ᠤᠦ ᠶᠢᠨ ᠭᠤᠤᠯ ᠰᠤᠮᠤᠨ ᠤ ᠲᠦᠮᠡᠨ ᠮᠦ  ︽ᠴᠢ ᠯᠢᠨ ᠲᠠᠷᠪᠤᠰ︾   ᠤᠨ ᠲᠦᠷᠤᠯ ᠵᠦᠢᠯ ᠨᠢ ᠲᠠᠷᠢᠶᠠᠴᠢᠳ ᠤᠨ  ᠪᠠᠶᠠᠵᠢᠯ ᠤᠨ ᠵᠠᠮ ᠢ ᠥᠷᠭᠡᠳᠬᠡᠵᠡᠢ
ᠨᠡᠶᠢᠲᠡᠯᠡᠭᠰᠡᠨ ᠴᠠᠭ᠄
2023/8/22

       ᠡᠨᠡ ᠵᠢᠯ ᠠᠴᠠ ᠨᠠᠰᠢ᠂ ᠤᠦ ᠶᠢᠨ ᠭᠤᠤᠯ ᠰᠤᠮᠤ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠᠷ ᠬᠠᠷᠠᠯᠲᠠ

ᠪᠣᠯᠭᠠᠵᠤ᠂ ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠳᠤ  ᠴᠢ ᠯᠢᠨ ᠲᠠᠷᠪᠤᠰ  ᠲᠠᠷᠢᠬᠰᠠᠨ ᠪᠠᠶᠢᠨ᠎ᠠ 

᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.8 ᠳ᠋ᠦᠩᠰᠢᠭᠤᠷ ᠲᠥᠭᠦᠷᠢᠭ ᠲᠤ ᠬᠦᠷᠴᠦ᠂ 8000 ᠰᠠᠭᠤᠷᠢ ᠪᠣᠯᠣᠳ ᠭᠤᠯᠳᠤᠩ ᠰᠠᠷᠠᠪᠴᠢ

ᠪᠠᠶᠢᠭᠤᠯᠵᠤ᠂ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠤᠨ ᠬᠠᠮᠢᠶᠠᠷᠤᠯᠲᠠ ᠶᠢ ᠣᠷᠣᠭᠤᠯᠤᠨ ᠠᠪᠴᠢᠷᠠᠵᠤ ᠬᠡᠷᠡᠭᠵᠢᠭᠦᠯᠦᠨ᠂ ᠳᠠᠷᠢᠬᠤ  ᠠᠴᠠ ᠠᠪᠤᠭᠠᠳ

ᠭᠤᠸᠠ ᠬᠤᠷᠢᠶᠠᠬᠤ ᠪᠣᠯᠲᠠᠯ᠎ᠠ ᠵᠥᠪᠬᠡᠨ 80 ᠡᠳᠦᠷ ᠬᠡᠷᠡᠭᠰᠡᠵᠦ᠂ ᠮᠦ ᠪᠦᠷᠢ ᠶᠢᠨ ᠲᠠᠷᠪᠤᠰ ᠤᠨ ᠤᠨᠠᠯᠲᠠ ᠨᠢ 8000 — 12000 ᠵᠢᠩ ᠳᠤ ᠬᠥᠷᠪᠡ᠃

ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠲᠠᠷᠢᠶᠠᠴᠢᠨ ᠡᠷᠦᠬᠡ ᠠᠵᠢᠯ ᠣᠯᠬᠤ ᠳᠤ ᠭᠡᠷ ᠠᠴᠠ ᠪᠠᠨ ᠰᠠᠯᠬᠤ ᠦᠭᠡᠢ᠂ ᠣᠷᠣᠯᠭ᠎ᠠ ᠪᠠᠨ ᠨᠡᠮᠡᠭᠳᠡᠭᠦᠯᠬᠦ ᠳᠤ

ᠲᠣᠰᠬᠤᠨ ᠠᠴᠠ ᠪᠠᠨ ᠰᠠᠯᠬᠤ ᠦᠭᠡᠢ ᠪᠠᠶᠢᠬᠤ ᠶᠢ ᠪᠡᠶᠡᠯᠡᠭᠦᠯᠵᠦ᠂  ᠲᠤᠰ ᠲᠦᠷᠤᠯ ᠵᠦᠢᠯ ᠨᠢ ᠪᠥᠬᠦ ᠰᠤᠮᠤ ᠶᠢᠨ 262 ᠡᠷᠦᠬᠡ 918 ᠲᠠᠷᠢᠶᠠᠴᠢᠨ ᠤ

ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠪᠠ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ