ᠤᠷᠠᠳ ᠤᠨ ᠬᠤᠶᠢᠲᠤ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠦᠢᠯᠡᠴᠢᠯᠡᠬᠦ ᠡᠷᠴᠢᠮ ᠢᠶᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/1/11

       ᠤᠷᠠᠳ  ᠤᠨ ᠬᠤᠶᠢᠲᠤ ᠬᠤᠰᠢᠭᠤᠨ  ᠤ ᠡᠯ᠎ᠡ ᠮᠥᠩᠭᠦᠨ ᠭᠦᠢᠯᠭᠡᠭᠡᠨ  ᠤ ᠪᠠᠶᠢᠭᠤᠯᠤᠮᠵᠢ ᠨᠤᠭᠤᠳ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ

ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠦᠲᠦᠭᠡᠭᠳᠡᠬᠦᠨ ᠢᠶᠠᠷ ᠠᠷᠠᠳ ᠲᠤ ᠠᠰᠢᠭ ᠬᠦᠷᠲᠡᠭᠡᠬᠦ᠂ ᠲᠤᠭ᠎ᠠ ᠪᠠᠷᠢᠮᠲᠠ ᠪᠠᠷ

ᠠᠷᠠᠳ ᠲᠤ ᠲᠥᠬᠦᠮ ᠦᠵᠡᠭᠦᠯᠬᠦ᠂ ᠦᠢᠯᠡᠴᠢᠯᠡᠭᠡ ᠪᠠᠷ ᠠᠷᠠᠳ  ᠢ ᠳᠣᠲᠣᠨᠣᠴᠢᠯᠠᠬᠤ ᠵᠡᠷᠭᠡ ᠪᠠᠷ ᠬᠠᠷᠢᠶᠠᠲᠤ ᠣᠷᠣᠨ ᠤ ᠪᠠᠨ ᠮᠠᠯᠴᠢᠨ ᠲᠠᠷᠢᠶᠠᠴᠢᠨ ᠤ

ᠦᠢᠯᠡᠳᠪᠦᠷᠢᠯᠡᠯ ᠠᠮᠢᠳᠤᠷᠠᠯ  ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ

ᠨᠡᠮᠡᠷᠢᠯᠡᠪᠡ᠃

      ᠪᠦᠲᠦᠭᠡᠭᠳᠡᠬᠦᠨ ᠢᠶᠠᠷ ᠠᠷᠠᠳ ᠲᠤ ᠠᠰᠢᠭ ᠬᠦᠷᠲᠡᠭᠡᠵᠦ ᠣᠯᠠᠨ ᠲᠦᠮᠡᠨ  ᠤ ᠣᠯᠠᠨ ᠡᠰᠢᠲᠦ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠬᠠᠩᠭᠠᠪᠠ᠃

ᠤᠷᠠᠳ  ᠤᠨ ᠬᠤᠶᠢᠲᠤ ᠬᠤᠰᠢᠭᠤᠨ  ᠤ ᠡᠯ᠎ᠡ ᠮᠥᠩᠭᠦᠨ ᠭᠦᠢᠯᠭᠡᠭᠡᠨ  ᠤ ᠪᠠᠶᠢᠭᠤᠯᠤᠮᠵᠢ ᠨᠤᠭᠤᠳ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ  ᠢ

ᠠᠬᠢᠭᠤᠯᠵᠤ᠂ ᠲᠤᠬᠠᠢ ᠶᠢᠨ ᠭᠠᠵᠠᠷ  ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠠᠵᠠᠷ ᠣᠷᠣᠨ  ᠤ ᠣᠨᠴᠠᠯᠢᠭ ᠲᠠᠢ᠂ ᠴᠢᠳᠠᠮᠵᠢ ᠪᠦᠷᠢᠨ ᠮᠥᠩᠭᠦᠨ ᠭᠦᠢᠯᠭᠡᠭᠡᠨ  ᠤ

ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ  ᠢ ᠦᠷᠭᠦᠯᠵᠢᠯᠡᠨ ᠭᠠᠷᠭᠠᠵᠤ᠂ ᠠᠳᠠᠯᠢ ᠪᠤᠰᠤ ᠮᠠᠯᠴᠢᠨ ᠲᠠᠷᠢᠶᠠᠴᠢᠨ  ᠤ ᠵᠦᠷᠢᠶᠡᠴᠢᠯᠡᠭᠰᠡᠨ ᠬᠡᠷᠡᠭᠴᠡᠭᠡ  ᠶᠢ

ᠬᠠᠩᠭᠠᠪᠠ᠃ ᠡᠨᠡ ᠵᠢᠯ  ᠤᠨ ᠵᠤᠨ  ᠤ ᠤᠯᠠᠷᠢᠯ ᠳᠤ᠂ ᠤᠷᠠᠳ  ᠤᠨ ᠬᠤᠶᠢᠲᠤ ᠬᠤᠰᠢᠭᠤᠨ ᠳᠤ ᠦᠷᠭᠦᠯᠵᠢᠯᠡᠨ ᠭᠠᠩᠳᠠᠵᠤ ᠪᠣᠷᠣᠭᠠᠨ ᠪᠠᠭ᠎ᠠ ᠣᠷᠣᠵᠤ᠂ ᠬᠡᠰᠡᠭ

ᠬᠠᠳᠤᠯᠠᠩ ᠪᠡᠯᠴᠢᠭᠡᠷ  ᠤᠨ ᠴᠢᠬᠢᠭ  ᠤᠨ ᠪᠠᠶᠢᠳᠠᠯ ᠬᠦᠨᠳᠦ ᠨᠣᠴᠢᠲᠠᠢ ᠪᠠᠭᠤᠷᠠᠵᠤ᠂ ᠮᠠᠯᠴᠢᠳ  ᠤᠨ ᠠᠷᠠᠴᠢᠯᠠᠨ ᠲᠡᠵᠢᠭᠡᠬᠦ ᠥᠪᠡᠷ  ᠤᠨ ᠥᠷᠲᠡᠭ ᠲᠠᠰᠤᠷᠠᠯᠲᠠ

ᠦᠭᠡᠢ ᠨᠡᠮᠡᠭᠳᠡᠪᠡ᠃ ᠡᠭᠦᠨ ᠳᠤ᠂ ᠤᠷᠠᠳ  ᠤᠨ ᠬᠤᠶᠢᠲᠤ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ ᠨᠢ ᠤᠷᠠᠳ  ᠤᠨ ᠬᠤᠶᠢᠲᠤ ᠬᠤᠰᠢᠭᠤᠨ  ᠤ

ᠬᠥᠳᠡᠭᠡ ᠲᠣᠰᠬᠤᠨ  ᠤ ᠢᠲᠡᠭᠡᠮᠵᠢ  ᠶᠢᠨ ᠬᠤᠯᠪᠣᠭᠠᠲᠤ ᠬᠤᠷᠰᠢᠶ᠎ᠠ ᠲᠠᠢ ᠬᠤᠯᠪᠤᠭᠠᠯᠠᠨ ᠭᠠᠩ ᠬᠠᠭᠰᠠᠷᠠᠭᠠᠨ ᠳᠤ ᠨᠥᠯᠥᠭᠡᠯᠡᠭᠳᠡᠭᠰᠡᠨ ᠮᠠᠯᠴᠢᠨ ᠲᠠᠷᠢᠶᠠᠴᠢᠳ ᠲᠤ

ᠪᠠᠷᠢᠴᠠᠭ᠎ᠠ ᠦᠭᠡᠢ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ - ︽ᠭᠠᠩ ᠬᠠᠭᠰᠠᠷᠠᠭᠠᠨ ᠲᠠᠢ ᠲᠡᠮᠡᠴᠡᠬᠦ ᠲᠦᠷᠭᠡᠨ ᠵᠢᠭᠡᠯᠡᠯᠭᠡ︾ ᠥᠭᠴᠦ᠂ ᠮᠠᠯᠴᠢᠨ ᠲᠦᠮᠡᠨ  ᠤ

ᠪᠠᠴᠢᠮ ᠪᠠᠶᠢᠳᠠᠯ  ᠢ ᠪᠥᠬᠦ ᠬᠦᠴᠦᠨ ᠢᠶᠠᠷ ᠢᠶᠠᠨ ᠨᠠᠮᠳᠠᠭᠤᠯᠵᠠᠢ᠃ ᠣᠲᠣ ᠪᠣᠯᠲᠠᠯ᠎ᠠ᠂ ᠤᠷᠠᠳ  ᠤᠨ ᠬᠤᠶᠢᠲᠤ ᠬᠤᠰᠢᠭᠤ ︽ᠭᠠᠩ ᠬᠠᠭᠰᠠᠷᠠᠭᠠᠨ ᠲᠠᠢ ᠲᠡᠮᠡᠴᠡᠬᠦ

ᠲᠦᠷᠭᠡᠨ ᠵᠢᠭᠡᠯᠡᠯᠭᠡ︾  ᠶᠢ ᠨᠡᠶᠢᠲᠡ 3400 ᠭᠠᠷᠤᠢ ᠲᠦᠮᠡᠨ ᠲᠥᠭᠦᠷᠢᠭ ᠲᠠᠷᠬᠠᠭᠠᠵᠤ᠂ 300 ᠭᠠᠷᠤᠢ ᠮᠠᠯᠴᠢᠨ ᠡᠷᠦᠬᠡ ᠳᠤ ᠠᠰᠢᠭ ᠬᠦᠷᠲᠡᠭᠡᠪᠡ᠃

       ᠡᠪᠦᠯ  ᠤᠨ ᠡᠬᠢᠨ ᠳᠤ᠂ ᠤᠷᠠᠳ  ᠤᠨ ᠬᠤᠶᠢᠲᠤ ᠬᠤᠰᠢᠭᠤᠨ  ᠤ ᠬᠥᠳᠡᠭᠡ ᠲᠣᠰᠬᠤᠨ  ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠵᠢᠯᠲᠠᠳ

ᠦᠨᠳᠦᠰᠦᠨ ᠱᠠᠲᠤᠨ  ᠳᠤ ᠭᠦᠨᠵᠡᠭᠡᠶᠢᠷᠡᠨ᠂ ᠴᠣᠠᠠᠥ᠌ᠨᠳᠥᠷ ᠪᠠᠯᠭᠠᠰᠤᠨ ᠤ ᠰᠢᠷᠠᠨᠠᠭᠤᠷ ᠭᠠᠴᠠᠭ᠎ᠠ ᠳᠤ ᠢᠷᠡᠵᠦ ᠮᠠᠯᠴᠢᠳ ᠲᠤ ᠵᠢᠭᠡᠯᠡᠯᠭᠡ ᠶᠢᠨ ᠠᠵᠢᠯ ᠬᠢᠵᠦ ᠥᠭᠪᠡ᠃

ᠣᠳᠣᠬᠠᠨ ᠳᠤ᠂ ᠵᠠᠭᠤᠨ ᠲᠦᠮᠡᠨ ᠲᠥᠭᠦᠷᠢᠭ ᠠᠴᠠ ᠳᠣᠷᠣᠭᠰᠢᠬᠢ ᠵᠢᠭᠡᠯᠡᠯᠭᠡ ᠶᠢ ᠵᠥᠪᠬᠡᠨ ᠰᠢᠯᠵᠢᠮᠡᠯ Pad ᠳᠡᠭᠡᠷ᠎ᠡ ᠠᠵᠢᠯᠯᠠᠭᠤᠯᠪᠠᠯ ᠳᠠᠷᠤᠢ ᠲᠦᠷᠭᠡᠨ

ᠲᠠᠷᠬᠠᠭᠠᠬᠤ ᠪᠣᠯᠭᠠᠵᠤ᠂ ᠢᠲᠡᠭᠡᠮᠵᠢᠲᠦ ᠵᠢᠭᠡᠯᠡᠯᠭᠡ ᠭᠤᠶᠤᠴᠢᠯᠠᠬᠤ᠂ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠢᠲᠡᠭᠡᠮᠵᠢᠲᠦ ᠵᠢᠭᠡᠯᠡᠯᠭᠡ ᠶᠢᠨ ᠭᠡᠷ᠎ᠡ

ᠲᠣᠭᠲᠠᠬᠤ᠂ ᠲᠠᠩᠰᠠ ᠡᠪᠬᠡᠮᠡᠯ  ᠤᠨ ᠬᠠᠮᠢᠶᠠᠷᠤᠯᠲᠠ ᠶᠢ ᠪᠦᠬᠦᠨ  ᠢ ᠡᠯᠧᠺᠲᠷᠤᠨᠴᠢᠯᠠᠬᠤ ᠶᠢ ᠪᠡᠶᠡᠯᠡᠭᠦᠯᠵᠦ᠂ ᠬᠡᠷᠡᠭᠯᠡᠭᠴᠢᠳ ᠡᠵᠡᠩᠨᠡᠯᠲᠡ ᠶᠢᠨ ᠲᠣᠣᠷ ᠴᠡᠭ ᠲᠤ

ᠣᠴᠢᠵᠤ ᠭᠦᠢᠴᠡᠳᠬᠡᠬᠦ ᠴᠢᠬᠤᠯᠠ ᠦᠭᠡᠢ ᠪᠣᠯᠭᠠᠪᠠ᠃

     ᠠᠷᠠᠳ  ᠢ ᠳᠣᠲᠣᠨᠣᠴᠢᠯᠠᠬᠤ ᠦᠢᠯᠡᠴᠢᠯᠡᠭᠡ ᠪᠠᠷ ᠮᠥᠩᠭᠦᠨ ᠭᠦᠢᠯᠭᠡᠭᠡᠨ  ᠤ ᠦᠢᠯᠡᠴᠢᠯᠡᠭᠡᠨ  ᠤ ᠬᠡᠪᠴᠢᠶ᠎ᠡ ᠶᠢ ᠥᠷᠭᠡᠳᠬᠡᠪᠡ᠃ ᠣᠶᠢᠷ᠎ᠠ ᠶᠢᠨ ᠵᠢᠯ ᠳᠤ᠂

ᠤᠷᠠᠳ  ᠤᠨ ᠬᠤᠶᠢᠲᠤ ᠬᠤᠰᠢᠭᠤᠨ  ᠤ ᠡᠯ᠎ᠡ ᠮᠥᠩᠭᠦᠨ ᠭᠦᠢᠯᠭᠡᠭᠡᠨ  ᠤ ᠪᠠᠶᠢᠭᠤᠯᠤᠮᠵᠢ ᠨᠢ ᠮᠠᠯᠴᠢᠨ ᠲᠠᠷᠢᠶᠠᠴᠢᠨ ᠳᠤ ᠰᠠᠶᠢᠲᠤᠷ ᠦᠢᠯᠡᠴᠢᠯᠡᠬᠦ᠂ ᠬᠥᠳᠡᠭᠡ

ᠲᠣᠰᠬᠤᠨ  ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠢᠮᠠᠭᠲᠠ ᠠᠵᠢᠯ  ᠤᠨ ᠢᠶᠠᠨ ᠵᠣᠷᠢᠯᠲᠠ ᠪᠠ ᠲᠤᠰᠤᠯᠲᠠ ᠪᠠᠨ ᠪᠣᠯᠭᠠᠭᠰᠠᠭᠠᠷ

ᠢᠷᠡᠪᠡ᠃ ᠠᠭᠤᠯᠠᠨ ᠠᠷᠤ ᠶᠢᠨ ᠮᠠᠯᠵᠢᠬᠤ ᠣᠷᠣᠨ  ᠤ ᠮᠠᠯᠴᠢᠳ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠩᠭᠢᠨ

ᠬᠤᠶᠢᠲᠤ ᠬᠤᠰᠢᠭᠤᠨ  ᠤ ᠪᠣᠷᠣᠳᠣᠬᠤᠢ ᠲᠣᠰᠬᠤᠨ ᠪᠠᠯᠭᠠᠰᠤ  ᠶᠢᠨ ᠪᠠᠩᠬᠢ ᠶᠢᠨ ᠤᠷᠠᠳ  ᠤᠨ ᠬᠤᠶᠢᠲᠤ ᠬᠤᠰᠢᠭᠤᠨ  ᠤ ᠰᠠᠯᠪᠤᠷᠢ ᠪᠠᠩᠬᠢ ᠨᠢ ᠡᠯ᠎ᠡ ᠰᠤᠮᠤ

ᠪᠠᠯᠭᠠᠰᠤ ᠶᠢᠨ ᠨᠤᠲᠤᠭ ᠳᠡᠪᠢᠰᠬᠡᠷ  ᠤᠨ ᠬᠤᠪᠢᠶᠠᠷᠢᠯᠠᠯ  ᠢ ᠦᠨᠳᠦᠰᠦᠯᠡᠨ᠂ ᠨᠡᠶᠢᠲᠡ 6 ᠮᠥᠩᠭᠦᠨ ᠭᠦᠢᠯᠭᠡᠭᠡᠨ  ᠤ ᠲᠣᠣᠷᠵᠢᠯ ᠬᠤᠪᠢᠶᠠᠵᠤ᠂ ᠣᠯᠠᠨ ᠲᠦᠮᠡᠨ  ᠢ

ᠬᠠᠪᠰᠤᠷᠤᠨ ᠮᠥᠩᠭᠦᠨ ᠭᠦᠢᠯᠭᠡᠭᠡᠨ  ᠤ ᠲᠠᠯ᠎ᠠ ᠪᠠᠷ ᠲᠤᠯᠭᠠᠷᠠᠭᠰᠠᠨ ᠠᠰᠠᠭᠤᠳᠠᠯ  ᠢ ᠰᠢᠢᠳᠪᠦᠷᠢᠯᠡᠵᠦ ᠥᠭᠪᠡ᠃

      ᠣᠳᠣᠬᠠᠨ ᠪᠣᠯᠲᠠᠯ᠎ᠠ᠂ ᠤᠷᠠᠳ  ᠤᠨ ᠬᠤᠶᠢᠲᠤ ᠬᠤᠰᠢᠭᠤᠨ  ᠤ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠭᠤᠷᠪᠠᠨ ᠮᠥᠩᠭᠦᠨ ᠭᠦᠢᠯᠭᠡᠭᠡᠨ  ᠤ

ᠪᠠᠶᠢᠭᠤᠯᠤᠮᠵᠢ ᠨᠢ ᠮᠠᠯᠴᠢᠨ ᠲᠠᠷᠢᠶᠠᠴᠢᠨ ᠳᠤ 28 ᠳ᠋ᠦᠩᠰᠢᠭᠤᠷ ᠲᠥᠭᠦᠷᠢᠭ  ᠤᠨ ᠵᠢᠭᠡᠯᠡᠯᠭᠡ ᠲᠠᠯᠪᠢᠵᠤ᠂ 1 ᠲᠦᠮᠡ ᠭᠠᠷᠤᠢ ᠡᠷᠦᠬᠡ ᠶᠢᠨ ᠮᠠᠯᠴᠢᠨ ᠲᠠᠷᠢᠶᠠᠴᠢᠨ ᠳᠤ

ᠠᠰᠢᠭ ᠬᠦᠷᠲᠡᠭᠡᠵᠡᠢ᠃

 

 

ᠢᠷᠡᠯᠲᠡ᠄ ᠪᠠᠶᠠᠨ ᠨᠠᠭᠤᠷ ᠤᠨ ᠰᠣᠨᠢᠨ