| | 9 ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ | ᠳᠤᠮᠳᠠᠳᠤ ᠤᠯᠤᠰ – ᠮᠣᠩᠭᠤᠯ ᠤᠯᠤᠰ ᠤᠨ ᠦᠵᠡᠰᠬᠦᠯᠡᠩ ᠤᠨ | ᠴᠤᠭᠯᠠᠭᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ | ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ | ᠬᠡᠯᠡᠵᠡᠢ᠃ | ᠳᠠᠶᠢᠴᠢᠨ᠂ ᠳᠤᠮᠳᠠᠳᠤ ᠮᠣᠩᠭᠤᠯ ᠬᠤᠶᠠᠷ ᠤᠯᠤᠰ ᠪᠣᠯ ᠠᠭᠤᠯᠠ | ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ ᠮᠥᠨ᠂ ᠪᠠᠰᠠ | ᠴᠤ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ | ᠰᠠᠶᠢᠨ ᠬᠠᠨᠢᠲᠠᠨ ᠮᠥᠨ᠃ ᠥᠪᠥᠷ ᠮᠣᠩᠭᠤᠯ ᠳᠤᠮᠳᠠᠳᠤ ᠮᠣᠩᠭᠤᠯ ᠤᠨ | ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠬᠠᠮᠤᠭ ᠤᠨ | ᠡᠮᠦᠨ᠎ᠡ ᠡᠩᠨᠡᠭᠡᠨ ᠳᠤ ᠪᠠᠶᠢᠵᠤ᠂ ᠣᠶᠢᠷ᠎ᠠ ᠶᠢᠨ ᠵᠢᠯ ᠳᠤ | ᠮᠣᠩᠭᠤᠯ ᠤᠯᠤᠰ ᠯᠤᠭ᠎ᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠪᠠᠨ | ᠲᠠᠰᠤᠷᠠᠯᠲᠠ ᠦᠭᠡᠢ ᠥᠷᠭᠡᠳᠬᠡᠨ᠂ ᠮᠠᠯ ᠠᠵᠤ ᠠᠬᠤᠢ | ᠲᠠᠷᠢᠶᠠᠯᠠᠩ ᠤᠨ ᠪᠡᠯᠡ ᠣᠷᠤᠭᠤᠯᠤᠯᠲᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠯ ᠠᠵᠤ | ᠠᠬᠤᠢ ᠲᠠᠷᠢᠶᠠᠯᠠᠩ ᠤᠨ ᠮᠡᠷᠭᠡᠵᠢᠯ ᠤᠨ ᠰᠣᠯᠢᠯᠴᠠᠭ᠎ᠠ ᠪᠠᠨ | ᠴᠢᠩᠭᠠᠳᠬᠠᠨ᠂ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ | ᠪᠦᠲᠦᠭᠡᠯ ᠣᠯᠪᠠ᠃ ᠬᠤᠶᠠᠷ ᠲᠠᠯ᠎ᠠ ᠶᠢᠨ ᠬᠥᠷᠰᠢ ᠵᠡᠷᠭᠡᠯᠡᠳᠡᠭᠡ | ᠭᠠᠵᠠᠷ ᠣᠷᠣᠨ᠂ ᠠᠵᠢᠯ ᠨᠢᠭᠡᠲᠡᠨ ᠠᠵᠤ ᠠᠬᠤᠶᠢᠯᠠᠯ ᠡᠨᠡ | ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ | ᠲᠣᠬᠢᠷᠠᠯ ᠪᠣᠯᠭᠠᠵᠤ᠂ ᠣᠶᠢᠯᠠᠭᠠᠯᠴᠠᠭ᠎ᠠ ᠪᠠᠨ | ᠨᠡᠮᠡᠭᠳᠡᠭᠦᠯᠵᠦ᠂ ᠭᠦᠢᠴᠡᠳ ᠵᠣᠯᠭᠠᠭᠤᠯᠵᠤ᠂ ᠭᠦᠨᠵᠡᠭᠡᠢ | ᠵᠥᠪᠳᠡᠯᠴᠡᠵᠦ᠂ ᠨᠥᠬᠦᠷᠯᠡᠯ ᠤᠨ ᠦᠷ᠎ᠡ ᠶᠢ ᠬᠠᠮᠲᠤ ᠪᠠᠷ | ᠦᠨᠳᠦᠰᠦᠯᠡᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ | ᠣᠯᠬᠤ ᠶᠢ ᠬᠦᠰᠡᠵᠦ ᠪᠠᠶᠢᠨ᠎ᠠ ᠭᠡᠪᠡ᠃ | | |