ ᠬᠠᠷ᠎ᠠ ᠮᠣᠷᠢ ᠠᠶᠢᠷᠠᠭ ᠤᠨ ᠳᠠᠪᠤ ᠳᠤ | ᠳᠣᠰ ᠳᠣᠰ ᠬᠤᠷᠳᠣᠯᠠᠵᠣ᠂ ᠣᠶᠠᠭᠰᠠᠨ ᠡᠵᠡᠨ ᠣᠨᠣᠭᠰᠠᠨ ᠬᠡᠦᠬᠡᠳ ᠢᠶᠠᠨ ᠪᠠᠶᠠᠷᠯᠠᠭᠤᠯᠵᠠᠢ᠃ | ᠡᠨᠡ ᠣᠳᠠᠭᠠᠨ ᠤ ᠪᠠᠶᠠᠨᠭᠤᠣᠯ ᠭᠠᠴᠠᠭ᠎ᠠ ᠶᠢᠨ ᠨᠠᠭᠠᠳᠤᠮ ᠤᠨ ᠬᠤᠷᠠᠯ ᠨᠢ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠷᠭᠡᠨ | ᠤᠯᠠᠨ ᠲᠦᠮᠡᠨ ᠳᠤ ᠥᠪᠡᠷ ᠢ ᠪᠠᠨ ᠢᠯᠡᠷᠡᠭᠦᠯᠬᠦ᠂ ᠰᠣᠯᠢᠯᠴᠠᠭ᠎ᠠ ᠪᠠᠨ ᠴᠢᠩᠭᠠᠳᠬᠠᠬᠤ ᠲᠠᠪᠴᠠᠩ ᠬᠠᠩᠭᠠᠵᠠᠢ᠃ ᠡᠭᠦᠨ ᠤ ᠬᠠᠮᠲᠤ ᠪᠠᠰᠠ ᠥᠷᠭᠡᠨ ᠤᠯᠠᠨ | ᠮᠠᠯᠴᠢᠳ ᠢ ᠬᠥᠲᠥᠯᠥᠨ ᠳᠠᠭᠠᠭᠤᠯᠵᠤ ︽ ᠡᠬᠡ ᠪᠠᠶᠢᠭᠠᠯᠢ ᠲᠠᠢ ᠪᠠᠨ ᠵᠣᠬᠢᠴᠠᠵᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ︾ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠬᠠᠮᠲᠤᠪᠠᠷ ᠦᠵᠡᠰᠬᠦᠯᠡᠩᠲᠦ ᠰᠠᠶᠢᠬᠠᠨ ᠪᠣᠯᠭᠠᠨ | ᠴᠣᠭᠴᠠᠯᠠᠬᠤ ᠵᠣᠷᠢᠯᠭ᠎ᠠ ᠳᠤ ᠪᠠᠨ ᠬᠦᠷᠴᠠᠢ᠃ | | ᠠᠯᠳ᠋ᠬᠠᠠᠭᠤᠯᠠ ᠳ᠋ᠦ᠋ ᠴᠦᠨ ᠤᠶᠤᠠᠲᠠᠨᠠ | |