ᠤᠷᠠᠳ ᠤᠨ ᠬᠤᠶᠢᠳᠤ  ᠬᠤᠰᠢᠭᠤ ᠠᠷᠠᠳ ᠤᠨ ᠲᠦᠯᠤᠬᠡᠯᠡᠭᠴᠢᠳ ᠤᠨ ᠰᠠᠨᠠᠭᠤᠯᠭ᠎ᠠ ᠶᠢ ᠬᠤᠷᠢᠶᠠᠨ ᠬᠦᠢᠴᠡᠳᠬᠡᠵᠤ ᠠᠷᠠᠳ ᠤᠯᠠᠨ ᠤ ᠬᠠᠨᠤᠮᠵᠢ ᠶᠢᠨ ᠨᠤᠷᠮ᠎ᠠ  ᠨᠢ 100 % ᠳᠤ ᠬᠦᠷᠪᠠ
ᠨᠡᠶᠢᠲᠡᠯᠡᠭᠰᠡᠨ ᠴᠠᠭ᠄
2024/1/12

        ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠤ

ᠨᠡᠶᠢᠲᠡ 68 ᠲᠥᠯᠥᠭᠡᠯᠡᠭᠴᠢ ᠶᠢᠨ ᠰᠠᠨᠠᠭᠤᠯᠭ᠎ᠠ ᠶᠢ ᠭᠥᠯᠢᠶᠡᠨ ᠠᠪᠤᠪᠠ᠃ ᠡᠭᠦᠨ ᠳᠤ ᠰᠠᠭᠤᠷᠢ ᠲᠥᠬᠦᠭᠡᠷᠦᠮᠵᠢ ᠶᠢᠨ ᠳᠠᠯ᠎ᠠ ᠪᠠᠷ 8 ᠬᠤᠪᠢ᠂ ᠵᠠᠮ ᠬᠠᠷᠢᠯᠴᠠᠭᠠᠨ ᠤ

ᠳᠠᠯ᠎ᠠ ᠪᠠᠷ 10 ᠬᠤᠪᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠳᠠᠯ᠎ᠠ ᠪᠠᠷ 3 ᠬᠤᠪᠢ᠂ ᠲᠠᠷᠢᠶᠠᠯᠠᠩ ᠮᠠᠯ ᠠᠵᠤ ᠠᠬᠤᠢ ᠣᠶ

ᠰᠢᠭᠤᠢ ᠣᠰᠣᠨ ᠠᠰᠢᠭᠯᠠᠯᠳᠠ ᠶᠢᠨ ᠳᠠᠯ᠎ᠠ ᠪᠠᠷ 16 ᠬᠤᠪᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠯ᠎ᠠ ᠪᠠᠷ 10 ᠬᠤᠪᠢ᠂ ᠨᠡᠶᠢᠭᠡᠮ ᠤᠨ ᠪᠠᠲᠤᠯᠠᠭ᠎ᠠ

 ᠶᠢᠨ ᠳᠠᠯ᠎ᠠ ᠪᠠᠷ 7 ᠬᠤᠪᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠠᠯ᠎ᠠ ᠪᠠᠷ 4 ᠬᠤᠪᠢ᠂ ᠴᠠᠬᠢᠯᠭᠠᠨ ᠬᠦᠴᠣ ᠴᠢᠮᠡᠭᠡ ᠨᠡᠪᠳᠡᠷᠡᠯᠬᠡ ᠶᠢᠨ ᠳᠠᠯ᠎ᠠ ᠪᠠᠷ 5

ᠬᠤᠪᠢ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠳᠠᠯ᠎ᠠ ᠪᠠᠷ 1 ᠬᠤᠪᠢ᠂ ᠪᠤᠰᠤᠳ ᠰᠠᠨᠠᠭᠤᠯᠭ᠎ᠠ 4 ᠬᠤᠪᠢ ᠪᠠᠶᠢᠨ᠎ᠠ᠃

        ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠳᠣᠯᠣᠭᠠᠶᠢᠯᠠᠨ ᠰᠢᠰᠲ᠋ᠧᠮᠵᠢᠭᠦᠯᠵᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂

ᠡᠲᠡᠭᠡᠷ ᠰᠠᠨᠠᠭᠤᠯᠭ᠎ᠠ ᠶᠢ ᠬᠤᠰᠢᠭᠤᠨ ᠤ 14 ᠰᠢᠭᠤᠳ ᠬᠠᠷᠢᠶ᠎ᠠ ᠰᠠᠯᠠᠭ᠎ᠠ ᠮᠥᠴᠢᠷ ᠲᠤ ᠪᠠᠶᠢᠷᠢᠯᠠᠭᠤᠯᠵᠤ ᠪᠣᠳᠠᠲᠠᠢ ᠪᠠᠷ ᠭᠦᠢᠴᠡᠳᠬᠡᠬᠦ ᠶᠢᠨ ᠬᠠᠮᠲᠤ᠂ ᠡᠭᠦᠨ ᠤ

ᠳᠣᠲᠣᠷᠠᠬᠢ 7 ᠬᠤᠪᠢ ᠨᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠭᠰᠠᠨ ᠪᠤᠶᠤ ᠣᠯᠠᠨ ᠲᠦᠮᠡᠨ ᠤ

ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠰᠠᠨᠠᠭᠤᠯᠭ᠎ᠠ ᠪᠤᠯᠬᠤᠷ ᠭᠤᠣᠯᠳᠠᠯᠭ᠎ᠠ ᠲᠠᠢ ᠱᠠᠭᠠᠷᠳᠠᠨ ᠭᠦᠢᠴᠡᠳᠬᠡᠬᠦ ᠰᠠᠨᠠᠭᠤᠯᠭ᠎ᠠ ᠪᠣᠯᠭᠠᠵᠤ᠂ ᠬᠤᠰᠢᠭᠤᠨ ᠤ

ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠡᠶ᠎ᠡ ᠪᠠᠷ ᠢᠶᠠᠨ ᠬᠠᠷᠢᠭᠤᠴᠠᠨ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ᠂

ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ᠲᠥᠯᠥᠭᠡᠯᠡᠭᠴᠢᠳ ᠤᠨ ᠬᠢᠨᠠᠯᠲᠠ ᠳᠡᠮᠵᠢᠯᠭᠡ ᠳᠣᠣᠷ᠎ᠠ᠂ ᠪᠤᠢ

ᠪᠦᠬᠦᠢ ᠰᠠᠨᠠᠭᠤᠯᠭ᠎ᠠ ᠶᠢ ᠴᠠᠭ ᠲᠤᠬᠠᠢ ᠳᠤᠨᠢ ᠬᠦᠢᠴᠡᠳᠬᠡᠭᠰᠡᠨ ᠪᠥᠭᠡᠳ ᠬᠠᠷᠢᠭᠤᠯᠲᠠ ᠥᠭᠴᠦ᠂ ᠬᠠᠷᠢᠭᠤᠯᠲᠠ ᠦᠭᠬᠦᠭᠰᠡᠨ ᠨᠣᠷᠮ᠎ᠠ ᠨᠢ  100%  ᠳᠤ ᠬᠦᠷᠴᠣ

᠂ ᠬᠠᠨᠤᠮᠵᠢᠲᠠᠶ ᠨᠣᠷᠮ᠎ᠠ ᠪᠣᠯᠣᠨ ᠦᠨᠳᠦᠰᠦᠨ ᠬᠠᠨᠤᠮᠵᠢᠲᠠᠶ ᠨᠣᠷᠮ᠎ᠠ ᠨᠢ 100% ᠳᠤ ᠬᠦᠷᠪᠡ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ