| | | ᠬᠠᠤᠯᠢ ᠪᠤᠰᠤ ᠪᠠᠷ 9415 ᠲᠦᠮᠡ ᠭᠠᠷᠤᠢ ᠲᠥᠭᠦᠷᠢᠭ ᠤᠨ ᠡᠳ᠋ ᠮᠥᠩᠭᠦ ᠬᠦᠯᠢᠶᠡᠨ ᠠᠪᠴᠠᠢ ︕ | | 9 ᠰᠠᠷ᠎ᠠ ᠶᠢᠨ 5 ᠤ ᠡᠳᠦᠷ᠂ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠹᠦᠵᠢᠶᠠᠨ ᠮᠤᠵᠢ ᠶᠢᠨ | ᠰᠢᠶᠠᠮᠧᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠡᠷᠬᠢᠯᠡᠭᠴᠢ ᠴᠧᠨ ᠵᠢᠶᠠ ᠳ᠋ᠦᠩ ᠤᠨ | ᠠᠪᠯᠢᠭᠠᠯᠠᠭᠰᠠᠨ᠂ ᠱᠠᠮᠰᠢᠭᠰᠠᠨ᠂ ᠡᠷᠬᠡ ᠲᠤᠰᠢᠶᠠᠯ ᠵᠶ᠋ᠠᠨᠲ᠋ᠤᠷᠠ ᠪᠠᠷ ᠢᠶᠠᠨ ᠬᠡᠷᠡᠭᠯᠡᠭᠰᠡᠨ ᠬᠡᠷᠡᠭ ᠤᠨ ᠰᠢᠭᠦᠨ ᠲᠠᠰᠤᠯᠤᠯᠲᠠ ᠶᠢ ᠢᠯᠡ ᠪᠠᠷ ᠵᠠᠷᠯᠠᠪᠠ᠃ | ᠵᠠᠭᠠᠯᠳᠤᠭᠳᠠᠭᠴᠢ ᠴᠧᠨ ᠵᠢᠶᠠᠳᠦ᠋ᠩ ᠢ ᠠᠪᠯᠢᠭᠠᠯᠠᠭᠰᠠᠨ ᠶᠠᠯ᠎ᠠ ᠪᠠᠷ ᠬᠤᠭᠤᠴᠠᠭ᠎ᠠ ᠦᠭᠡᠢ ᠬᠤᠷᠢᠬᠤ ᠪᠠᠷ ᠰᠢᠢᠳᠬᠡᠵᠦ᠂ ᠤᠯᠤᠰ ᠲᠥᠷᠥ ᠶᠢᠨ ᠡᠷᠬᠡ ᠶᠢ | ᠨᠢᠨᠠᠰᠤᠨ ᠲᠤᠷᠰᠢ ᠳᠤᠨᠢ ᠬᠠᠰᠤᠵᠤ᠂ ᠬᠤᠪᠢ ᠬᠥᠮᠥᠨ ᠤ ᠪᠥᠬᠦ ᠡᠳ᠋ ᠬᠥᠷᠥᠩᠭᠡ ᠶᠢ ᠨᠢ ᠬᠤᠷᠢᠶᠠᠨ ᠠᠪᠬᠤ ᠪᠠᠷ ᠨᠡᠶᠢᠯᠡᠭᠦᠯᠦᠨᠰᠢᠢᠳᠬᠡᠨᠡ᠂ ᠱᠠᠮᠰᠢᠭᠰᠠᠨ | ᠶᠠᠯ᠎ᠠ ᠪᠠᠷ ᠲᠤᠯᠤᠭᠠᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠦ᠂ ᠠᠷᠠᠳ ᠤᠨ ᠵᠣᠭᠤᠰ ᠢᠶᠠᠷ ᠭᠤᠴᠢᠨ ᠲᠦᠮᠡᠨ ᠲᠥᠭᠦᠷᠢᠭ ᠲᠣᠷᠭᠠᠬᠤ ᠪᠠᠷ ᠨᠡᠶᠢᠯᠡᠭᠦᠯᠦᠨ | ᠰᠢᠢᠳᠬᠡᠨ᠎ᠡ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨᠶᠠᠯᠠ ᠪᠠᠷ ᠨᠠᠢᠮᠠᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠢᠳᠬᠡᠨ᠎ᠡ᠂ ᠢᠩᠭᠢᠭᠡᠳ ᠬᠤᠭᠤᠴᠠᠭ᠎ᠠ | ᠦᠭᠡᠢ ᠬᠤᠷᠢᠬᠤ᠂ ᠤᠯᠤᠰ ᠲᠥᠷᠥ ᠶᠢᠨ ᠡᠷᠬᠡ ᠶᠢ ᠨᠢ ᠨᠠᠰᠤᠨ ᠲᠤᠷᠰᠢ ᠳᠤᠨᠢ ᠬᠠᠰᠤᠬᠤ ᠪᠠᠷ ᠨᠡᠶᠢᠯᠡᠭᠦᠯᠦᠨ ᠰᠢᠢᠳᠬᠡᠵᠦ᠂ ᠬᠤᠪᠢ ᠬᠥᠮᠥᠨ ᠤ ᠪᠥᠬᠦ | ᠡᠳ᠋ᠬᠥ᠋ᠷᠥᠩᠭᠡ ᠶᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠬᠡᠬᠦ ᠪᠠᠷ ᠲᠣᠭᠲᠠᠵᠠᠢ︔ ᠪᠠᠶᠢᠴᠠᠭᠠᠨ ᠪᠢᠲᠡᠭᠦᠮᠵᠢᠯᠡᠭᠰᠡᠨ᠂ᠳᠠᠷᠤᠵᠤ ᠠᠪᠤᠭᠰᠠᠨ ᠶᠠᠯ᠎ᠠ | ᠬᠢᠵᠦ ᠣᠯᠣᠭᠰᠠᠨ ᠡᠳ᠋ ᠬᠤᠭᠰᠢᠯ ᠢ ᠨᠡᠬᠡᠮᠵᠢᠯᠡᠨ ᠲᠤᠰᠢᠶᠠᠯᠭᠠᠵᠤ᠂ ᠱᠠᠮᠰᠢᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠬᠡᠰᠡᠭ ᠢ ᠨᠢ | ᠬᠤᠬᠢᠷᠠᠯ ᠠᠮᠰᠠᠭᠰᠠᠨ ᠨᠢᠭᠡᠴᠢ ᠳᠤ ᠪᠤᠴᠠᠭᠠᠨ ᠥᠭᠴᠦ᠂ ᠠᠪᠯᠢᠭᠠᠯᠠᠭᠰᠠᠨ ᠬᠡᠰᠡᠭ ᠢ ᠨᠢ ᠤᠯᠤᠰ ᠤᠨ ᠰᠠᠩ ᠳᠤ ᠲᠤᠰᠢᠶᠠᠨ᠎ᠠ᠂ ᠳᠤᠲᠠᠭᠤ ᠬᠡᠰᠡᠭ ᠢ ᠨᠢ | ᠦᠷᠭᠦᠯᠵᠢᠯᠡᠨ ᠨᠡᠬᠡᠮᠵᠢᠯᠡᠨ ᠲᠤᠰᠢᠶᠠᠯᠭᠠᠨ᠎ᠠ᠃ | ᠰᠢᠭᠦᠬᠦ ᠪᠠᠷ ᠳᠠᠮᠵᠢᠭᠠᠳ ᠪᠠᠶᠢᠴᠠᠭᠠᠨ ᠲᠣᠳᠣᠯᠠᠭᠰᠠᠨ ᠨᠢ᠄ | 2000 ᠣᠨ ᠠᠴᠠ 2022 ᠣᠨ ᠪᠣᠯᠲᠠᠯ᠎ᠠ᠂ ᠵᠠᠭᠠᠯᠳᠤᠭᠳᠠᠭᠴᠢ ᠴᠧᠨ ᠵᠢᠶᠠ ᠳ᠋ᠦᠩ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠯᠢᠨ | ᡁᠢ ᠲᠤᠰᠬᠠᠢ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠲᠤᠰᠬᠠᠢ ᠣᠷᠣᠨ ᠤ ᠵᠠᠬᠢᠷᠭ᠎ᠠ ᠶᠢᠨ ᠪᠠᠶᠢᠩᠭᠤ ᠶᠢᠨ ᠳᠡᠳ᠋ ᠲᠤᠰᠬᠠᠢ ᠲᠤᠰᠢᠶᠠᠯᠲᠠᠨ᠂ | ᠹᠦᠵᠢᠶᠠᠨ ᠮᠤᠵᠢ ᠶᠢᠨ ᠨᠢᠩᠳᠧ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠹᠦᠵᠢᠶᠠᠨ ᠮᠤᠵᠢ ᠶᠢᠨ ᠤᠢ ᠰᠢᠭᠤᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ᠂ ᠹᠦᠵᠢᠶᠠᠨ ᠮᠤᠵᠢ ᠶᠢᠨ ᠵᠠᠩᠵᠸᠤ ᠬᠤᠳᠠ ᠶᠢᠨ ᠨᠠᠮ ᠤᠨ | ᠬᠤᠷᠢᠶᠠᠨ ᠤ ᠱᠦᠵᠢ᠂ ᠰᠢᠶᠠᠮᠧᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠤ ᠪᠠᠨ ᠲᠤᠰᠢᠶᠠᠯ ᠤᠨ ᠲᠠᠯ᠎ᠠ ᠪᠠᠷ ᠬᠢ | ᠲᠦᠬᠦᠮ ᠨᠥᠬᠦᠴᠡᠯ ᠵᠢᠴᠢ ᠡᠷᠬᠡ ᠲᠤᠰᠢᠶᠠᠯ ᠪᠤᠶᠤ ᠪᠠᠶᠢᠷᠢ ᠰᠠᠭᠤᠷᠢ ᠠᠴᠠ ᠪᠤᠢ ᠪᠣᠯᠤᠭᠰᠠᠨ ᠲᠦᠬᠦᠮ ᠨᠥᠬᠦᠴᠡᠯ ᠢᠶᠠᠨ ᠠᠰᠢᠭᠯᠠᠨ ᠬᠤᠯᠪᠣᠭᠳᠠᠯ ᠪᠦᠬᠦᠢ ᠨᠢᠭᠡᠴᠢ | ᠪᠠ ᠬᠤᠪᠢ ᠬᠥᠮᠥᠨ ᠳᠤ ᠰᠢᠭᠤᠶᠢᠲᠤᠭᠠᠵᠠᠷ ᠢ ᠬᠢᠨᠠᠨ ᠵᠥᠪᠰᠢᠶᠡᠷᠡᠬᠦ᠂ ᠵᠦᠢᠯᠡᠰ ᠢ ᠳᠠᠭᠠᠭᠠᠴᠢᠯᠠᠬᠤ ᠵᠡᠷᠭᠡ ᠤᠴᠢᠷ ᠶᠠᠪᠤᠳᠠᠯ ᠤᠨ ᠲᠠᠯ᠎ᠠ ᠪᠠᠷ | ᠬᠠᠪᠰᠤᠷᠤᠯᠭᠠᠦᠵᠡᠭᠦᠯᠵᠦ᠂ ᠬᠠᠤᠯᠢ ᠪᠤᠰᠤ ᠪᠠᠷ ᠬᠦᠯᠢᠶᠡᠨ ᠠᠪᠤᠭᠰᠠᠨ ᠵᠣᠭᠤᠰ ᠮᠥᠩᠭᠦ ᠡᠳ᠋ ᠪᠣᠳᠠᠰ ᠨᠢ ᠠᠷᠠᠳ ᠤᠨ ᠵᠣᠭᠤᠰ ᠢᠶᠠᠷ ᠨᠤᠭᠤᠯᠵᠤᠪᠤᠳᠤᠪᠠᠯ ᠨᠡᠶᠢᠲᠡ | 9415 ᠲᠦᠮᠡ ᠭᠠᠷᠤᠢ ᠲᠥᠭᠦᠷᠢᠭ ᠲᠤ ᠬᠦᠷᠴᠡᠢ︔ 2015 ᠣᠨ ᠠᠴᠠ 2017 ᠣᠨ ᠪᠣᠯᠲᠠᠯ᠎ᠠ᠂ᠴᠧᠨ ᠵᠢᠶᠠ ᠳ᠋ᠦᠩ ᠵᠠᠩᠵᠸᠤ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠬᠦ ᠲᠠᠯ᠎ᠠ ᠪᠠᠷ ᠬᠢᠲ᠋ᠦ᠋ᠬᠦᠮ ᠢᠶᠠᠨ ᠠᠰᠢᠭᠯᠠᠵᠤ᠂ ᠪᠤᠰᠤᠳ ᠲᠠᠢ ᠬᠠᠮᠲᠤᠷᠠᠨ 341 ᠲᠦᠮᠡ ᠭᠠᠷᠤᠢ | ᠲᠥᠭᠦᠷᠢᠭ ᠠᠷᠠᠳ ᠤᠨ ᠵᠣᠭᠤᠰ ᠤᠨᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠤᠪᠢᠨ ᠳᠠᠭᠠᠨ ᠵᠠᠯᠭᠢᠵᠠᠢ︔2013 ᠣᠨ ᠠᠴᠠ 2014 ᠣᠨ ᠪᠣᠯᠲᠠᠯ᠎ᠠ᠂ | ᠴᠧᠨ ᠵᠢᠶᠠ ᠳ᠋ᠦᠩ ᠵᠠᠩᠵᠸᠤ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨᠬᠤᠭᠤᠴᠠᠭᠠᠨ ᠳᠠᠭᠠᠨ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠣᠭᠲᠠᠭᠠᠯ ᠢ ᠵᠥᠷᠢᠴᠡᠨ ᠨᠡᠭᠡᠭᠡᠨ ᠬᠥᠭᠵᠢᠭᠦᠯᠬᠦ | ᠬᠤᠳᠠᠯᠳᠤᠭᠠᠴᠢᠨ ᠳᠤ ᠪᠠᠷᠢᠯᠭ᠎ᠠ ᠶᠢᠨ ᠵᠣᠭᠤᠰ ᠢ ᠢᠯᠡᠭᠦᠦ ᠥᠭᠴᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ 1.9 ᠳ᠋ᠦᠩᠰᠢᠭᠤᠷ ᠭᠠᠷᠤᠢ | ᠲᠥᠭᠦᠷᠢᠭ ᠤᠨ ᠬᠤᠬᠢᠷᠠᠯ ᠤᠴᠠᠷᠠᠭᠤᠯᠪᠠ᠃ | ᠨᠠᠨᠴᠠᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠦᠵᠡᠬᠦ ᠪᠠᠷ᠂ ᠵᠠᠭᠠᠯᠳᠤᠭᠳᠠᠭᠴᠢ ᠴᠧᠨ ᠵᠢᠶᠠ ᠳ᠋ᠦᠩ ᠤᠨ ᠦᠶᠯᠡ | ᠠᠵᠢᠯᠯᠠᠭ᠎ᠠ ᠨᠢ ᠠᠪᠯᠢᠭᠠᠯᠠᠭᠰᠠᠨ ᠶᠠᠯ᠎ᠠ᠂ ᠱᠠᠮᠰᠢᠭᠰᠠᠨ ᠶᠠᠯ᠎ᠠ ᠪᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠣᠯᠵᠤ ᠪᠦᠷᠢᠯᠳᠦᠪᠡ᠂ | ᠠᠪᠯᠢᠭᠠᠯᠠᠭᠰᠠᠨ᠂ ᠱᠠᠮᠰᠢᠭᠰᠠᠨ ᠲᠤᠭ᠎ᠠ ᠬᠡᠮᠵᠢᠶ᠎ᠡ ᠨᠢ ᠯᠤᠲᠤ ᠶᠡᠭᠡ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠦᠶᠯᠡ ᠪᠠᠶᠢᠳᠠᠯ ᠨᠢ ᠣᠨᠴᠠᠭᠠᠶ ᠬᠦᠨᠳᠦ | ᠨᠣᠴᠢᠲᠠᠢ ᠶᠤᠮ᠃ ᠭᠡᠪᠡᠴᠦᠴᠧᠨ ᠵᠢᠶᠠ ᠳ᠋ᠦᠩ ᠤᠨ ᠨᠢᠭᠡ ᠬᠡᠰᠡᠭ ᠠᠪᠯᠢᠭᠠᠯᠠᠭᠰᠠᠨ ᠶᠠᠪᠤᠳᠠᠯ ᠨᠢ ᠲᠠᠲᠠᠮᠠᠭ ᠠᠵᠢᠯᠯᠠᠭ᠎ᠠ᠂ ᠱᠠᠮᠰᠢᠭᠰᠠᠨ ᠶᠠᠪᠤᠳᠠᠯ ᠨᠢ | ᠪᠡᠶ᠎ᠡ ᠪᠠᠨ ᠲᠤᠰᠢᠶᠠᠭᠰᠠᠨ ᠶᠠᠪᠤᠳᠠᠯ ᠪᠣᠯᠬᠤ ᠪᠦᠭᠡᠳ ᠲᠡᠭᠦᠨ ᠢ ᠪᠠᠷᠢᠪᠴᠢᠯᠠᠨ ᠠᠪᠴᠢᠷᠠᠭᠰᠠᠨ ᠤ ᠳᠠᠷᠠᠭ᠎ᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠠᠷᠠᠬᠠᠨ | ᠡᠵᠡᠮᠰᠢᠭᠡ ᠦᠭᠡᠢ ᠠᠪᠯᠢᠭᠠᠯᠠᠭᠰᠠᠨ ᠶᠡᠬᠡᠩᠬᠢ ᠪᠣᠳᠠᠲᠤ ᠬᠡᠷᠡᠭ ᠢᠶᠠᠨ ᠰᠠᠨᠠᠭᠠᠴᠢᠯᠠᠭ᠎ᠠ ᠠᠴᠠ ᠪᠠᠨᠲ᠋ᠤᠰᠢᠶᠠᠵᠤ᠂ ᠶᠠᠯ᠎ᠠ ᠪᠠᠨ ᠮᠡᠳᠡᠷᠡᠵᠦ ᠶᠠᠯ᠎ᠠ ᠪᠠᠨ ᠭᠡᠮᠰᠢᠨ᠂ | ᠪᠤᠵᠠᠷ ᠡᠳ᠋ ᠢᠶᠠᠨ ᠢᠳᠡᠪᠬᠢᠲᠡᠢ ᠪᠠᠷ ᠪᠤᠴᠠᠭᠠᠭᠰᠠᠨ ᠪᠣᠯᠬᠤᠷ ᠠᠪᠯᠢᠭᠠᠯᠠᠭᠰᠠᠨ ᠶᠠᠯ᠎ᠠ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠶᠢ ᠨᠢ | ᠬᠥᠩᠭᠡᠨ ᠢᠶᠠᠷ ᠰᠢᠢᠳᠬᠡᠵᠦ᠂ ᠱᠠᠮᠰᠢᠭᠰᠠᠨ ᠶᠠᠯ᠎ᠠ ᠶᠢ ᠨᠢ ᠬᠥᠩᠭᠡᠷᠡᠭᠦᠯᠦᠨ ᠰᠢᠢᠳᠬᠡᠵᠦ ᠪᠣᠯᠣᠨ᠎ᠠ᠃ ᠢᠩᠭᠢᠭᠡᠳ ᠰᠢᠭᠦᠬᠦ ᠲᠢᠩᠬᠢᠮ ᠠᠴᠠ ᠳᠡᠭᠡᠷ᠎ᠡ ᠳᠤᠷᠠᠳᠤᠭᠰᠠᠨ | ᠰᠢᠭᠦᠨ ᠲᠠᠰᠤᠯᠤᠯᠲᠠ ᠶᠢ ᠭᠠᠷᠭᠠᠵᠠᠢ᠃ | | | | | |