| ᠡᠨᠡ ᠵᠢᠯ᠂ ᠤᠷᠠᠳ ᠤᠨ ᠬᠤᠶᠢᠲᠤ ᠬᠤᠰᠢᠭᠤ ᠪᠥᠬᠦ ᠬᠤᠲᠠ ᠶᠢᠨ ᠬᠡᠪᠴᠢᠶᠡᠨ ᠳᠤ ᠭᠤᠪᠢ ᠶᠢᠨ ᠤᠯᠠᠭᠠᠨ ᠲᠡᠮᠡᠭᠡᠨ ᠤ ᠳᠠᠭᠠᠳᠬᠠᠯ ᠤᠨ ᠲᠤᠷᠰᠢᠯᠲᠠ ᠶᠢᠨ | ᠠᠵᠢᠯ ᠢ ᠤᠷᠢᠳᠠᠪᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠡᠮᠡᠭᠡᠨ ᠤ ᠳᠠᠭᠠᠳᠬᠠᠯ ᠢ ᠲᠤᠬᠠᠢ ᠶᠢᠨ ᠭᠠᠵᠠᠷ ᠲᠤ ᠠᠮᠵᠢᠯᠲᠠ ᠲᠠᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠪᠢ ᠶᠢᠨ ᠤᠯᠠᠭᠠᠨ ᠲᠡᠮᠡᠭᠡᠨ ᠤ ᠠᠵᠤ ᠦᠢᠯᠡᠰ ᠤᠨ ᠨᠠᠩ ᠰᠠᠶᠢᠨ ᠬᠥᠭᠵᠢᠯᠲᠡ ᠳᠤ ᠬᠦᠴᠦ ᠨᠡᠮᠡᠷᠢᠯᠡᠬᠦ ᠶᠢᠨ | ᠬᠠᠮᠲᠤ ᠲᠡᠵᠢᠭᠡᠨ ᠦᠷᠡᠵᠢᠭᠦᠯᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠮᠠᠯᠴᠢᠳ ᠤᠨ ᠲᠡᠮᠡᠭᠡ ᠠᠷᠠᠴᠢᠯᠠᠬᠤ ᠢᠳᠡᠪᠬᠢᠵᠢᠯ ᠢ ᠲᠠᠶᠢᠴᠢᠯᠠᠬᠰᠠᠨ ᠪᠠᠶᠢᠨ᠎ᠠ᠃ | ᠤᠷᠠᠳ ᠤᠨ ᠬᠤᠶᠢᠲᠤ ᠬᠤᠰᠢᠭᠤᠨ ᠤ ᠬᠦᠬᠡᠴᠤ ᠰᠤᠮᠤ ᠶᠢᠨ ᠮᠠᠨᠳᠤᠯ᠎ᠠ ᠭᠠᠴᠠᠭ᠎ᠠ ᠶᠢᠨ ᠮᠠᠯᠴᠢᠨ ᠸᠠᠩ ᠵᠢᠢ ᠰᠢᠶᠠᠩ 6 ᠰᠠᠷ᠎ᠠ ᠶᠢᠨ ᠰᠡᠭᠦᠯᠴᠢ ᠪᠠᠷ | ᠭᠡᠷ ᠤᠨ ᠢᠶᠠᠨ 15 ᠲᠡᠮᠡᠭᠡ ᠳᠤ ᠳᠠᠭᠠᠳᠬᠠᠯ ᠬᠤᠳᠠᠯᠳᠤᠨ ᠠᠪᠴᠤ ᠥᠭᠴᠡᠢ ᠃ ᠣᠶᠢᠷ᠎ᠠ ᠶᠢᠨ ᠡᠳᠦᠷ ᠲᠡᠳᠡᠨ ᠤ ᠨᠢᠭᠡ ᠲᠡᠮᠡᠭᠡ ᠴᠢᠨ᠋ᠸ᠎ᠠ ᠶᠢᠨ ᠬᠦᠨᠤᠬᠡᠯ ᠠᠴᠠ | ᠪᠣᠯᠵᠤ ᠦᠬᠦᠪᠡ᠂ ᠡᠬᠦᠨ ᠳᠤ᠂ ᠳ᠋ᠠ ᠳ᠋ᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠷᠠᠳ ᠤᠨ ᠬᠤᠶᠢᠲᠤ | ᠬᠤᠰᠢᠭᠤᠨ ᠤ ᠰᠠᠯᠪᠤᠷᠢ ᠺᠣᠮᠫᠠᠨᠢ ᠠᠴᠠ ᠲᠤᠬᠠᠢ ᠶᠢᠨ ᠲᠠᠯᠠᠪᠤᠷ ᠲᠤ ᠬᠦᠷᠴᠤ ᠬᠠᠶᠢᠨ ᠪᠠᠶᠢᠴᠠᠭᠠᠬᠤ ᠪᠠᠷ ᠳᠡᠮᠵᠢᠨ ᠲᠣᠰ ᠲᠡᠮᠡᠭᠡ ᠶᠢ ᠨᠢᠭᠡᠨᠲᠡ ᠳᠠᠭᠠᠳᠬᠠᠯ ᠳᠤ | ᠣᠷᠣᠭᠤᠯᠤᠭᠰᠠᠨ ᠢ ᠲᠣᠳᠣᠯᠠᠵᠤ᠂ ᠲᠡᠷᠡ ᠳᠠᠷᠤᠢ ᠳᠤᠨᠢ ᠸᠠᠩ ᠵᠢᠢ ᠰᠢᠶᠠᠩ ᠳᠤ ᠲᠥᠯᠥᠪᠦᠷᠢ ᠤᠯᠭᠤᠬᠤ ᠪᠠᠷ ᠲᠤᠬᠳᠠᠬᠰᠠᠨ ᠪᠠᠶᠢᠨ᠎ᠠ᠃ | ︽ᠲᠡᠮᠡᠭᠡᠨ ᠳᠤ ᠳᠠᠭᠠᠳᠬᠠᠯ ᠬᠤᠳᠠᠯᠳᠤᠨ ᠠᠪᠤᠭᠰᠠᠨ ᠤ ᠳᠠᠷᠠᠭ᠎ᠠ᠂ ᠪᠢᠳᠡ ᠪᠠᠰᠠ ᠢᠯᠡᠭᠦᠦ ᠨᠢᠭᠡ ᠪᠠᠲᠤᠯᠠᠭ᠎ᠠ ᠣᠯᠪᠠ᠂ ᠬᠡᠷᠪᠡ ᠲᠡᠮᠡᠭᠡ ᠡᠶᠢᠮᠦ ᠰᠠᠨᠠᠭᠠᠨ ᠳᠤ | ᠦᠭᠡᠢ ᠦᠬᠦᠪᠡᠯ᠂ ᠪᠢᠳᠡ ᠳᠠᠷᠤᠢ ᠵᠣᠬᠢᠬᠤ ᠲᠥᠯᠥᠪᠦᠷᠢ ᠣᠯᠵᠤ ᠪᠣᠯᠣᠨ᠎ᠠ᠂ ᠥᠩᠭᠡᠷᠡᠭᠰᠡᠨ ᠳᠤ ᠳᠠᠭᠠᠳᠬᠠᠯ ᠪᠠᠶᠢᠭᠰᠠᠨ ᠦᠭᠡᠢ ᠪᠣᠯ ᠪᠢᠳᠡᠨ ᠤ ᠬᠤᠬᠢᠷᠠᠯ ᠢ ᠴᠥᠮ | ᠥᠪᠡᠷ ᠢᠶᠠᠨ ᠳᠠᠭᠠᠭᠠᠨ᠎ᠠ᠂ ᠣᠲᠣ ᠳᠠᠭᠠᠳᠬᠠᠯ ᠲᠠᠢ ᠪᠣᠯᠤᠭᠰᠠᠨ ᠤ ᠳᠠᠷᠠᠭ᠎ᠠ ᠪᠢᠳᠡᠨ ᠤ ᠬᠤᠬᠢᠷᠠᠯ ᠶᠡᠭᠡ ᠪᠠᠷ ᠪᠠᠭᠠᠰᠪᠠ᠂ ᠡᠨᠡ ᠨᠢ ᠪᠢᠳᠡᠨ ᠤ ᠲᠡᠵᠢᠭᠡᠨ | ᠦᠷᠡᠵᠢᠭᠦᠯᠬᠦ ᠦᠢᠯᠡᠰ ᠢ ᠬᠥᠭᠵᠢᠭᠦᠯᠬᠦ ᠢᠲᠡᠭᠡᠯ ᠵᠣᠷᠢᠭ ᠢ ᠤᠯᠠᠮ ᠪᠠᠲᠤᠳᠬᠠᠵᠠᠢ︾ ᠭᠡᠵᠦ ᠸᠠᠩ ᠵᠢᠢ ᠰᠢᠶᠠᠩ ᠬᠡᠯᠡᠪᠡ᠃ | ᠤᠷᠠᠳ ᠤᠨ ᠬᠤᠶᠢᠲᠤ ᠬᠤᠰᠢᠭᠤᠨ ᠤ ᠭᠤᠪᠢ ᠶᠢᠨ ᠤᠯᠠᠭᠠᠨ ᠲᠡᠮᠡᠭᠡᠨ ᠤ ᠳᠠᠭᠠᠳᠬᠠᠯ ᠤᠨ ᠲᠤᠷᠰᠢᠯᠲᠠ ᠶᠢᠨ ᠠᠵᠢᠯ ᠢ ᠡᠨᠡ ᠵᠢᠯ ᠤᠨ ᠡᠬᠢᠨ ᠠᠴᠠ ᠡᠬᠢᠯᠡᠨ | ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠲᠡᠮᠡᠭᠡᠨ ᠳᠤ 6 ᠰᠠᠷ᠎ᠠ ᠠᠴᠠ ᠳᠡᠭᠡᠭᠰᠢ᠂ 20 ᠨᠠᠰᠤᠨ ᠠᠴᠠ ᠳᠣᠷᠣᠭᠰᠢᠬᠢ ᠤᠷᠠᠳ ᠤᠨ ᠬᠤᠶᠢᠲᠤ | ᠬᠤᠰᠢᠭᠤᠨ ᠤ ᠬᠡᠪᠴᠢᠶᠡᠨ ᠳᠤ ᠲᠡᠵᠢᠭᠡᠨ ᠦᠷᠡᠵᠢᠭᠦᠯᠦᠭᠰᠡᠨ ᠨᠠᠰᠤᠨ ᠳᠤ ᠬᠦᠷᠦᠭᠰᠡᠨ ᠲᠡᠮᠡᠭᠡ ᠪᠠ ᠪᠤᠳᠤᠭᠤ ᠪᠠᠭᠲᠠᠨ᠎ᠠ᠂ ᠳᠠᠭᠠᠳᠬᠠᠯ ᠤᠨ ᠰᠦᠢᠳᠬᠡᠯ ᠨᠢ | ᠨᠠᠰᠤᠨ ᠳᠤ ᠬᠦᠷᠦᠭᠰᠡᠨ ᠲᠡᠮᠡᠭᠡ ᠨᠢᠭᠡ ᠪᠦᠷᠢ ᠳᠤ 192 ᠲᠥᠭᠦᠷᠢᠭ᠂ ᠪᠤᠳᠤᠭᠤ ᠨᠢᠭᠡ ᠪᠦᠷᠢ ᠳᠤ 96 ᠲᠥᠭᠦᠷᠢᠭ ᠪᠠᠶᠢᠵᠤ᠂ ᠳᠠᠭᠠᠳᠬᠠᠯ ᠤᠨ ᠰᠦᠢᠳᠬᠡᠯ ᠢ | ᠮᠠᠯᠴᠢᠳ ᠥᠪᠡᠰᠦᠪᠡᠨ 40% ᠪᠠᠷ ᠭᠠᠷᠭᠠᠵᠤ᠂ ᠵᠠᠰᠠᠭ ᠤᠨ ᠣᠷᠳᠣᠨ ᠠᠴᠠ 60% ᠪᠠᠷ ᠨᠥᠬᠦᠪᠦᠷᠢᠯᠡᠵᠦ᠂ ᠪᠠᠲᠤᠯᠠᠭ᠎ᠠ ᠶᠢᠨ ᠬᠤᠭᠤᠴᠠᠭ᠎ᠠ ᠨᠢ ᠨᠢᠭᠡ ᠵᠢᠯ | ᠪᠣᠯᠣᠨ᠎ᠠ᠃ ᠳᠠᠭᠠᠳᠬᠠᠯ ᠤᠨ ᠬᠤᠭᠤᠴᠠᠭᠠᠨ ᠳᠤ᠂ ᠳᠠᠭᠠᠳᠬᠠᠯ ᠳᠤ ᠣᠷᠣᠭᠰᠠᠨ ᠲᠡᠮᠡᠭᠡᠨ ᠳᠤ ᠬᠦᠨᠳᠦ ᠶᠡᠭᠡ ᠡᠪᠡᠳᠴᠢᠨ ᠡᠮᠭᠡᠭ᠂ ᠰᠠᠨᠠᠭᠠᠨ ᠳᠤ ᠦᠭᠡᠢ ᠠᠳᠡᠯ᠂ | ᠪᠠᠶᠢᠭᠠᠯᠢ ᠶᠢᠨ ᠭᠠᠮᠰᠢᠭ᠂ ᠪᠡᠷᠬᠡ ᠬᠥᠩᠭᠡᠵᠢᠯᠲᠡ᠂ ᠴᠢᠨ᠋ᠸ᠎ᠠ ᠶᠢᠨ ᠬᠥᠨᠥᠭᠡᠯ ᠵᠡᠷᠭᠡ ᠵᠣᠷᠢᠭᠤᠳᠠ ᠪᠤᠰᠤ ᠰᠢᠯᠲᠠᠭᠠᠨ ᠠᠴᠠ ᠪᠣᠯᠵᠤ ᠦᠬᠦᠭᠰᠡᠨ ᠪᠠᠶᠢᠪᠠᠯ᠂ ᠨᠠᠰᠤᠨ ᠳᠤ | ᠭᠦᠷᠦᠭᠰᠡᠨ ᠲᠡᠮᠡᠭᠡ 8000 ᠲᠥᠭᠦᠷᠢᠭ ᠪᠠ ᠪᠤᠳᠤᠭᠤ 4000 ᠲᠥᠭᠦᠷᠢᠭ ᠤᠨ ᠲᠥᠯᠥᠪᠦᠷᠢ ᠣᠯᠵᠤ ᠪᠣᠯᠣᠨ᠎ᠠ᠃ | ᠳᠠᠭᠠᠳᠬᠠᠯ ᠤᠨ ᠺᠣᠮᠫᠠᠨᠢ ᠶᠢᠨ ᠠᠵᠢᠯᠲᠠᠨ ᠰᠤᠷᠪᠤᠯᠵᠢᠯᠠᠭᠴᠢ ᠳᠤ᠄ ︽ᠲᠡᠮᠡᠭᠡ ᠰᠠᠨᠠᠭᠠᠨ ᠳᠤ ᠦᠭᠡᠢ ᠪᠠᠷ ᠦᠬᠦᠪᠡᠯ᠂ ᠮᠠᠯᠴᠢᠳ ᠲᠥᠯᠥᠪᠦᠷᠢ ᠠᠪᠬᠤ ᠪᠠᠷ | ᠭᠤᠶᠤᠴᠢᠯᠠᠭᠰᠠᠨ ᠤ ᠳᠠᠷᠠᠭ᠎ᠠ ᠲᠥᠯᠥᠪᠦᠷᠢ ᠶᠢᠨ ᠵᠣᠭᠤᠰ ᠢ ᠬᠠᠮᠤᠭ ᠬᠤᠷᠳᠤᠨ ᠳᠠᠭᠠᠨ ᠬᠤᠶᠠᠷ ᠠᠵᠢᠯᠯᠠᠬᠤ ᠡᠳᠦᠷ ᠤᠨ ᠳᠣᠲᠣᠷ᠎ᠠ ᠳᠠᠩᠰᠠᠨ ᠳᠤ ᠤᠷᠤᠭᠤᠯᠤᠨ᠎ᠠ | ︾ ᠬᠡᠪᠠ᠃ | ᠭᠤᠪᠢ ᠶᠢᠨ ᠤᠯᠠᠭᠠᠨ ᠲᠡᠮᠡᠭᠡᠨ ᠤ ᠠᠵᠤ ᠦᠢᠯᠡᠰ ᠪᠣᠯ ᠤᠷᠠᠳ ᠤᠨ ᠬᠤᠶᠢᠲᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ | ᠠᠵᠤ ᠦᠢᠯᠡᠰ ᠤᠨ ᠨᠢᠭᠡ ᠪᠣᠯᠣᠨ᠎ᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠮᠠᠯᠴᠢᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠬᠦᠴᠦᠲᠦ ᠬᠥᠳᠡᠯᠭᠡᠭᠦᠷ ᠪᠤᠯᠬᠤ ᠶᠤᠮ᠂ ᠲᠣᠰ ᠤᠳᠠᠭ᠎ᠠ ᠤᠷᠠᠳ ᠤᠨ ᠬᠤᠶᠢᠲᠤ ᠬᠤᠰᠢᠭᠤᠨ ᠤ ᠬᠢᠨ ᠭᠤᠪᠢ ᠶᠢᠨ ᠤᠯᠠᠭᠠᠨ ᠲᠡᠮᠡᠭᠡᠨ ᠤ | ᠳᠠᠭᠠᠳᠬᠠᠯ ᠤᠨ ᠲᠤᠷᠰᠢᠯᠲᠠ ᠶᠢᠨ ᠴᠢᠭ᠋ ᠤᠨ ᠠᠵᠢᠯ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠣᠯᠠᠨ ᠡᠰᠢᠲᠦ ᠳᠠᠭᠠᠳᠬᠠᠯ ᠤᠨ ᠬᠡᠷᠡᠭᠴᠡᠭᠡ ᠶᠢ ᠬᠠᠩᠭᠠᠵᠤ᠂ | ᠮᠠᠯᠴᠢᠳ ᠤᠨ ᠲᠡᠵᠢᠭᠡᠨ ᠦᠷᠡᠵᠢᠭᠦᠯᠬᠦ ᠠᠶᠤᠯ ᠲᠦᠭᠰᠢᠭᠦᠷᠢ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠮᠠᠯ ᠠᠵᠤ ᠠᠬᠤᠢ ᠶᠢᠨ ᠳᠠᠭᠠᠳᠬᠠᠯ ᠢ ᠲᠣᠭᠲᠠᠭᠤᠨ ᠢᠶᠠᠷ | ᠡᠬᠢᠯᠡᠭᠦᠯᠬᠦ ᠪᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠰᠠᠶᠢᠨ ᠣᠷᠴᠢᠯ ᠢ ᠪᠡᠶᠡᠯᠡᠭᠦᠯᠵᠦ᠂ ᠲᠠᠷᠢᠶᠠᠯᠠᠩ | ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠴᠢᠳᠠᠭᠰᠠᠨ ᠪᠠᠶᠢᠨ᠎ᠠ᠃ | ︽ᠣᠲᠣ ᠪᠣᠯᠲᠠᠯ᠎ᠠ᠂ ᠨᠡᠶᠢᠲᠡ 4596 ᠲᠤᠯᠤᠭᠠᠢ ᠭᠤᠪᠢ ᠶᠢᠨ ᠤᠯᠠᠭᠠᠨ ᠲᠡᠮᠡᠭᠡ ᠶᠢ ᠳᠠᠭᠠᠳᠬᠠᠯ ᠳᠤ ᠤᠷᠤᠭᠤᠯᠵᠤ᠂ ᠪᠤᠰᠤᠳ ᠲᠡᠮᠡᠭᠡ ᠪᠠᠰᠠ | ᠵᠠᠯᠭᠠᠭ᠎ᠠ ᠪᠠᠷ ᠳᠠᠭᠠᠳᠬᠠᠯ ᠳᠤ ᠤᠷᠤᠭᠤᠯᠵᠤ ᠪᠠᠶᠢᠨ᠎ᠠ᠂ ᠣᠳᠣᠬᠠᠨ ᠳᠤ ᠨᠡᠶᠢᠲᠡ 19 ᠤᠳᠠᠭ᠎ᠠ ᠶᠢᠨ 15.2 ᠲᠦᠮᠡᠨ ᠲᠥᠭᠦᠷᠢᠭ ᠤᠨ ᠲᠥᠯᠥᠪᠦᠷᠢ ᠥᠭᠴᠦ᠂ | ᠭᠤᠪᠢ ᠶᠢᠨ ᠤᠯᠠᠭᠠᠨ ᠲᠡᠮᠡᠭᠡ ᠲᠡᠵᠢᠭᠡᠬᠦ ᠳᠠᠭᠠᠳᠬᠠᠯ ᠢ ᠬᠡᠷᠡᠭᠵᠢᠭᠦᠯᠦᠭᠰᠡᠨ ᠨᠢ ᠭᠤᠪᠢ ᠶᠢᠨ ᠤᠯᠠᠭᠠᠨ ᠲᠡᠮᠡᠭᠡ ᠲᠡᠵᠢᠭᠡᠨ ᠦᠷᠡᠵᠢᠭᠦᠯᠬᠦ ᠶᠠᠪᠤᠴᠠ ᠳᠤ ᠣᠷᠣᠰᠢᠵᠤ | ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠢᠯᠵᠢᠭᠦᠯᠦᠨ ᠥᠭᠴᠦ᠂ ᠲᠡᠵᠢᠭᠡᠨ ᠦᠷᠡᠵᠢᠭᠦᠯᠬᠦ ᠡᠷᠦᠬᠡ ᠳᠤ ᠬᠠᠮᠤᠭ ᠤᠨ ᠶᠡᠭᠡ ᠠᠶᠤᠯ ᠲᠦᠭᠰᠢᠭᠦᠷᠢ ᠶᠢᠨ | ᠪᠠᠲᠤᠯᠠᠭ᠎ᠠ ᠶᠢ ᠠᠪᠴᠢᠷᠠᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠭᠰᠠᠨ ᠪᠠᠶᠢᠨ᠎ᠠ︾ ᠭᠡᠵᠦ ᠤᠷᠠᠳ ᠤᠨ ᠬᠤᠶᠢᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠦ᠋ ᠽᠢ ᠢ ᠦᠬᠦᠯᠠᠨᠠ᠃ |