| ᠵᠢᠶᠠᠩᠰᠤ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ ᠤᠨ 8 ᠰᠠᠷᠠᠶᠢᠨ 7 ᠤ ᠡᠳᠦᠷ ᠤᠨ ᠮᠡᠳᠡᠭᠡ | ᠶᠢ ᠦᠨᠳᠦᠰᠦᠯᠡᠪᠡᠯ᠂ ᠨᠠᠨᠵᠢᠩ ᠬᠤᠲᠠ ᠶᠢᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠵᠢᠨᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠤᠸᠠ | ᠵᠢᠩ ᠬᠠᠤᠯᠢ ᠰᠠᠬᠢᠯᠭ᠎ᠠ ᠶᠢ ᠬᠦᠨᠳᠦ ᠨᠣᠴᠢᠲᠠᠢ ᠵᠥᠷᠢᠴᠡᠭᠰᠡᠨᠬᠡᠷᠡᠭ ᠲᠤ ᠬᠤᠯᠪᠣᠭᠳᠠᠵᠤ᠂ ᠣᠳᠣᠬᠠᠨ ᠳᠤ ᠵᠢᠶᠠᠩᠰᠤ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠪᠣᠯᠣᠨ ᠬᠢᠨᠠᠨ ᠪᠠᠶᠢᠴᠠᠭᠠᠬᠤ | ᠪᠠᠶᠢᠴᠠᠭᠠᠯᠲᠠ ᠵᠢᠬᠦ᠋ᠯᠢᠶᠡᠪᠡ᠃ | ᠠᠯᠪᠠᠨ ᠲᠠᠯ᠎ᠠ ᠶᠢᠨ ᠲᠣᠪᠴᠢ ᠨᠠᠮᠲᠠᠷ ᠠᠴᠠ ᠦᠵᠡᠪᠡᠯ᠂ ᠬᠤᠸᠠ ᠵᠢᠩ᠂ ᠡᠮᠡᠭᠲᠡᠢ᠂ 1963 ᠣᠨ ᠤ 11ᠰᠠᠷ᠎ᠠ ᠳᠤ ᠳᠦᠷᠦᠵᠡᠶ᠂ ᠬᠢᠲᠠᠳ | ᠦᠨᠳᠦᠰᠦᠲᠡᠨ᠂ ᠵᠢᠶᠠᠩᠰᠤ ᠮᠤᠵᠢ ᠶᠢᠨ ᠶᠠᠩᠵᠸᠤ ᠶᠢᠨ ᠬᠥᠮᠥᠨ᠂ ᠠᠵᠢᠯ ᠤᠨ ᠪᠠᠶᠢᠷᠢᠲ᠋ᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠮᠠᠰᠲ᠋ᠧᠷ | ᠴᠣᠯᠠ ᠲᠠᠢ᠃1985 ᠣᠨ ᠤ 7 ᠰᠠᠷ᠎ᠠ ᠳᠤ ᠠᠵᠢᠯ ᠳ᠋ᠤ᠋ᠣᠷᠣᠵᠤ᠂ 1989 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ | ᠲᠡᠷᠡ ᠨᠠᠨᠵᠢᠩ ᠬᠤᠳᠠ ᠶᠢᠨ ᠭᠠᠳᠠᠭᠠᠳᠤ ᠠᠵᠤ ᠠᠬᠤᠢ ᠠᠷᠠᠯᠵᠢᠶᠠᠨ ᠤ ᠺᠣᠮᠢᠰ ᠤᠨ ᠡᠷᠬᠢᠯᠡᠭᠴᠢ ᠶᠢᠨ ᠲᠤᠰᠠᠯᠠᠭᠴᠢ᠂ᠳᠡᠳ᠋ ᠡᠷᠬᠢᠯᠡᠭᠴᠢ᠂ ᠨᠠᠮ ᠤᠨ | ᠬᠤᠷᠢᠶᠠᠨ ᠤ ᠭᠡᠰᠢᠭᠦᠨ ᠪᠠᠶᠢᠪᠠ ;2001 ᠣᠨ ᠤ 6 ᠰᠠᠷ᠎ᠠ ᠳᠤ ᠨᠠᠨᠵᠢᠩ ᠬᠤᠳᠠ ᠵᠢᠨᠭᠠᠳᠠᠭᠠᠳᠤ ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ | ᠲᠣᠪᠴᠢᠶᠠᠨ ᠤ ᠳᠡᠳ᠋ ᠳᠠᠷᠤᠭ᠎ᠠ᠂ ᠨᠠᠮ ᠤᠨ ᠬᠤᠷᠢᠶᠠᠨ ᠤᠭᠡᠰᠢᠭᠦᠨ ᠤ ᠲᠤᠰᠢᠶᠠᠯ ᠢ ᠬᠠᠷᠢᠭᠤᠴᠠᠪᠠ ; 2003 ᠣᠨ ᠤ 12 ᠰᠠᠷ᠎ᠠ ᠳᠤ ᠵᠢᠶᠠᠩᠰᠤ | ᠮᠤᠵᠢ ᠶᠢᠨ ᠡᠮᠡᠭᠲᠡᠶᠢᠴᠦᠳ ᠦᠨᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠶᠢᠪᠠ ; | 2005ᠣᠨ ᠤ 8 ᠰᠠᠷ᠎ᠠ ᠳᠤ ᠨᠠᠨᠵᠢᠩ ᠬᠤᠳᠠ ᠶᠢᠨ ᠫᠦᠺᠸᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨᠣᠷᠣᠯᠠᠭᠴᠢ ᠳᠠᠷᠤᠭ᠎ᠠ᠂ | ᠨᠠᠨᠵᠢᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠣᠷᠣᠨ ᠤᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠬᠠᠷᠢᠭᠤᠴᠠᠪᠠ ; 2006 ᠣᠨ ᠤ 1 ᠰᠠᠷ᠎ᠠ ᠳᠤ ᠨᠠᠨᠵᠢᠩᠬᠤᠳᠠ ᠶᠢᠨ ᠫᠦᠺᠸᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ᠂ ᠨᠠᠨᠵᠢᠩ ᠤᠨ ᠳᠡᠭᠡᠳᠦᠰᠢᠨᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠵᠢᠨᠲ᠋ᠤᠰᠢᠶᠠᠯ ᠢ ᠬᠠᠷᠢᠭᠤᠴᠠᠪᠠ᠃ | 2008 ᠣᠨ ᠤ 6 ᠰᠠᠷ᠎ᠠ ᠳᠤ᠂ ᠬᠤᠸᠠ ᠵᠢᠩ ᠨᠠᠨᠵᠢᠩ ᠬᠤᠲᠠ ᠶᠢᠨ ᠰᠢᠶᠠ ᠭᠤᠸᠠᠨ ᠲᠣᠭᠤᠷᠢᠭ ᠤᠨ ᠨᠠᠮ ᠤᠨᠬᠤᠷᠢᠶᠠᠨ ᠤ ᠱᠦᠵᠢ ᠶᠢᠨ | ᠲᠤᠰᠢᠶᠠᠯ ᠢ ᠬᠠᠷᠢᠭᠤᠴᠠᠪᠠ ; 2011 ᠣᠨ ᠤ 10 ᠰᠠᠷ᠎ᠠ ᠳᠤ ᠨᠠᠨᠵᠢᠩ ᠬᠤᠲᠠ ᠶᠢᠨ ᠳᠡᠳ᠋ᠲ᠋ᠠᠷᠤᠭ᠎ᠠ᠂ ᠰᠢᠶᠠ ᠭᠤᠸᠠᠨ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ ; 2011ᠣᠨ ᠤ 12 ᠰᠠᠷ᠎ᠠ ᠳᠤ ᠨᠠᠨᠵᠢᠩ ᠬᠤᠲᠠ ᠶᠢᠨ ᠳᠡᠳ᠋ ᠳᠠᠷᠤᠭ᠎ᠠ ᠪᠣᠯᠪᠠ᠃ | 2018 ᠣᠨ ᠤ 7 ᠰᠠᠷ᠎ᠠ ᠳᠤ᠂ ᠲᠡᠷᠡ ᠨᠠᠨᠵᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ᠳᠡᠳ᠋ ᠬᠤᠲᠠ ᠶᠢᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ 2018 ᠣᠨ ᠤ 8 ᠰᠠᠷ᠎ᠠ ᠳᠤ ᠨᠠᠨᠵᠢᠩ ᠬᠤᠲᠠ ᠶᠢᠨ ᠨᠠᠮ ᠤᠨᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃2023 ᠣᠨ ᠤ 7 ᠰᠠᠷ᠎ᠠ ᠳᠤ ᠲᠤᠰᠢᠶᠠᠯ ᠠᠴᠠ ᠨᠢ ᠤᠭᠴᠠᠷᠠᠭᠤᠯᠪᠠ᠂ ᠡᠳᠦᠭᠡ ᠪᠠᠶᠢᠴᠠᠭᠠᠭᠳᠠᠪᠠ᠃ | ᠲᠤᠷᠤᠨ᠎ᠠ | | | | |