ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/24

       1 ᠰᠠᠷ᠎ᠠ ᠶᠢᠨ 16 ᠤ ᠡᠳᠦᠷ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠬᠤᠰᠢᠭᠤᠨ

 ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ

ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠶᠠᠷ

ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠨᠠᠮ ᠤᠨ

ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ

ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃

        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠬᠤᠶᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠲᠠᠯ᠎ᠠ ᠪᠠᠷ ᠣᠯᠣᠭᠰᠠᠨ ᠠᠭᠤᠤ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ

ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ

ᠢᠨᠵᠧᠨᠧᠷᠢᠩ ᠢ ᠭᠦᠨᠵᠡᠭᠡᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ᠃ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠴᠢᠭᠯᠡᠯᠲᠡ᠂ ᠴᠢᠬᠤᠯᠠ

ᠶᠡᠭᠡ ᠵᠠᠷᠴᠢᠮ᠂ ᠭᠤᠣᠯᠳᠠᠯᠭ᠎ᠠ ᠲᠠᠢ ᠡᠭᠦᠷᠭᠡ ᠶᠢᠨ ᠤᠯᠤᠰ ᠲᠦᠷᠦ ᠶᠢᠨ ᠠᠭᠤᠯᠤᠭᠳᠠᠬᠤᠨ ᠢ ᠪᠠᠲᠤ ᠡᠵᠡᠮᠳᠡᠵᠦ᠂ ᠡᠭᠦᠷᠢᠳᠡ ᠵᠣᠭᠰᠣᠰᠢ ᠦᠭᠡᠢ ᠪᠠᠷᠢᠮᠲᠠᠯᠠᠯ ᠢᠶᠠᠷ

ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭ᠎ᠠ ᠪᠣᠳᠠᠲᠠᠢ ᠠᠬᠢᠭᠤᠯᠬᠤ ᠬᠡᠷᠡᠭᠲᠡᠢ᠃

        ᠬᠤᠷᠠᠯ  ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ᠂ ᠬᠤᠲᠠ  ᠶᠢᠨ

ᠬᠤᠶᠠᠷ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠤᠬᠠᠭᠤᠯᠵᠤ ᠲᠤᠤᠱᠯᠠᠭᠤᠯᠬᠤ  ᠶᠢ ᠣᠳᠣᠬᠠᠨ ᠤ ᠪᠠ ᠬᠤᠶᠢᠰᠢᠳᠠ  ᠶᠢᠨ ᠨᠢᠭᠡ ᠬᠤᠭᠤᠴᠠᠭᠠᠨ ᠤ ᠴᠢᠬᠤᠯᠠ

ᠡᠭᠦᠷᠭᠡ ᠪᠣᠯᠭᠠᠵᠤ᠂ ᠵᠣᠷᠢᠭ ᠰᠠᠨᠠᠭ᠎ᠠ  ᠶᠢ ᠦᠨᠡᠨᠬᠦ ᠰᠠᠶᠢᠲᠤᠷ ᠰᠤᠷᠤᠯᠴᠠᠵᠤ᠂ ᠡᠭᠦᠷᠭᠡ  ᠶᠢ ᠰᠠᠶᠢᠲᠤᠷ ᠡᠵᠡᠮᠳᠡᠨ᠂ ᠨᠠᠶᠢᠳᠠᠪᠤᠷᠢᠵᠢᠭᠤᠯᠤᠯᠲᠠ  ᠶᠢ ᠰᠠᠶᠢᠲᠤᠷ

ᠠᠳᠬᠤᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠰᠣᠶᠣᠯ

ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂

ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠵᠣᠷᠢᠭ

ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃

        ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠪᠠᠳᠤᠭᠠᠷ ᠬᠡᠪᠯᠡᠯ ᠤᠨ ᠣᠨᠣᠰᠢᠯᠠᠨ

ᠡᠮᠨᠡᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ

ᠡᠷᠡᠭᠦᠯ ᠮᠡᠨᠳᠦ ᠶᠢ ᠪᠠᠲᠤᠯᠠᠨ᠂ ᠬᠦᠨᠳᠦ ᠡᠪᠡᠳᠴᠢᠨ ᠬᠢᠵᠢᠭ ᠢ ᠰᠡᠷᠭᠡᠶᠢᠯᠡᠬᠦ ᠬᠡᠷᠡᠭᠲᠡᠢ᠃ ᠡᠮᠴᠢᠯᠡᠭᠡᠨ ᠤ ᠠᠪᠤᠷᠠᠨ ᠵᠠᠰᠠᠬᠤ᠂ ᠡᠮ ᠡᠮᠨᠡᠯᠭᠡ ᠶᠢᠨ ᠡᠬᠢ ᠪᠠᠶᠠᠯᠢᠭ ᠤᠨ

ᠨᠥᠭᠡᠴᠡᠯᠡᠯᠲᠡ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ

ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠨ᠂ ᠠᠪᠤᠷᠠᠨ ᠡᠮᠨᠡᠬᠦ ᠡᠳᠡᠬᠡᠷᠡᠬᠦᠯᠤᠯᠳᠠ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃

        ᠬᠤᠷᠠᠯ ᠠᠴᠠ ᠴᠢᠬᠤᠯᠠᠴᠢᠯᠠᠭᠰᠠᠨ ᠨᠢ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠵᠠᠰᠠᠭ ᠤᠨ ᠣᠷᠳᠣᠨ ᠠᠴᠠ ᠬᠤᠰᠢᠭᠤᠨ ᠤ ᠨᠠᠮ ᠤᠨ

ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠬᠤ ︽ᠡᠭᠦᠷᠭᠡ ᠶᠢᠨ ᠪᠢᠴᠢᠭ︾ ᠪᠣᠯᠤᠭᠰᠠᠨ ᠤ ᠬᠤᠪᠢ ᠳᠤ᠂ ᠪᠦᠭᠦ ᠬᠤᠰᠢᠭᠤᠨ ᠤ

ᠠᠷᠠᠳ ᠲᠦᠮᠡᠨ ᠳᠤ ᠵᠣᠷᠢᠭᠤᠯᠤᠭᠰᠠᠨ ᠲᠥᠪ ᠴᠢᠩᠭ᠎ᠠ ᠠᠮᠠᠯᠠᠯᠲᠠ ᠮᠥᠨ᠂ ᠡᠷᠬᠡᠪᠰᠢ  ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠡᠯ᠎ᠡ ᠰᠤᠮᠤ ᠪᠠᠯᠭᠠᠰᠤ᠂

ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠩᠭ᠎ᠠ ᠲᠦᠭᠰᠢᠭᠦᠷᠢᠲᠦ ᠰᠡᠳᠬᠢᠯᠭᠡ ᠪᠠ

ᠪᠠᠴᠢᠮ ᠲᠤᠯᠭᠠᠮ᠎ᠠ ᠰᠡᠳᠬᠢᠯᠭᠡ ᠶᠢ ᠪᠣᠶ ᠪᠣᠯᠭᠠᠵᠤ᠂ ᠬᠥᠭᠵᠢᠯᠲᠡ ᠶᠢ ᠰᠠᠶᠢᠲᠤᠷ ᠠᠳᠬᠤᠬᠤ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠲᠠᠰᠤᠷᠠᠯᠲᠠ ᠦᠭᠡᠢ

ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠨᠠᠩ ᠥᠨᠳᠥᠷ ᠬᠠᠷᠠᠯᠲᠠ ᠳᠠᠰᠢ ᠤᠷᠤᠭᠰᠢᠯᠠᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠤᠨ ︽

ᠰᠠᠶᠢᠨ ᠡᠬᠢᠯᠡᠯᠲᠡ ᠲᠠᠢ︾  ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃

        ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠡᠳᠦᠷ ᠲᠤᠲᠤᠮ ᠤᠨ

ᠲᠣᠬᠢᠷᠠᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠪᠡᠯᠡ ᠮᠥᠩᠭᠦ ᠰᠠᠯᠭᠠᠨ ᠥᠭᠬᠦ᠂ ᠬᠡᠷᠡᠭᠵᠢᠭᠦᠯᠬᠦ ᠠᠬᠢᠴᠠ ᠵᠡᠷᠭᠡ

ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠬᠦᠷᠢᠶ᠎ᠡ ᠬᠡᠪᠴᠢᠶ᠎ᠡ᠂ ᠲᠤᠰᠬᠠᠢ ᠵᠦᠢᠯ ᠬᠤᠪᠢᠶᠠᠨ ᠶᠡᠷᠦᠩᠬᠡᠶᠢᠯᠡᠨ ᠲᠣᠬᠢᠷᠠᠭᠤᠯᠵᠤ᠂ ᠬᠠᠮᠤᠭ ᠤᠨ ᠶᠡᠭᠡ

ᠴᠢᠷᠮᠠᠶᠢᠯᠭ᠎ᠠ ᠪᠠᠷ ᠢᠶᠠᠨ ᠠᠵᠢᠯ ᠤᠨ ᠬᠤᠭᠤᠴᠠᠭ᠎ᠠ ᠶᠢ ᠲᠦᠷᠭᠡᠳᠬᠡᠵᠦ᠂ ᠲᠥᠷᠥᠯ ᠵᠦᠢᠯ ᠢ ᠡᠷᠲᠡᠬᠡᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ᠃ ᠠᠶᠤᠯᠭᠦᠢ

ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠪᠠᠶᠢᠴᠠᠭᠠᠵᠤ᠂ ᠭᠡᠮ ᠰᠣᠭᠤᠭ ᠢ ᠵᠠᠰᠠᠵᠤ᠂

ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠦᠨᠡᠨᠬᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃

        ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠦ ᠰᠤᠳᠤᠯᠪᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ