ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ 《2024 ᠣᠨ ᠤ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠨᠦᠬᠡᠴᠠ ᠲᠥᠷᠥᠯ ᠵᠦᠢᠯ ᠢ  ᠲᠠᠳᠠᠨ ᠤᠷᠤᠭᠤᠯᠬᠤ ᠲᠤᠬᠠᠢ 》 ᠮᠡᠳᠡᠭᠳᠠᠯ
ᠨᠡᠶᠢᠲᠡᠯᠡᠭᠰᠡᠨ ᠴᠠᠭ᠄
2023/9/20

ᠡᠯ᠎ᠡ ᠰᠤᠮᠤ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ

ᠰᠠᠯᠠᠭ᠎ᠠ ᠮᠥᠴᠢᠷ ᠲᠤ᠄

        ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠨᠦᠬᠡᠴᠠ ᠲᠥᠷᠥᠯ ᠵᠦᠢᠯ  ᠢ ᠲᠠᠳᠠᠨ ᠤᠷᠤᠭᠤᠯᠬᠤ ᠠᠵᠢᠯ ᠢ ᠪᠥᠬᠦ ᠲᠠᠯ᠎ᠠ ᠪᠠᠷ

ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠳᠠᠪᠠᠭᠤᠯᠢᠭ ᠢ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠠᠵᠤ ᠦᠢᠯᠡᠰ ᠤᠨ

ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ‍ ᠨᠢᠭᠡ ᠪᠦᠯᠦᠭ ᠰᠢᠯᠢᠳᠡᠭ ᠲᠥᠷᠥᠯ ᠵᠦᠢᠯ ᠢ ᠲᠥᠰᠥᠪᠯᠡᠵᠦ᠂ 2024 ᠣᠨ ᠳᠤ

ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠥᠨᠳᠥᠷ ᠦᠷ᠎ᠡ ᠪᠦᠲᠦᠮᠵᠢᠲᠡᠶ ᠪᠠᠷ

ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃

         ᠨᠢᠭᠡ᠂ ᠠᠵᠢᠯ ᠤᠨ ᠬᠠᠷᠠᠯᠲᠠ

      《ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠠᠬᠢᠭᠤᠯᠬᠤ ᠲᠤᠬᠠᠢ

ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠪᠠᠶᠠᠨᠨᠠᠭᠤᠷ ᠠᠯᠪᠠᠨ ᠥᠰᠥᠭ ﹇2022﹈ 104  ᠳ᠋ᠤᠬᠡᠷ

ᠲᠣᠭᠠᠲᠤ︶ ︽ᠤᠷᠠᠳ ᠤᠨ ᠬᠤᠶᠢᠲᠤ ᠬᠤᠰᠢᠭᠤ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠲᠥᠷᠥᠯ ᠵᠦᠢᠯ ᠤᠨ ᠪᠡᠯᠡ ᠮᠥᠩᠭᠦ ᠣᠷᠣᠭᠤᠯᠤᠨ ᠠᠪᠴᠢᠷᠠᠬᠤ

ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵  ᠤᠷᠠᠳ ᠨᠠᠮ ᠤᠨ ᠠᠯᠪᠠᠨ ﹇2023﹈ 6 ᠳ᠋ᠤᠭᠠᠷ ᠲᠣᠭᠠᠲᠤ︶ ︽

ᠤᠷᠠᠳ ᠤᠨ ᠬᠤᠶᠢᠲᠤ ᠬᠤᠰᠢᠭᠤᠨ ᠤ  ᠠᠷᠠᠯᠵᠢᠶᠠᠴᠢᠨ ᠤᠷᠢᠵᠤ ᠪᠡᠯᠡ ᠣᠷᠣᠭᠤᠯᠬᠤ  ᠭᠤᠷᠪᠠᠨ ᠵᠢᠯ ︵2023 ︱ 2025 ᠣᠨ︶ ᠤ ᠠᠵᠢᠯᠯᠠᠭ᠎ᠠ ᠶᠢᠨ

ᠲᠥᠰᠥᠯ︾ ︵  ᠤᠷᠠᠳ ᠨᠠᠮ ᠤᠨ ᠠᠯᠪᠠᠨ ﹇2023﹈ 7 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠠᠮᠢ ᠠᠬᠤᠢ ᠶᠢ

ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠠᠵᠢᠯ ᠲᠥᠷᠥᠯ᠂ ᠲᠣᠰ ᠰᠤᠮᠤ ᠪᠠᠯᠭᠠᠰᠤ ᠶᠢᠨ

ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠲᠥᠯᠥᠪᠯᠡᠨ ᠨᠥᠭᠡᠴᠡᠯᠡᠬᠦ ᠬᠡᠷᠡᠭᠲᠡᠢ᠃ ᠰᠢᠨ᠎ᠡ

ᠡᠨᠧᠷᠭᠢ ᠰᠢᠩᠭᠡᠬᠡᠨ ᠠᠪᠬᠤ ᠠᠵᠤ ᠦᠢᠯᠡᠰ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠪᠠ ᠰᠢᠨ᠎ᠡ ᠮᠠᠲ᠋ᠧᠷᠢᠶᠠᠯ᠂ ᠥᠩᠭᠡᠲᠦ ᠲᠡᠮᠦᠷᠯᠢᠭ

ᠪᠣᠯᠪᠠᠰᠤᠷᠠᠭᠤᠯᠬᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠪᠠ ᠬᠥᠮᠥᠷᠭᠡᠯᠡᠨ ᠬᠠᠳᠠᠭᠠᠯᠠᠬᠤ ᠡᠳ᠋

ᠪᠠᠷᠠᠭᠠᠨ ᠤ ᠭᠦᠢᠯᠭᠡᠭᠡᠨ ᠤ ᠬᠢᠯᠢ ᠶᠢᠨ ᠭᠠᠳᠠᠨᠠᠬᠢ ᠡᠬᠢ ᠪᠠᠶᠠᠯᠢᠭ ᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠵᠡᠷᠭᠡ 6 ᠭᠤᠣᠯᠳᠠᠯᠭ᠎ᠠ ᠲᠠᠢ ᠠᠵᠤ ᠦᠢᠯᠡᠰ ᠤᠨ

ᠬᠡᠯᠬᠢᠶ᠎ᠡ ᠶᠢᠨ ᠴᠤᠭᠯᠠᠭᠤᠯᠬᠤ ᠲᠥᠷᠥᠯ ᠵᠦᠢᠯ ᠤᠨ ᠲᠣᠭᠤᠷᠢᠨ ᠳᠤ᠂ ᠨᠠᠷᠢᠨ ᠨᠢᠮᠪᠠᠢ ᠲᠥᠯᠥᠪᠯᠡᠵᠦ᠂ ᠭᠤᠣᠯᠳᠠᠯᠭ᠎ᠠ ᠲᠠᠢ ᠪᠠᠷ ᠲᠠᠲᠠᠵᠤ᠂ ᠴᠢᠨᠠᠷ ᠰᠠᠶᠢᠲᠠᠢ ᠲᠥᠷᠥᠯ

ᠵᠦᠢᠯ ᠢ ︽ᠤᠷᠠᠳ ᠤᠨ ᠬᠤᠶᠢᠲᠤ ᠬᠤᠰᠢᠭᠤᠨ ᠤ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠡᠮᠬᠢᠳᠬᠡᠯ︾ ᠳᠤ

ᠣᠷᠣᠭᠤᠯᠬᠤ ᠪᠠᠷ ᠴᠢᠷᠮᠠᠶᠢᠵᠤ᠂ ᠲᠥᠷᠥᠯ ᠵᠦᠢᠯ ᠤᠨ ︽ᠬᠡᠪᠴᠢᠶ᠎ᠡ︾ ᠶᠢ ᠪᠤᠵᠠᠭᠠᠶᠢᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃

      ᠬᠤᠶᠠᠷ᠂ ᠠᠵᠢᠯ  ᠤᠨ ᠡᠭᠦᠷᠭᠡ

      1.  ᠰᠢᠨ᠎ᠡ ᠡᠨᠧᠷᠭᠢ ᠶᠢᠨ ᠪᠣᠬᠢᠷᠲᠤᠯ ᠦᠭᠡᠢ ᠴᠠᠬᠢᠯᠭᠠᠨ ᠢ ᠣᠷᠣᠭᠤᠯᠤᠨ ᠠᠪᠴᠢᠷᠠᠬᠤ ᠬᠢᠮᠢ ᠶᠢᠨ ᠠᠵᠤ ᠦᠢᠯᠡᠳᠪᠦᠷᠢ ᠪᠠ ᠰᠢᠨ᠎ᠡ ᠮᠠᠲ᠋ᠧᠷᠢᠶᠠᠯ ᠤᠨ ᠠᠵᠤ

ᠦᠢᠯᠡᠰ ᠤᠨ ᠲᠣᠭᠤᠷᠢᠨ  ᠳᠠᠬᠢ ᠪᠡᠯᠡ ᠣᠷᠣᠭᠤᠯᠤᠯᠲᠠ ᠶᠢ 30 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠴᠠᠬᠢᠭᠤᠷ ᠰᠠᠭᠤᠷᠢ

ᠮᠠᠲ᠋ᠧᠷᠢᠶᠠᠯ ᠢ ᠨᠢᠭᠡ ᠴᠣᠭᠴᠠᠵᠢᠭᠤᠯᠬᠤ ᠲᠥᠷᠥᠯ ᠵᠦᠢᠯ᠂ ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ ᠦᠢᠯᠡᠳᠬᠦ᠂ ᠮᠧᠲ᠋ᠢᠯ ᠠᠯᠺᠣᠣᠯ

ᠦᠢᠯᠡᠳᠬᠦ ᠲᠥᠷᠥᠯ ᠵᠦᠢᠯ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠲᠥᠯᠥᠪᠵᠢᠭᠦᠯᠵᠦ᠂

ᠬᠤᠳᠠᠯᠳᠤᠭᠠᠴᠢᠨ ᠤᠷᠢᠬᠤ 15 ᠲᠥᠷᠥᠯ ᠵᠦᠢᠯ ᠢ ᠤᠬᠠᠭᠠᠯᠠᠨ ᠳᠡᠭᠡᠭᠰᠢ ᠮᠡᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ

ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶

      2 . ᠥᠩᠭᠡᠲᠦ ᠲᠡᠮᠦᠷᠯᠢᠭ ᠢ ᠭᠦᠨᠵᠡᠭᠡᠢ ᠡᠳ᠋ᠰᠢᠭᠦᠯᠬᠦ ᠲᠥᠷᠥᠯ ᠵᠦᠢᠯ ᠤᠨ ᠲᠣᠭᠤᠷᠢᠨ ᠳᠤ᠂ ᠬᠤᠰᠢᠭᠤᠨ ᠤ ᠬᠠᠷᠢᠶᠠᠨ ᠳᠠᠬᠢ ᠪᠠ ᠬᠢᠯᠢ ᠶᠢᠨ ᠭᠠᠳᠠᠨᠠᠬᠢ

ᠡᠬᠢ ᠪᠠᠶᠠᠯᠢᠭ ᠪᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠳᠤ ᠲᠦᠰᠢᠭᠯᠡᠨ᠂ ᠵᠡᠰ ᠮᠠᠲ᠋ᠧᠷᠢᠶᠠᠯ᠂ ᠴᠠᠶᠢᠷ ᠤᠨ ᠰᠠᠭᠤᠷᠢ

ᠬᠠᠶᠢᠯᠤᠰᠢ ᠵᠡᠷᠭᠡ ᠥᠩᠭᠡᠲᠦ ᠲᠡᠮᠦᠷᠯᠢᠭ ᠢ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ ᠲᠥᠷᠥᠯ ᠵᠦᠢᠯ ᠢ ᠲᠥᠯᠥᠪᠵᠢᠭᠦᠯᠦᠨ᠎ᠡ᠃ ᠨᠡᠭᠦᠷᠡᠰᠦ ᠬᠦᠬᠦᠷ ᠹᠯᠣᠷ  ᠤᠨ

ᠬᠢᠮᠢ ᠶᠢᠨ ᠠᠵᠤ ᠦᠢᠯᠡᠳᠪᠦᠷᠢ ᠪᠣᠯᠣᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠨ  ᠳᠤ ᠂ ᠬᠤᠰᠢᠭᠤᠨ  ᠤ  ᠬᠠᠷᠢᠶᠠᠨ ᠳᠠᠬᠢ

ᠪᠠ ᠬᠢᠯᠢ ᠶᠢᠨ ᠭᠠᠳᠠᠨᠠᠬᠢ ᠡᠬᠢ ᠪᠠᠶᠠᠯᠢᠭ᠂ ᠰᠢᠨᠵᠢᠶᠠᠩ ᠤᠨ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠪᠠ ᠮᠣᠩᠭᠤᠯ ᠤᠯᠤᠰ ᠤᠨ ᠨᠡᠭᠦᠷᠡᠰᠦ  ᠶᠢ ᠬᠢᠯᠢ  ᠪᠠᠷ 

ᠦᠩᠬᠡᠷᠡᠬᠦᠯᠬᠦ ᠳᠠᠪᠠᠭᠤᠯᠢᠭ ᠲᠤ ᠲᠦᠰᠢᠭᠯᠡᠨ᠂ ᠨᠡᠭᠦᠷᠡᠰᠦ ᠶᠢ ᠨᠠᠷᠢᠯᠢᠭ ᠪᠣᠯᠪᠠᠰᠤᠷᠠᠭᠤᠯᠬᠤ᠂ ᠬᠦᠬᠦᠷ ᠤᠨ ᠰᠤᠨᠤᠮᠠᠯ ᠬᠡᠯᠬᠢᠶ᠎ᠡ᠂ ᠹᠯᠣᠷ ᠤᠨ ᠳᠡᠭᠡᠳᠦ ᠲᠡᠰ  ᠤᠨ

ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ  ᠤᠨ ᠲᠥᠷᠥᠯ ᠵᠦᠢᠯ  ᠢ ᠲᠥᠯᠥᠪᠵᠢᠭᠦᠯᠦᠨ ᠪᠤᠵᠠᠭᠠᠶᠢᠷᠠᠭᠤᠯᠵᠤ᠂ 15 ᠠᠷᠠᠯᠵᠢᠶᠠᠴᠢᠨ ᠤᠷᠢᠬᠤ ᠲᠥᠷᠥᠯ

ᠵᠦᠢᠯ  ᠢ ᠤᠬᠠᠭᠠᠯᠠᠨ ᠳᠡᠭᠡᠭᠰᠢ ᠮᠡᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ

ᠲᠣᠪᠴᠢᠶ᠎ᠠ︶

      3. ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠠ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠬᠡᠷᠤᠮᠵᠢ ᠶᠢᠨ ᠢᠵᠢ ᠪᠦᠷᠢᠳᠦᠭᠦᠯᠬᠦ ︵

ᠤᠰᠤ᠂ ᠴᠠᠬᠢᠯᠭᠠᠨ᠂ ᠳᠤᠯᠠᠭᠠᠯᠠᠭ᠎ᠠ᠂ ᠠᠭᠤᠷ᠂ ᠪᠠᠶᠢᠭᠠᠯᠢ ᠶᠢᠨ ᠰᠢᠲᠠᠮᠠᠬᠠᠢ ᠬᠡᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠷᠢᠶᠠᠨ ᠠᠪᠴᠢᠷᠠᠬᠤ᠂ ᠪᠣᠬᠢᠷ

ᠤᠰᠤ ᠶᠢ ᠰᠢᠢᠳᠪᠦᠷᠢᠯᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ︶ ᠵᠢᠴᠢ ᠦᠬᠦᠰᠢᠷᠡᠮᠡᠯ ᠠᠵᠤ ᠠᠬᠤᠶᠢᠯᠠᠯ ᠪᠠ ᠲᠥᠷᠥᠯ ᠵᠦᠢᠯ ᠤᠨ ᠠᠮᠢᠳᠤᠯᠢᠭ

ᠲᠣᠭᠤᠷᠢᠨ ᠳᠤ᠂ ᠬᠤᠳᠠᠯᠳᠤᠭᠠᠴᠢᠨ ᠤᠷᠢᠬᠤ 15 ᠲᠥᠷᠥᠯ ᠵᠦᠢᠯ ᠢ ᠤᠬᠠᠭᠠᠯᠠᠨ ᠳᠡᠭᠡᠭᠰᠢ ᠮᠡᠳᠡᠭᠦᠯᠦᠨ᠎ᠡ᠃︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ 

 ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶

      4. ᠰᠣᠶᠣᠯ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠤᠨ ᠲᠣᠭᠤᠷᠢᠨ ᠳᠤ᠂ ᠶᠠᠩ ᠱᠠᠨ ᠤ ᠲᠣᠮᠣ ᠪᠤᠷᠬᠠᠨ᠂ ᠬᠤᠪᠣᠷ ᠴᠤᠬᠠᠭ

ᠬᠠᠯᠠᠭᠤᠨ ᠷᠠᠰᠢᠶᠠᠨ᠂ ᠮᠣᠩᠭᠤᠯ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠵᠡᠷᠭᠡ ᠬᠤᠪᠣᠷ ᠴᠤᠬᠠᠭ ᠥᠪᠡᠷᠮᠢᠴᠡ ᠡᠬᠢ ᠪᠠᠶᠠᠯᠢᠭ ᠲᠤ ᠲᠦᠰᠢᠭᠯᠡᠨ᠂ ᠬᠠᠯᠠᠭᠤᠨ

ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ᠂ ᠣᠨᠴᠠᠯᠢᠭᠲᠤ ᠬᠤᠳᠠᠯᠳᠤᠭᠠᠨ ᠤ ᠵᠡᠭᠡᠯᠢ ᠵᠡᠷᠭᠡ ᠵᠤᠭ᠎ᠠ ᠴᠡᠩᠭᠡᠯ ᠰᠣᠶᠣᠯ ᠤᠨ ᠲᠥᠷᠥᠯ ᠤᠨ ᠲᠥᠷᠥᠯ

ᠵᠦᠢᠯ ᠢ ᠲᠥᠯᠥᠪᠵᠢᠭᠦᠯᠵᠦ᠂ ᠬᠤᠳᠠᠯᠳᠤᠭᠠᠴᠢᠨ ᠤᠷᠢᠬᠤ 15 ᠲᠥᠷᠥᠯ ᠵᠦᠢᠯ ᠢ ᠤᠬᠠᠭᠠᠯᠠᠨ ᠲᠥᠯᠥᠪᠯᠡᠵᠦ ᠳᠡᠭᠡᠭᠰᠢ ᠮᠡᠳᠡᠭᠦᠯᠦᠨ᠎ᠡ᠃︵ᠬᠠᠷᠢᠭᠤᠴᠠᠯᠭᠠᠲᠤ

ᠰᠠᠯᠠᠭ᠎ᠠ ᠮᠥᠴᠢᠷ᠄ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠳᠠᠭᠠᠳᠤ

ᠶᠠᠪᠤᠳᠠᠯ ᠤᠨ ᠠᠯᠪᠠᠨ ᠭᠡᠷ᠂ ᠬᠠᠷᠢᠭᠤᠴᠠᠯᠭᠠᠲᠤ ᠰᠠᠯᠠᠭ᠎ᠠ ᠮᠥᠴᠢᠷ ᠨᠢᠭᠡᠪᠦᠷᠢ ᠶᠢ  ᠬᠠᠮᠤᠭ ᠪᠠᠭ᠎ᠠ ᠳᠠᠭᠠᠨ 5  ᠲᠦᠷᠤᠯ ᠵᠦᠢᠯ ᠮᠡᠳᠡᠬᠦᠯᠬᠦ ᠬᠡᠷᠡᠭᠳᠠᠢ︶

      5. ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠤᠨ ᠲᠣᠭᠤᠷᠢᠨ ᠳᠤ᠂ ᠣᠯᠠᠨ ᠤᠯᠤᠰ ᠤᠨ

ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ᠂  ᠢᠩᠬᠡᠨ ᠰᠦ ᠶᠢᠨ ᠭᠤᠪᠢ ᠶᠢᠨ ᠤᠯᠠᠭᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠣᠨᠴᠠᠯᠢᠭᠲᠤ

ᠨᠠᠷᠠᠲᠤ ᠲᠥᠷᠥᠯ ᠲᠡᠮᠳᠡᠭᠲᠦ ᠳᠤ ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠦᠢᠯᠡᠰ ᠤᠨ

ᠲᠥᠷᠥᠯ ᠵᠦᠢᠯ ᠢ ᠲᠥᠯᠥᠪᠵᠢᠭᠦᠯᠵᠦ᠂ ᠬᠤᠳᠠᠯᠳᠤᠭᠠᠴᠢᠨ ᠤᠷᠢᠬᠤ 15 ᠲᠥᠷᠥᠯ ᠵᠦᠢᠯ ᠢ ᠤᠬᠠᠭᠠᠯᠠᠨ ᠳᠡᠭᠡᠭᠰᠢ ᠮᠡᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ

ᠮᠥᠴᠢᠷ᠄ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︶

      6. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ

ᠲᠣᠭᠤᠷᠢᠨ  ᠳᠠᠬᠢ ᠲᠦᠷᠤᠯ ᠵᠦᠢᠯ ᠢ 5 ᠠᠴᠠ ᠲᠡᠬᠡᠭᠰᠢ ᠮᠡᠳᠡᠬᠦᠯᠬᠦ ᠬᠡᠷᠡᠭᠳᠠᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠰᠤᠮᠤ ᠪᠠᠯᠭᠠᠰᠤ︶

      7. ᠺᠣᠮᠫᠠᠨᠢ ᠶᠢᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢᠨ ᠲᠣᠭᠤᠷᠢᠨ  ᠳᠠᠬᠢ ᠲᠦᠷᠤᠯ ᠵᠦᠢᠯ ᠢ 5 ᠠᠴᠠ ᠲᠡᠬᠡᠭᠰᠢ ᠮᠡᠳᠡᠬᠦᠯᠬᠦ ᠬᠡᠷᠡᠭᠳᠠᠢ᠃ ︵

ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ  ᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂  ᠳ᠋ᠦᠩᠰᠢᠭᠤᠷ ᠤᠨ ᠣᠯᠠᠨ ᠨᠡᠶᠢᠲᠡ ᠶᠢᠨ

ᠦᠢᠯᠡᠴᠢᠯᠡᠭᠡᠨ ᠤ ᠺᠣᠮᠫᠠᠨᠢ᠂ ᠹᠦ᠋ ᠴᠢᠤᠸᠠᠨ ᠠᠵᠤ ᠦᠢᠯᠡᠰ ᠤᠨ ᠺᠣᠮᠫᠠᠨᠢ︶

        ᠭᠤᠷᠪᠠ᠂ ᠪᠣᠳᠠᠲᠠᠢ ᠱᠠᠭᠠᠷᠳᠠᠯᠭ᠎ᠠ

       1. ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠢ ᠳᠡᠭᠡᠭᠰᠢ ᠮᠡᠳᠡᠭᠦᠯᠬᠦ ᠠᠴᠠ ᠡᠮᠦᠨ᠎ᠡ ᠡᠮᠦᠨᠡᠬᠢ ᠬᠤᠭᠤᠴᠠᠭᠠᠨ ᠤ ᠠᠵᠢᠯ ᠢᠶᠠᠨ

ᠯᠠᠪᠳᠠᠭᠤᠨ ᠪᠠᠲᠤᠲᠠᠢ ᠬᠢᠵᠦ᠂ ᠤᠬᠠᠭᠠᠯᠠᠨ ᠰᠡᠳᠦᠭᠰᠡᠨ ᠨᠢ ᠪᠣᠯᠪᠠᠰᠤᠷᠠᠩᠭᠤᠢ᠂ ᠲᠤᠭ᠎ᠠ ᠪᠠᠷᠢᠮᠲᠠ ᠨᠢ ᠨᠠᠶᠢᠳᠠᠪᠤᠷᠢᠲᠠᠢ᠂ ᠲᠣᠭᠠᠴᠢᠯᠲᠠ ᠨᠢ ᠲᠣᠳᠣᠷᠬᠠᠢ ᠪᠠᠶᠢᠬᠤ ᠶᠢ

ᠪᠡᠶᠡᠯᠡᠭᠦᠯᠵᠦ᠂ ᠲᠠᠩ ᠭᠠᠭᠴᠠ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ᠃ ᠬᠡᠷᠪᠡ

ᠲᠠᠲᠠᠵᠤ ᠠᠪᠴᠢᠷᠠᠬᠤ ᠲᠥᠷᠥᠯ ᠵᠦᠢᠯ ᠨᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠵᠢᠴᠢ ᠬᠤᠴᠤᠷᠤᠩᠭᠤᠢ ᠪᠠ ᠦᠯᠡᠭᠦᠳᠡᠭᠰᠡᠨ

ᠦᠢᠯᠡᠳᠪᠦᠷᠢᠯᠡᠬᠦ ᠴᠢᠳᠠᠪᠤᠷᠢ ᠲᠠᠢ ᠬᠤᠯᠪᠣᠭᠳᠠᠬᠤ ᠵᠡᠷᠭᠡ ᠨᠢ ᠤᠯᠤᠰ᠂ ᠥᠪᠡᠷᠲᠡᠭᠡᠨ ᠵᠠᠰᠠᠬᠤ ᠣᠷᠣᠨ  ᠤ ᠠᠵᠤ ᠦᠢᠯᠡᠰ  ᠤᠨ ᠲᠥᠷᠥ ᠶᠢᠨ ᠪᠣᠳᠣᠯᠭ᠎ᠠ ᠲᠠᠢ

ᠨᠡᠶᠢᠴᠡᠬᠦ ᠦᠭᠡᠢ ᠪᠣᠯ ᠴᠥᠮ ᠬᠡᠷᠡᠭᠯᠡᠵᠦ ᠪᠣᠯᠬᠤ ᠦᠭᠡᠢ᠃

        2. ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠤᠨ ᠳᠡᠭᠡᠭᠰᠢ ᠮᠡᠳᠡᠭᠦᠯᠬᠦ ᠵᠠᠭᠪᠤᠷ ᠤᠨ ᠱᠠᠭᠠᠷᠳᠠᠯᠭ᠎ᠠ ︵ᠳᠠᠭᠠᠯᠳᠤᠭᠤᠯᠤᠯ ᠳᠤ

ᠨᠠᠷᠢᠪᠴᠢᠯᠠᠨ ᠦᠵᠡᠭᠡᠷᠡᠢ︶ ᠶᠣᠰᠣᠭᠠᠷ᠂ ᠳᠠᠭᠠᠯᠳᠤᠭᠤᠯᠤᠯ ᠬᠦᠰᠦᠨᠦᠭᠲᠦ᠂ ᠲᠥᠷᠥᠯ ᠵᠦᠢᠯ ᠤᠨ ᠲᠣᠪᠴᠢ ᠲᠠᠨᠢᠯᠴᠠᠭᠤᠯᠭ᠎ᠠ ᠪᠠ ᠦᠨᠳᠦᠰᠦᠨ ᠪᠠᠶᠢᠳᠠᠯ᠂

ᠡᠯᠧᠺᠲᠷᠣᠨ ᠬᠡᠪᠯᠡᠯ ᠢ ᠬᠠᠮᠲᠤ ᠳᠤᠨᠢ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠲᠤ ᠮᠡᠳᠡᠭᠦᠯᠦᠨ᠎ᠡ᠃ ᠡᠭᠦᠨ ᠤ ᠬᠠᠮᠲᠤ᠂ ᠪᠠᠶᠢᠭᠤᠯᠭ᠎ᠠ  ᠶᠢᠨ

ᠨᠢᠭᠡ ᠬᠠᠷᠢᠯᠴᠠᠬᠤ ᠬᠥᠮᠥᠨ ᠢ ᠮᠡᠳᠡᠭᠦᠯᠵᠦ᠂ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠲᠠᠢ ᠵᠣᠯᠭᠠᠭᠤᠯᠵᠤ᠂ ᠲᠥᠷᠥᠯ ᠵᠦᠢᠯ ᠢ ᠡᠮᠬᠢᠯᠡᠬᠦ

ᠶᠠᠪᠤᠴᠠ ᠳᠤ ᠴᠠᠭ ᠲᠤᠬᠠᠢ ᠳᠤᠨᠢ ᠨᠡᠪᠲᠡᠷᠡᠯᠴᠡᠬᠦ ᠳᠤ ᠲᠥᠬᠦᠮ ᠪᠣᠯᠭᠠᠨ᠎ᠠ᠃ ᠳᠡᠭᠡᠷᠡᠬᠢ  ᠮᠡᠲ᠋ᠧᠷᠢᠶᠠᠯ ᠢ ᠠᠯᠪᠠᠨ ᠶᠣᠰᠣᠨ ᠤ ᠮᠡᠲ᠋ᠧᠷᠢᠶᠠᠯ ᠢᠶᠠᠷ 2023 ᠣᠨ ᠤ 8

ᠰᠠᠷ᠎ᠠ ᠶᠢᠨ 30 ᠤ ᠡᠳᠦᠷ ᠠᠴᠠ ᠡᠮᠦᠨ᠎ᠡ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ︵ᠬᠠᠷᠢᠯᠴᠠᠬᠤ ᠬᠥᠮᠥᠨ᠄ ᠵᠠᠩ ᠮᠧᠶ᠂

15044849134︶ ᠲᠤ ᠮᠡᠳᠡᠭᠦᠯᠦᠨ ᠬᠦᠷᠭᠡᠭᠡᠷᠡᠢ᠃

        3. ᠡᠯ᠎ᠡ ᠰᠤᠮᠤ ᠪᠠᠯᠭᠠᠰᠤ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠬᠠᠷᠠᠯᠲᠠ ᠶᠢᠨ

ᠡᠭᠦᠷᠭᠡ ᠪᠠᠨ ᠢᠳᠡᠪᠬᠢᠲᠡᠢ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠨᠢ ᠲᠥᠷᠥᠯ ᠵᠦᠢᠯ ᠤᠨ ᠪᠠᠶᠢᠳᠠᠯ ᠢ ᠴᠠᠭ

ᠲᠤᠬᠠᠢ ᠳᠤᠨᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠶᠢᠨ ᠬᠠᠮᠲᠤ᠂ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠵᠥᠪᠯᠡᠯ ᠳᠤ

ᠮᠡᠳᠡᠭᠦᠯᠵᠦ ᠬᠢᠨᠠᠨ ᠵᠦᠪᠰᠢᠶᠠᠷᠠᠬᠦᠯᠤᠨ᠎ᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ