ᠤᠷᠠᠳ ᠤᠨ ᠬᠤᠶᠢᠳᠤ ᠬᠤᠰᠢᠭᠤᠨ ᠤ ᠬᠤᠶᠠᠷ  ᠲᠤᠰᠬᠠᠢ ᠬᠤᠷᠰᠢᠶ᠎ᠠ ᠥᠪᠡᠷᠲᠡᠭᠡᠨ ᠵᠠᠰᠠᠬᠤ ᠣᠷᠣᠨ ᠤ ᠳᠡᠰ ᠤᠨ ᠢᠷᠠᠭᠤ ᠠᠯᠳᠠᠷ ᠢ ᠬᠦᠷᠳᠡᠪᠠ
ᠨᠡᠶᠢᠲᠡᠯᠡᠭᠰᠡᠨ ᠴᠠᠭ᠄
2023/8/28

       ᠣᠶᠢᠷ᠎ᠠ ᠳᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ

ᠬᠢᠭᠡᠳ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠶᠢ ᠦᠨᠡᠯᠡᠨ ᠲᠣᠭᠲᠠᠭᠠᠬᠤ ᠠᠵᠢᠯ ᠤᠨ ᠳᠤᠮᠳᠠ᠂ ᠮᠠᠨ ᠤ ᠬᠤᠰᠢᠭᠤᠨ ᠤ ᠪᠠᠶᠠᠨᠪᠤᠯᠠᠭ

ᠪᠠᠯᠭᠠᠰᠤ ᠶᠢᠨ ᠳ᠋ᠦᠩ ᠱᠧᠩ ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠪᠠ ᠤᠷᠠᠳ ᠤᠨ ᠬᠤᠶᠢᠲᠤ ᠬᠤᠰᠢᠭᠤᠨ ᠤ ᠶᠢᠨ ᠰᠢ

ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠢᠷᠠᠭᠤ ᠠᠯᠳᠠᠷᠲᠠᠢ ᠪᠠᠷ ᠨᠡᠷᠡᠰ ᠤᠨ ᠵᠢᠭᠰᠠᠭᠠᠯᠲᠠ ᠳᠤ ᠣᠷᠣᠭᠰᠠᠨ ᠪᠥᠭᠡᠳ ᠲᠣᠰ ᠲᠣᠰ ᠥᠪᠡᠷᠲᠡᠭᠡᠨ ᠵᠠᠰᠠᠬᠤ

ᠣᠷᠣᠨ ᠤ ᠲᠠᠰ ᠤᠨ ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠠᠪᠤᠨ ᠣᠳᠣᠨ ᠲᠠᠰ

︾ ᠤᠨ ᠨᠡᠶᠢᠲᠡᠯᠢᠭ ᠬᠤᠷᠰᠢᠶ᠎ᠠ ᠪᠠᠷ ᠦᠨᠡᠯᠡᠭᠳᠡᠪᠡ᠃

       ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠪᠣᠯᠣᠨ ᠬᠤᠰᠢᠭᠤᠨ ᠤ ᠵᠠᠰᠠᠭ ᠤᠨ ᠣᠷᠳᠣᠨ ᠬᠠᠩᠭᠠᠨ ᠪᠣᠷᠣᠯᠠᠭᠤᠯᠬᠤ

ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠰᠢᠭᠤᠨ ᠤ ᠳᠠᠭᠠᠭᠤᠯᠤᠨ ᠡᠷᠭᠢᠯᠡᠭᠰᠡᠨ ᠠᠵᠤ ᠠᠬᠤᠶᠢᠯᠠᠯ᠂ ᠬᠤᠷᠰᠢᠶ᠎ᠠ ᠶᠢᠨ ᠵᠢᠯᠣᠭᠤᠳᠤᠯᠭ᠎ᠠ

ᠦᠢᠯᠡᠴᠢᠯᠡᠭᠡ ᠶᠢ ᠢᠳᠡᠪᠬᠢᠲᠡᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠬᠤ ᠪᠠᠷ ᠴᠢᠬᠤᠯᠠ

ᠭᠠᠷᠳᠠᠴᠠ ᠪᠣᠯᠭᠠᠨ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ

ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠵᠢᠯᠤᠭᠤᠳᠬᠤ ᠪᠠ ᠲᠦᠯᠬᠢᠨ ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠴᠢᠩᠭᠠᠳᠬᠠᠪᠠ᠃

        ᠣᠲᠣ ᠪᠣᠯᠲᠠᠯ᠎ᠠ᠂ ᠮᠠᠨ ᠤ ᠬᠤᠰᠢᠭᠤᠨ ᠤ ᠬᠠᠩᠭᠠᠨ ᠪᠣᠷᠣᠯᠠᠭᠤᠯᠬᠤ ᠰᠢᠰᠲ᠋ᠧᠮ ᠳᠤ ᠦᠨᠳᠦᠰᠦᠨ ᠱᠠᠲᠤᠨ ᠤ ᠬᠤᠷᠰᠢᠶ᠎ᠠ 6᠂ ᠳᠠᠭᠠᠭᠤᠯᠤᠨ ᠡᠷᠭᠢᠯᠡᠭᠰᠡᠨ

ᠬᠤᠷᠰᠢᠶᠠᠨ ᠤ ᠥᠮᠴᠢᠯᠡᠯᠲᠦ ᠠᠵᠤ ᠠᠬᠤᠶᠢᠯᠠᠯ 10᠂ ᠳᠠᠭᠠᠭᠤᠯᠤᠨ ᠡᠷᠭᠢᠯᠡᠭᠰᠡᠨ ᠲᠤᠰᠬᠠᠢ ᠬᠤᠷᠰᠢᠶ᠎ᠠ 19 ᠪᠣᠶ᠂ ᠡᠭᠦᠨ ᠳᠤ ᠤᠯᠤᠰ ᠤᠨ ᠲᠠᠰ ᠤᠨ ᠵᠢᠱᠢᠶ᠎ᠡ

ᠦᠵᠡᠭᠦᠯᠬᠦ ᠬᠤᠷᠰᠢᠶᠠᠨ ᠤ ᠲᠤᠰᠬᠠᠢ ᠬᠤᠷᠰᠢᠶ᠎ᠠ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ 2 ᠪᠣᠶ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ