ᠤᠷᠠᠳ ᠤᠨ ᠬᠤᠶᠢᠲᠤ  ᠬᠤᠰᠢᠭᠤ  ᠤᠯᠠᠭᠠᠨ ᠯᠠᠵᠤᠤ ᠪᠠᠷ  ᠲᠠᠷᠢᠶᠠᠴᠢᠳ ᠤᠨ ᠤᠷᠤᠯᠭ᠎ᠠ ᠶᠢ ᠨᠡᠮᠡᠭᠳᠠᠬᠦᠯᠤᠨ᠎ᠠ
ᠨᠡᠶᠢᠲᠡᠯᠡᠭᠰᠡᠨ ᠴᠠᠭ᠄
2023/9/7

      ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠬᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ

ᠪᠠᠶᠠᠵᠢᠭᠤᠯᠬᠤ ᠶᠢ ᠠᠬᠢᠭᠤᠯᠬᠤ ᠪᠠᠷ ᠵᠠᠩᠭᠢᠯᠠᠭ᠎ᠠ ᠪᠣᠯᠭᠠᠨ᠂ ᠯᠠᠵᠤᠤ ᠶᠢᠨ ᠠᠵᠤ ᠦᠢᠯᠡᠰ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠪᠠ᠃ ᠵᠠᠬᠢᠶᠠᠯᠠᠭ᠎ᠠ ᠶᠢᠨ

ᠬᠠᠭᠤᠳᠠᠰᠤ ᠪᠠᠷ ᠳᠠᠶᠢᠴᠢᠯᠠᠬᠤ᠂ ᠬᠤᠷᠰᠢᠶ᠎ᠠ ᠪᠠᠷ ᠳᠠᠶᠢᠴᠢᠯᠠᠬᠤ᠂ ᠠᠰᠢᠭ ᠬᠦᠷᠳᠡᠭᠴᠢ ᠬᠤᠯᠪᠤᠭᠠᠯᠠᠨ ᠬᠥᠳᠡᠯᠦᠯᠴᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ

ᠬᠥᠳᠡᠯᠭᠡᠭᠦᠷ ᠪᠣᠯᠭᠠᠬᠤ ᠰᠡᠳᠬᠢᠴᠡ ᠪᠠᠷ᠂ ᠲᠠᠷᠢᠮᠠᠯ ᠤᠨ ᠳᠠᠭᠠᠳᠬᠠᠯ᠂ ᠲᠠᠷᠢᠮᠠᠯ ᠤᠨ ᠨᠥᠬᠦᠪᠦᠷᠢ᠂ ᠦᠢᠯᠡᠳᠪᠦᠷᠢᠯᠡᠯ ᠤᠨ ᠡᠳ᠋ ᠪᠣᠳᠠᠰ ᠢ ᠣᠷᠣᠭᠤᠯᠬᠤ ᠵᠡᠷᠭᠡ ᠪᠠᠷ

ᠳᠠᠮᠵᠢᠭᠤᠯᠵᠤ᠂ ᠤᠯᠠᠨ ᠲᠦᠮᠡᠨ ᠤ ᠯᠠᠵᠤᠤ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠠᠷᠢᠶᠠᠴᠢᠨ ᠡᠷᠦᠬᠡ ᠶᠢᠨ ᠲᠠᠷᠢᠬᠤ᠂ ᠠᠵᠤ ᠠᠬᠤᠶᠢᠯᠠᠯ

ᠬᠤᠳᠠᠯᠳᠤᠨ ᠠᠪᠬᠤ ︽ᠵᠠᠬᠢᠶᠠᠯᠠᠭ᠎ᠠ ᠶᠢᠨ ᠬᠡᠯᠪᠡᠷᠢ︾ ᠶᠢᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠢᠳᠡᠰᠢᠨ ᠨᠣᠭᠤᠭᠠᠨ ᠤ ᠠᠵᠤ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃

      ᠣᠳᠣᠬᠠᠨ ᠳᠤ ᠶᠠᠭ ᠰᠠᠶᠢᠬᠠᠨ ᠯᠠᠵᠤᠤ ᠲᠡᠭᠦᠵᠦ ᠬᠤᠷᠢᠶᠠᠬᠤ ᠤᠯᠠᠷᠢᠯ ᠪᠣᠯᠵᠤ᠂ ᠪᠠᠶᠠᠨᠪᠤᠯᠠᠭ ᠪᠠᠯᠭᠠᠰᠤᠨ ᠤ ᠪᠦᠯᠬᠦᠮᠳᠡᠯ ᠲᠣᠰᠬᠤᠨ ᠤ 5000 ᠮᠦ ᠯᠠᠵᠤᠤ

ᠡᠯᠪᠡᠭ ᠬᠤᠷᠢᠶᠠᠯᠲᠠ ᠣᠯᠪᠠ᠃ ᠲᠠᠷᠢᠮᠠᠯ ᠤᠨ ᠡᠷᠦᠬᠡ ᠯᠢᠦ ᠳ᠋ᠦ᠋ ᠰᠢᠩ ᠲᠣᠰᠬᠤᠨ ᠤ ᠠᠷᠠᠳ ᠲᠠᠢ ᠪᠠᠨ  ᠯᠠᠵᠤᠤ ᠲᠡᠭᠦᠵᠦ ᠰᠣᠩᠭᠤᠬᠤ᠂ ᠬᠦᠨᠳᠦ ᠶᠢ ᠬᠡᠮᠵᠢᠬᠦ ᠵᠡᠷᠭᠡ

ᠠᠵᠢᠯ ᠳᠤ ᠶᠠᠭᠠᠷᠠᠯᠳᠤᠵᠤ ᠪᠠᠶᠢᠯ᠎ᠠ ᠁

  ᠯᠢᠦ ᠳ᠋ᠦ᠋ ᠰᠢᠩ ᠰᠤᠷᠪᠤᠯᠵᠢᠯᠠᠭᠴᠢ ᠳᠤ ᠄ ︽ᠡᠨᠡ ᠵᠢᠯ ᠵᠠᠭᠤ ᠭᠠᠷᠤᠢ ᠮᠦ ᠯᠠᠵᠤᠤ ᠳᠠᠷᠢᠵᠠᠢ᠂ ᠡᠭᠦᠨ ᠳᠤ ᠴᠤᠤ ᠲᠢᠶᠠᠨ ᠵᠢᠶᠣᠣ᠂ ᠵᠢᠶᠠᠩ ᠵᠢᠶᠣᠣ ᠵᠡᠷᠭᠡ

ᠲᠥᠷᠥᠯ ᠵᠦᠢᠯ ᠪᠤᠶ᠂ ᠣᠳᠣ ᠨᠢᠭᠡᠨᠲᠡ ᠭᠤᠴᠢ ᠭᠠᠷᠤᠢ ᠮᠦ ᠲᠡᠭᠦᠵᠡᠢ᠂ ᠮᠦ ᠪᠦᠷᠢ  ᠶᠢᠨ ᠬᠤᠷᠢᠶᠠᠯᠲᠠ ᠨᠢ 5000  ᠠᠴᠠ 6000 ᠵᠢᠩ ᠳᠤ ᠬᠦᠷᠴᠦ ᠪᠠᠶᠢᠨ᠎ᠠ᠂

ᠡᠨᠡ ᠵᠢᠯ ᠤᠨ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠦᠨ᠎ᠡ ᠨᠢ ᠵᠢᠩ ᠳᠡᠭᠡᠨ 1.5 ᠲᠥᠭᠦᠷᠢᠭ ᠲᠤ ᠬᠦᠷᠴᠦ᠂ ᠣᠳᠣ ᠪᠦᠬᠦᠨ  ᠢᠶᠠᠷ  ᠢᠶᠠᠨ ︿ᠵᠠᠬᠢᠶᠠᠯᠠᠭ᠎ᠠ

 ᠶᠢᠨ ᠬᠡᠯᠪᠡᠷᠢ﹀  ᠪᠠᠷ ᠪᠣᠷᠣᠯᠠᠭᠤᠯᠵᠤ ᠪᠠᠶᠢᠨ᠎ᠠ᠂ ᠡᠨᠡ ᠵᠢᠯ ᠤᠨ ᠣᠷᠣᠯᠭ᠎ᠠ ᠨᠢ 30 ᠲᠦᠮᠡ ᠣᠷᠴᠢᠮ ᠪᠠᠶᠢᠵᠤ᠂ ᠪᠠᠰᠠ ᠨᠢᠭᠡᠨ ᠡᠯᠪᠡᠭ ᠬᠤᠷᠢᠶᠠᠯᠲᠠ ᠣᠯᠣᠭᠰᠠᠨ

ᠵᠢᠯ ᠪᠣᠯᠣᠨ᠎ᠠ︾  ᠬᠡᠵᠤ  ᠪᠠᠶᠠᠰᠤᠯ ᠤᠨ ᠰᠡᠳᠬᠢᠯ ᠪᠠᠨ ᠢᠯᠡᠳᠬᠡᠨ᠎ᠠ᠃

       ᠯᠠᠵᠤᠤ ᠶᠢᠨ ᠤᠷᠭᠤᠴᠠ ᠨᠢ  ᠰᠠᠶᠢᠨ᠂ ᠵᠠᠩᠭᠢᠯᠠᠭ᠎ᠠ ᠨᠢ ᠬᠠᠮᠢᠶᠠᠷᠴᠤ ᠬᠠᠮᠠᠭᠠᠯᠠᠬᠤ ᠳᠤ ᠪᠠᠶᠢᠨ᠎ᠠ᠃ ᠯᠠᠵᠤᠤ ᠶᠢᠨ ᠡᠯᠪᠡᠭ ᠭᠠᠷᠤᠯᠲᠠ ᠶᠢ ᠪᠠᠲᠤᠯᠠᠬᠤ ᠶᠢᠨ

ᠲᠥᠯᠥᠭᠡ᠂ ᠤᠷᠠᠳ ᠤᠨ ᠬᠤᠶᠢᠲᠤ ᠬᠤᠰᠢᠭᠤᠨ ᠤ ᠣᠲᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠢᠨ

ᠯᠠᠵᠤᠤ ᠶᠢᠨ ᠪᠣᠬᠢᠷᠲᠤᠯ ᠦᠭᠡᠢ ᠲᠠᠷᠢᠮᠠᠯ ᠤᠨ  ᠪᠦᠬᠦ ᠶᠠᠪᠤᠴᠠ ᠳᠤ ᠴᠢᠨᠠᠷ ᠰᠠᠶᠢᠲᠠᠢ᠂ ᠥᠨᠳᠥᠷ ᠭᠠᠷᠤᠯᠲᠠ ᠲᠠᠢ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂

ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ ᠰᠢᠨ᠎ᠡ ᠲᠦᠷᠤᠯ ᠵᠦᠢᠯ ᠪᠠ  ᠬᠡᠷᠡᠭᠯᠡᠬᠡᠨ ᠤ ᠰᠢᠨ᠎ᠡ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ ᠠᠵᠢᠯ ᠢ

ᠢᠳᠡᠪᠬᠢᠲᠡᠢ ᠪᠠᠷ ᠬᠢᠵᠦ ᠪᠠᠶᠢᠨ᠎ᠠ᠃ ᠲᠠᠷᠢᠮᠠᠯ ᠤᠨ ᠡᠭᠦᠯᠳᠡᠷ ᠤᠨ  ᠲᠠᠯ᠎ᠠ ᠪᠠᠷ᠂ ᠪᠦᠭᠦ ᠬᠤᠰᠢᠭᠤᠨ ᠤ ᠠᠭᠤᠷ ᠠᠮᠢᠰᠬᠤᠯ ᠤᠨ ᠣᠨᠴᠠᠯᠢᠭ ᠢ ᠦᠨᠳᠦᠰᠦᠯᠡᠵᠦ᠂

ᠠᠳᠠᠯᠢ ᠪᠤᠰᠤ ᠡᠭᠦᠯᠳᠡᠷ ᠤᠨ ᠲᠠᠷᠢᠮᠠᠯ ᠢ ᠳᠡᠯᠭᠡᠷᠡᠭᠦᠯᠦᠨ᠎ᠡ᠃ ᠰᠢᠨ᠎ᠡ ᠮᠡᠷᠭᠡᠵᠢᠯ ᠤᠨ ᠬᠡᠷᠡᠭᠯᠡᠯᠲᠡ ᠶᠢᠨ ᠲᠠᠯ᠎ᠠ ᠪᠠᠷ᠂ ᠰᠢᠨ᠎ᠡ ᠡᠭᠦᠯᠳᠡᠷ ᠢ ᠣᠷᠣᠭᠤᠯᠤᠨ ᠠᠪᠴᠢᠷᠠᠵᠤ

ᠳᠡᠯᠭᠡᠷᠡᠭᠦᠯᠬᠦ᠂ ᠴᠢᠬᠢ ᠪᠣᠶᠢᠵᠢᠭᠤᠯᠤᠨ ᠰᠢᠯᠵᠢᠭᠦᠯᠦᠨ ᠵᠠᠶᠢᠯᠠᠬᠤ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠤᠰᠤ ᠠᠷᠪᠢᠯᠠᠵᠤ

ᠥᠨᠳᠥᠷ ᠪᠦᠲᠦᠮᠵᠢᠲᠡᠶ ᠤᠰᠤᠯᠠᠬᠤ᠂ ᠣᠷᠭᠠᠨᠢᠭ ᠪᠣᠷᠳᠣᠭᠤᠷ ᠬᠡᠷᠡᠭᠯᠡᠬᠦ᠂ ᠤᠷᠭᠤᠮᠠᠯ ᠤᠨ ᠰᠠᠭᠤᠷᠢ ᠶᠢ ᠲᠣᠬᠢᠷᠠᠭᠤᠯᠤᠨ ᠡᠵᠡᠮᠳᠡᠬᠦ᠂ ᠡᠪᠡᠳᠴᠢᠨ ᠬᠤᠷᠣᠬᠠᠢ ᠶᠢᠨ

ᠬᠥᠨᠥᠭᠡᠯ ᠤᠨ ᠪᠣᠬᠢᠷᠲᠤᠯ ᠦᠭᠡᠢ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠡᠷᠡᠭᠯᠡᠭᠡᠨ ᠤ ᠰᠢᠨ᠎ᠡ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠪᠡ᠃ ᠠᠭᠤᠯᠠᠨ

ᠡᠮᠤᠨᠡᠬᠢ ᠭᠤᠷᠪᠠᠨ ᠰᠤᠮᠤ ᠪᠠᠯᠭᠠᠰᠤᠨ ᠳᠤ 8000  ᠮᠤ᠋ ᠯᠠᠵᠤᠤ ᠶᠢᠨ ᠠᠵᠤ ᠦᠢᠯᠡᠰ ᠢ ᠬᠦᠭᠵᠢᠬᠦᠯᠵᠤ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ

ᠬᠤᠯᠪᠤᠬᠤ ᠲᠤᠬᠳᠠᠴᠠ ᠶᠢ ᠪᠠᠶᠢᠭᠤᠯᠤᠨ᠂ ᠲᠤᠰᠬᠤᠨ ᠤ ᠠᠷᠠᠳ ᠤᠨ ᠠᠵᠢᠯ ᠤᠯᠵᠤ ᠤᠷᠤᠯᠭ᠎ᠠ ᠪᠠᠨ ᠨᠡᠮᠡᠭᠳᠠᠬᠦᠯᠬᠦ ᠶᠢ ᠲᠠᠶᠢᠴᠢᠯᠠᠨ᠎ᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ