︱ 2024 ᠣᠨ ᠤ 1 ᠰᠠᠷ᠎ᠠ ᠶᠢᠨ 12 ᠤᠨ ᠡᠳᠦᠷ ᠤᠷᠠᠳ ᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ | ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠯᠲᠠᠨᠪᠤᠯᠠᠭ | | | ᠲᠥᠯᠥᠭᠡᠯᠡᠭᠴᠢᠳ ᠠ᠋᠄ | ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠥᠪᠯᠡᠬᠦ | ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠡᠬᠢᠯᠡᠯᠲᠡ ᠶᠢᠨ ᠵᠢᠯ ᠮᠥᠨ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ | ᠤ ︽ᠲᠠᠪᠤᠨ ᠥᠨᠳᠥᠷ ᠲᠠᠪᠤᠨ ᠣᠷᠣᠨ︾ ᠤ ᠬᠠᠷᠠᠯᠲᠠ ᠶᠢᠨ ᠲᠣᠭᠤᠷᠢᠨ ᠳᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠬᠦᠴᠢᠷ ᠪᠡᠷᠬᠡ ᠶᠢ ᠲᠤᠭᠤᠯᠤᠨ ᠳᠠᠪᠠᠵᠤ᠂ ᠡᠷᠡᠮᠡᠭᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃ | ᠨᠢᠭᠡ ᠵᠢᠯ ᠤᠨ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠦ᠂ ᠡᠯ᠎ᠡ ᠲᠦᠷᠦᠯ ᠤᠨ ᠠᠵᠢᠯ ᠦᠢᠯᠡᠰ ᠤᠨ ᠦᠷ᠎ᠡ ᠪᠦᠲᠦᠭᠡᠯ ᠢ ᠴᠢᠨᠠᠷᠯᠢᠭ ᠪᠡᠶᠡᠯᠡᠭᠦᠯᠪᠡ᠃ | ᠲᠦᠰᠦᠬᠡᠯᠡᠭᠰᠡᠨ ᠢᠶᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 113 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 240 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ | ᠦᠷᠳᠡᠭ ᠢ 5.5% ᠪᠠᠷ ᠨᠡᠮᠡᠭᠳᠡᠭᠦᠯᠪᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.01 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6. | 4% ᠪᠠᠷ ᠨᠡᠮᠡᠭᠳᠡᠭᠦᠯᠪᠡ︔ ᠲᠣᠭᠲᠠᠮᠠᠯ ᠭᠦᠷᠦᠩᠭᠡ ᠶᠢᠨ ᠪᠡᠯᠡ ᠣᠷᠣᠭᠤᠯᠤᠯᠲᠠ ᠶᠢ 81.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 42.5% ᠪᠠᠷ | ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 7.6 ᠳ᠋ᠦᠩᠰᠢᠭᠤᠷ ᠲᠥᠭᠦᠷᠢᠭ ᠲᠤ ᠬᠦᠷᠴᠦ᠂ 6% ᠪᠠᠷ | ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 6% ᠪᠠ 8% ᠪᠠᠷ | ᠨᠡᠮᠡᠭᠳᠡᠭᠦᠯᠪᠡ᠃ ᠳᠡᠭᠡᠳᠦ ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢ 17.83 ᠳ᠋ᠦᠩᠰᠢᠭᠤᠷ ᠲᠥᠭᠦᠷᠢᠭ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠢ ᠳᠡᠮᠡᠴᠡᠨ ᠤᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ 38.49 ᠳ᠋ᠦᠩᠰᠢᠭᠤᠷ | ᠲᠥᠭᠦᠷᠢᠭ ᠲᠤ ᠬᠦᠷᠭᠡᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 23 ᠲᠥᠷᠥᠯ ᠵᠦᠢᠯ ᠢ ᠨᠠᠶᠢᠳᠠᠪᠤᠷᠢᠵᠢᠭᠤᠯᠵᠦ᠂ 78 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠶᠢ ᠪᠣᠳᠠᠲᠠᠶᠢᠵᠢᠭᠤᠯᠪᠠ᠃ 3 ᠲᠤᠮᠤ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ ᠲᠠᠰᠤᠷᠠᠯᠲᠠ ᠦᠭᠡᠢ | ᠥᠷᠭᠡᠳᠴᠦ᠂ ᠡᠵᠡᠩᠨᠡᠯᠲᠡ ᠶᠢᠨ ᠪᠥᠬᠦ ᠣᠷᠣᠯᠭ᠎ᠠ 2.6 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ ᠴᠡᠪᠡᠷ ᠤᠷᠤᠯᠭ᠎ᠠ 2300 ᠲᠦᠮᠡᠨ ᠲᠥᠭᠦᠷᠢᠭ ᠢ ᠳᠠᠪᠠᠪᠠ᠃ | ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ︽ᠳᠤᠮᠳᠠᠳᠤ ᠤᠯᠤᠰ ᠤᠨ ᠬᠠᠮᠤᠭ ᠤᠨ ᠭᠤᠶᠣ | ᠰᠢᠶᠠᠨ ᠤ ᠬᠤᠲᠠ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ︽ᠳᠤᠮᠳᠠᠳᠤ | ᠤᠯᠤᠰ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠵᠢᠱᠢᠶᠡᠴᠢ︾ ︽ᠤᠯᠤᠰ ᠤᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ︾ ᠵᠡᠷᠭᠡ ᠲᠠᠪᠤᠨ ᠵᠦᠢᠯ ᠤᠨ ᠤᠯᠤᠰ ᠤᠨ ᠢᠷᠠᠭᠤ ᠠᠯᠳᠠᠷ ᠢ ᠭᠥᠷᠳᠡᠪᠡ᠃ | ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ᠂ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ 87 ᠳ᠋ᠤᠭᠠᠷ ᠲᠤ | ᠲᠠᠪᠰᠢᠨ ᠣᠷᠣᠪᠠ᠃ | ᠨᠢᠭᠡ ᠵᠢᠯ ᠤᠨ ᠲᠤᠷᠰᠢ᠂ ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠳᠣᠪᠤᠶᠢᠯᠭᠠᠨ᠂ ᠠᠵᠤ ᠦᠢᠯᠡᠰ ᠲᠦᠷᠭᠡᠨ ᠪᠥᠭᠡᠳ | ᠲᠣᠭᠲᠠᠭᠤᠨ ᠢᠶᠠᠷ ᠬᠥᠭᠵᠢᠪᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠥᠪᠯᠡᠷᠡᠩᠭᠦᠢ ᠬᠥᠭᠵᠢᠪᠡ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠰᠠᠬᠢᠵᠤ᠂ 14.4 ᠲᠦᠮᠡᠨ ᠮᠦ ᠠᠮᠤ ᠪᠤᠳᠠᠭ᠎ᠠ ᠳᠠᠷᠢᠬᠤ ᠶᠢ ᠨᠠᠶᠢᠳᠠᠪᠤᠷᠢᠵᠢᠭᠤᠯᠪᠠ᠃ 3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠵᠤ᠂ ᠭᠠᠵᠠᠷ ᠰᠢᠷᠣᠢ ᠶᠢᠨ ᠡᠷᠭᠢᠯᠲᠡ ᠶᠢᠨ ᠬᠡᠪᠴᠢᠶᠡᠵᠢᠯ ᠢ 11 ᠲᠦᠮᠡᠨ ᠮᠦ ᠳᠤ ᠬᠦᠷᠭᠡᠵᠦ᠂ 14.7 ᠲᠦᠮᠡᠨ ᠮᠦ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠶᠢ ᠲᠦᠭᠡᠮᠡᠯᠵᠢᠬᠦᠯᠪᠡ᠃ 3.5 ᠲᠦᠮᠡᠨ ᠮᠦ ᠲᠦᠭᠦᠭᠡᠷᠦᠮᠵᠢᠳᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ᠣᠯᠠᠨ ᠤᠯᠤᠰ ᠤᠨ ᠲᠠᠷᠢᠶᠠᠯᠠᠩ ᠤᠨ | ᠦᠵᠡᠰᠬᠦᠯᠡᠩ ᠵᠡᠷᠭᠡ 15ᠤᠳᠤᠬᠢᠴᠢᠯᠠᠭᠰᠠᠨ ᠥᠨᠳᠥᠷ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠦᠨᠳᠦᠷ ᠪᠠᠷᠢᠮᠵᠢᠶ᠎ᠠ ᠪᠠᠷ ᠪᠠᠶᠢᠭᠤᠯᠵᠤ᠂ | ᠪᠥᠬᠦ ᠣᠷᠣᠨ ᠤ ᠲᠦᠭᠦᠭᠡᠷᠦᠮᠵᠢᠳᠦ ᠲᠠᠷᠢᠶᠠᠯᠠᠩ ᠤᠨ ᠲᠤᠬᠠᠢ ᠶᠢᠨ ᠲᠠᠯᠠᠪᠤᠷ ᠤᠨ ᠴᠤᠭᠯᠠᠭᠠᠨ ᠢ ᠴᠢᠨᠠᠷ ᠰᠠᠶᠢᠲᠠᠢ ᠳᠠᠭᠠᠭᠠᠴᠢᠯᠠᠨ ᠡᠷᠭᠢᠯᠡᠪᠡ᠃ 18 ᠮᠠᠯ ᠠᠵᠤ | ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ 24 ︽ᠨᠠᠶᠢᠳᠠᠨ ᠲᠡᠵᠢᠭᠡᠬᠦ ᠭᠠᠵᠠᠷ︾ ᠤᠨ ᠡᠵᠡᠩᠨᠡᠯᠲᠡ ᠶᠢᠨ ᠦᠷ᠎ᠡ ᠠᠰᠢᠭ ᠢ ᠪᠥᠬᠦ ᠲᠠᠯ᠎ᠠ ᠪᠠᠷ ᠠᠬᠢᠭᠤᠯᠵᠤ᠂ | ᠤᠣ ᠶᠢᠨ ᠭᠤᠤᠯ ᠤᠨ ᠲᠦᠮᠡᠨ ᠲᠣᠯᠣᠭᠠᠢ ᠠᠯᠠᠰᠢᠨ ᠦᠬᠡᠷ᠂ ᠰᠢᠩ ᠷᠠᠨ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭ᠎ᠠ᠂ ᠲᠦᠮᠡᠨ ᠭᠤᠪᠢ ᠶᠢᠨ ᠤᠯᠠᠭᠠᠨ | ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠤᠷᠤᠭᠰᠢᠲᠠᠢ ᠪᠠᠶᠢᠭᠤᠯᠪᠠ᠃ ︽ᠤᠷᠠᠳ ᠤᠨ ᠬᠤᠶᠢᠲᠤ ᠬᠤᠰᠢᠭᠤᠨ ᠤ ᠭᠤᠪᠢ ᠶᠢᠨ ᠤᠯᠠᠭᠠᠨ ᠲᠡᠮᠡᠭᠡ︾ ︽ | 2023 ᠣᠨ ᠤ ᠳᠤᠮᠳᠠᠳᠤ ᠤᠯᠤᠰ ᠤᠨ ᠮᠠᠯ ᠠᠵᠤ ᠠᠬᠤᠢ ᠶᠢᠨ ᠭᠠᠵᠠᠷ ᠵᠦᠢ ᠶᠢᠨ ᠲᠡᠮᠳᠡᠭᠲᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠤᠨ ᠬᠠᠮᠠᠭᠠᠯᠠᠯᠲᠠ ᠶᠢᠨ ᠱᠠᠩᠨᠠᠯ︾ ᠢ ᠭᠥᠷᠳᠡᠵᠦ᠂ ᠪᠥᠬᠦ ᠤᠯᠤᠰ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠶᠢᠨ ᠨᠡᠷᠡᠰ ᠲᠤ | ᠰᠣᠩᠭᠤᠭᠳᠠᠨ᠂ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠲᠡᠮᠡᠭᠡᠨ ᠠᠵᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠪᠡ᠃ ︽ᠬᠤᠶᠠᠷ ᠲᠥᠷᠥᠯ | ᠵᠦᠢᠯ ᠨᠢᠭᠡ ᠲᠡᠮᠳᠡᠭᠳᠦ ᠨᠢᠭᠡ ᠰᠢᠨ᠎ᠡ︾ ᠨᠢ ᠤᠯᠤᠰ ᠤᠨ ᠬᠦᠴᠦᠨ ᠲᠠᠢ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠶᠡᠷᠦᠩᠬᠡᠢ ᠲᠤᠭ᠎ᠠ ᠶᠢ 20 ᠳᠤ | ᠬᠦᠷᠦᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠳᠤᠲᠠᠭᠤᠳᠠᠯ ᠢ ᠨᠥᠬᠦᠪᠦᠷᠢᠯᠡᠬᠦ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 64 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠯᠢ ᠪᠠᠨ ᠬᠥᠭᠵᠢᠭᠦᠯᠵᠦ ᠠᠷᠠᠳ ᠢ | ᠪᠠᠶᠠᠵᠢᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠪᠠ᠃ 50 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠪᠥᠬᠦ ᠲᠤᠭ᠎ᠠ ᠶᠢ | 4066 ᠲᠦᠮᠡᠨ ᠲᠥᠭᠦᠷᠢᠭ ᠲᠤ ᠬᠦᠷᠭᠡᠵᠦ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠰᠤ ᠶᠢ ᠨᠠᠩ ᠨᠢᠭᠲᠠ ᠪᠣᠯᠭᠠᠪᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢ ᠲᠦᠷᠭᠡᠳᠪᠡ᠃ ᠠᠵᠤ ᠦᠢᠯᠡᠳᠪᠦᠷᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ | ᠪᠠ ᠠᠵᠤ ᠦᠢᠯᠡᠳᠪᠦᠷᠢ ᠶᠢᠨ ᠦᠢᠯᠡᠳᠬᠦᠨ ᠤ ᠲᠤᠭ᠎ᠠ ᠬᠡᠮᠵᠢᠶ᠎ᠡ᠂ ᠦᠢᠯᠡᠳᠬᠦᠨ ᠤ ᠬᠡᠮᠵᠢᠶ᠎ᠡ᠂ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠡᠷᠡᠰ | ᠭᠤᠶᠢᠪᠢᠰᠢ ᠦᠭᠡᠢ ᠴᠢᠩᠭ᠎ᠠ ᠠᠳᠬᠤᠪᠠ᠃ ᠾᠧᠢ ᠮᠣᠣ ᠶᠢᠨ ᠬᠤᠶᠠᠳᠤᠭᠠᠷ ᠬᠤᠭᠤᠴᠠᠭ᠎ᠠ᠂ ᠭᠥᠸᠧ ᠴᠧᠩ ᠡᠬᠢ ᠪᠠᠶᠠᠯᠢᠭ᠂ ᠶᠢᠨ ᠬᠦ᠋ ᠡᠨᠧᠷᠭᠢ ᠶᠢᠨ ᠰᠤᠷᠪᠤᠯᠵᠢ᠂ | ᠳ᠋ᠧ ᠶᠤᠸᠠᠨ ᠤ ᠬᠤᠶᠠᠳᠤᠭᠠᠷ ᠬᠤᠭᠤᠴᠠᠭ᠎ᠠ᠂ ᠵᠢᠩ ᠨᠧᠩ ᠤᠨ ᠬᠤᠶᠠᠳᠤᠭᠠᠷ ᠬᠤᠭᠤᠴᠠᠭ᠎ᠠ᠂ ᠱᠠᠩᠬᠠᠢ ᠮᠢᠶᠣᠣ ᠶᠢᠨ ᠣᠨᠴᠠ ᠥᠨᠳᠥᠷ ᠳᠠᠷᠤᠯᠳᠠᠳᠤ ᠴᠠᠬᠢᠯᠭᠠᠨ | ᠵᠡᠷᠭᠡ ᠲᠣᠮᠣ ᠲᠦᠷᠦᠯ ᠵᠦᠢᠯ ᠵᠠᠯᠭᠠᠭᠠᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠮᠤᠤ ᠤᠨ ᠬᠡᠣᠳᠠᠰᠣ᠂ ᠰᠢᠶᠦ᠋ᠨ ᠨᠧᠩ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠬᠤ᠂ ᠱᠤᠸᠠᠩ ᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ | ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 53 ᠬᠦᠷᠴᠦ᠂ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠡᠢ᠃ 13 ᠠᠵᠤ | ᠠᠬᠤᠶᠢᠯᠠᠯ ᠨᠢ ︽ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ᠢᠶᠠᠷ ᠦᠨᠡᠯᠡᠭᠳᠡᠵᠦ᠂ 4 ᠠᠵᠤ ᠠᠬᠤᠶᠢᠯᠠᠯ ᠨᠢ ︽ᠲᠤᠰᠬᠠᠢ | ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠨᠥᠭᠡᠴᠡ ᠶᠢᠨ ᠬᠥᠮᠥᠷᠭᠡ ᠳᠤ ᠰᠣᠩᠭᠤᠭᠳᠠᠵᠤ᠂ 2 ᠠᠵᠤ ᠠᠬᠤᠶᠢᠯᠠᠯ ᠨᠢ ᠪᠣᠬᠢᠷᠲᠤᠯ | ᠦᠭᠡᠢ ᠦᠢᠯᠡᠳᠪᠦᠷᠢ ᠶᠢ ᠡᠭᠦᠳᠦᠨ ᠪᠠᠶᠢᠭᠤᠯᠵᠤ᠂ 10 ᠠᠵᠤ ᠠᠬᠤᠶᠢᠯᠠᠯ ᠨᠢ ᠪᠣᠬᠢᠷᠲᠤᠯ ᠦᠭᠡᠢ ᠪᠠᠷᠢᠮᠵᠢᠶ᠎ᠠ ᠳᠤ ᠬᠦᠷᠴᠦ᠂ 4 ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ᠡᠭᠦᠳᠦᠨ ᠪᠠᠶᠢᠭᠤᠯᠪᠠ᠃ ᠨᠠᠷᠠᠨ ᠭᠤᠤ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢ ᠲᠦᠷᠬᠡᠨ ᠠᠬᠢᠭᠤᠯᠪᠠ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠳᠠᠬᠢᠨ ᠢᠶᠠᠷ ᠨᠡᠮᠡᠭᠳᠡᠭᠦᠯᠵᠦ᠂ 321 ᠲᠦᠮᠡᠨ | ᠺᠢᠯᠣᠸᠠᠲ ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 36 ᠳ᠋ᠦᠩᠰᠢᠭᠤᠷ ᠭᠷᠡᠳᠦ᠋ᠰ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 45% ᠪᠠᠷ | ᠨᠡᠮᠡᠭᠳᠡᠪᠡ᠃ ᠲᠢᠲ᠋ᠠᠨ ᠤ ᠴᠠᠭᠠᠨ ᠨᠤᠨᠳᠠᠭ᠂ ᠨᠡᠶᠢᠯᠡᠮᠡᠯ ᠪᠣᠷᠳᠣᠭᠤᠷ ᠵᠡᠷᠭᠡ ᠦᠢᠯᠡᠳᠬᠦᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠨᠡᠭᠡᠭᠡᠵᠦ᠂ 30 | ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠠᠵᠤ ᠦᠢᠯᠡᠳᠪᠦᠷᠢ ᠶᠢᠨ ᠦᠢᠯᠡᠳᠬᠦᠨ ᠤ 67% ᠨᠢ ᠭᠠᠷᠤᠯᠲᠠ ᠪᠠᠨ ᠨᠡᠮᠡᠭᠳᠡᠭᠦᠯᠪᠡ᠃ ᠠᠵᠤ ᠦᠢᠯᠡᠳᠪᠦᠷᠢ ᠶᠢᠨ | ᠲᠤᠭᠤᠷᠢᠭ ᠤᠨ ᠲᠠᠲᠠᠬᠤ ᠬᠦᠴᠦᠨ ᠪᠠ ᠳᠠᠭᠠᠭᠠᠴᠠ ᠶᠢ ᠢᠯᠡᠳᠲᠡ ᠨᠡᠮᠡᠭᠳᠡᠭᠦᠯᠵᠦ᠂ ᠤᠯᠤᠰ ᠤᠨ ᠲᠠᠰ ᠤᠨ ᠪᠣᠬᠢᠷᠲᠤᠯ ᠦᠭᠡᠢ ᠲᠤᠭᠤᠷᠢᠭ᠂ ᠡᠩ ᠤᠨ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠳᠡᠰ ︵C ᠳᠡᠰ︶ ᠤᠨ ᠬᠢᠮᠢ ᠶᠢᠨ ᠠᠵᠤ ᠦᠢᠯᠡᠳᠪᠦᠷᠢ ᠶᠢᠨ ᠳᠣᠭᠤᠷᠢᠭ ᠢᠶᠠᠷ ᠮᠠᠭᠠᠳᠯᠠᠨ ᠲᠣᠭᠲᠠᠭᠠᠵᠤ᠂ ᠣᠶᠤᠨᠲᠤ | ᠲᠣᠭᠤᠷᠢᠭ ᠤᠨ ᠬᠠᠮᠢᠶᠠᠷᠤᠯᠲᠠ ᠶᠢᠨ ᠲᠠᠪᠴᠠᠩ᠂ ᠴᠠᠬᠢᠯᠭᠠᠨ ᠬᠠᠩᠭᠠᠬᠤ᠂ ᠵᠠᠮ᠂ ᠪᠤᠬᠢᠷ ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ᠂ ᠭᠠᠯ ᠤᠨᠲᠠᠷᠠᠭᠠᠬᠤ ᠵᠡᠷᠭᠡ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃ | ᠭᠤᠷᠪᠠᠳᠤᠭᠠᠷ ᠠᠵᠤ ᠦᠢᠯᠡᠰ ᠤᠨ ᠭᠡᠷᠡᠯ ᠭᠢᠯᠪᠠᠭ᠎ᠠ ᠶᠢ ᠶᠡᠬᠡᠪᠡᠷ ᠪᠠᠳᠠᠷᠠᠭᠤᠯᠪᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ | ᠭᠤᠶᠢᠪᠢᠰᠢ ᠦᠭᠡᠢ ᠠᠬᠢᠭᠤᠯᠵᠤ᠂ ︽ᠤᠷᠠᠳ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠶᠢᠳᠡ 42 ᠤᠳᠠᠭ᠎ᠠ ᠨᠡᠪᠳᠡᠷᠡᠬᠦᠯᠤᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ 5.18 ᠲᠦᠮᠡᠨ ᠲᠣᠨ ᠪᠡᠶᠡᠯᠡᠭᠦᠯᠵᠦ᠂ ᠠᠷᠠᠯᠵᠢᠶᠠᠨ ᠤ ᠬᠡᠮᠵᠢᠶ᠎ᠡ ᠶᠢ 5.3 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 1 ᠰᠢᠶᠠᠩᠭᠠᠩ ᠤᠨ ᠪᠡᠯᠡ ᠮᠦᠩᠬᠦ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠭᠠᠳᠠᠭᠠᠳᠤ ᠪᠡᠯᠡ ᠮᠦᠩᠬᠦ 1491 ᠲᠦᠮᠡᠨ | ᠲᠥᠭᠦᠷᠢᠭ ᠶᠢ ᠪᠣᠳᠠᠲᠠᠢ ᠠᠰᠢᠭᠯᠠᠪᠠ᠃ ᠰᠣᠶᠣᠯ ᠤᠨ ᠵᠢᠭᠤᠯᠴᠢᠯᠠᠯ ᠡᠷᠡᠭᠦᠯᠵᠢᠯ ᠤᠨ ᠠᠵᠤ ᠦᠢᠯᠡᠰ ᠤᠨ ᠰᠢᠨ᠎ᠡ ᠪᠠᠶᠢᠳᠠᠯ ᠡᠷᠡᠰ ᠭᠤᠶᠢᠪᠢᠰᠢ ᠦᠭᠡᠢ ᠴᠤᠭᠴᠠᠯᠠᠵᠦ᠂ | ᠨᠠᠷᠠᠨ ᠠᠭᠤᠯᠠ ᠠᠮᠢ ᠠᠬᠤᠢ ᠶᠢᠨ ᠦᠵᠡᠮᠵᠢ ᠶᠢᠨ ᠣᠷᠣᠨ ᠢ ᠡᠳᠦᠷ ᠢᠷᠡᠬᠦᠶ᠎ᠡ ᠲᠡᠭᠦᠯᠳᠡᠷᠵᠢᠭᠦᠯᠦᠨ᠂ ᠬᠤᠳᠠᠯᠳᠤᠭᠠᠨ ᠤ ᠶᠠᠪᠠᠭᠠᠨ ᠵᠡᠭᠡᠯᠢ ᠶᠢ ᠪᠥᠬᠦ ᠲᠠᠯ᠎ᠠ ᠪᠠᠷ | ᠪᠠᠶᠢᠭᠤᠯᠵᠤ᠂ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠬᠦᠷ ᠬᠦᠭᠵᠢᠶᠡᠨ ᠲᠠᠢ ᠪᠠᠷ ᠵᠢᠭᠤᠯᠴᠢᠳ ᠢᠶᠠᠨ ᠣᠭᠳᠣᠪᠠ᠃ ︽ᠪᠥᠬᠦ ᠤᠯᠤᠰ ᠤᠨ ᠴᠢᠨᠠᠷ | ᠰᠠᠶᠢᠲᠠᠢ ᠬᠤᠪᠣᠷ ᠨᠠᠨᠳᠢᠨ ᠬᠠᠯᠠᠭᠤᠨ ᠷᠠᠰᠢᠶᠠᠨ︾ ᠢ ᠠᠮᠵᠢᠯᠲᠠ ᠲᠠᠢ ᠪᠠᠷ ᠮᠠᠭᠠᠳᠯᠠᠨ ᠲᠣᠭᠲᠠᠭᠠᠵᠤ᠂ ᠮᠣᠩᠭᠤᠯ ᠡᠮᠨᠡᠯᠭᠡ ᠶᠢᠨ ᠣᠨᠴᠠᠯᠢᠭᠲᠤ ᠡᠷᠡᠭᠦᠯᠵᠢᠯ | ᠰᠤᠪᠢᠯᠠᠯᠲᠠ ᠶᠢᠨ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠠᠵᠢᠯᠲᠠᠨ ᠠᠵᠢᠯᠴᠢᠨ ᠤ | ᠰᠤᠪᠢᠯᠠᠯᠲᠠ ᠶᠢᠨ ᠰᠠᠭᠤᠷᠢᠨ ᠭᠠᠵᠠᠷ ᠢᠶᠠᠷ ᠪᠠᠳᠤᠯᠠᠵᠦ᠂ ᠤᠣ ᠶᠢᠨ ᠭᠤᠤᠯ ᠮᠣᠩᠭᠤᠯ ᠬᠤᠭᠤᠯᠠ ᠶᠢ ︽ᠥᠪᠥᠷ ᠮᠣᠩᠭᠤᠯ ᠤᠨ ᠦᠨᠦᠷ ᠠᠮᠲᠠ︾ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠪᠡ᠃ ᠤᠯᠠᠭᠠᠨᠮᠥ᠋ᠴᠢᠷ ᠲᠥᠪ ᠤᠨ ᠵᠠᠭᠤᠴᠢᠯᠠᠭᠤᠷ ᠲᠤ ᠭᠤᠷᠪᠠᠨᠲᠠ ᠨᠡᠶᠢᠳᠡᠯᠡᠭᠳᠡᠵᠦ᠂ | ᠠᠷᠠᠳ ᠤᠨ ᠵᠦᠴᠦᠭᠡ ᠶᠢᠨ ᠲᠢᠶᠠᠲᠷ ᠰᠣᠶᠣᠯ ᠤᠨ ᠰᠢᠨ᠎ᠡ ᠰᠠᠭᠤᠷᠢᠨ ᠭᠠᠵᠠᠷ ᠪᠣᠯᠪᠠ᠃ ︽ᠳᠡᠭᠵᠢᠨ ᠳᠠᠣᠯᠠᠢ ᠶᠢᠨ ᠦᠰᠦᠷᠬᠢᠯᠡᠯᠳᠡ᠂ ᠬᠡᠰᠢᠭ ᠬᠤᠷᠤᠶᠢᠯᠠᠭᠰᠠᠨ | ᠤᠷᠠᠳ ᠤᠨ ᠬᠤᠶᠢᠲᠤ ᠬᠤᠰᠢᠭᠤ︾ ᠰᠢᠷᠢᠰ ᠬᠦᠳᠡᠯᠭᠡᠭᠡᠨ ᠬᠥᠮᠥᠰ ᠤᠨ ᠪᠠᠭ᠋ᠠᠷᠬᠠᠯ ᠢ ᠲᠠᠲᠠᠵᠤ᠂ ᠪᠦᠬᠦ ᠤᠯᠤᠰ ᠤᠨ ᠦᠵᠡᠮᠦᠷᠢ ᠶᠢᠨ ᠬᠠᠴᠢᠨ ᠴᠢᠯᠠᠭᠤᠨ ᠤ | ᠦᠵᠡᠰᠬᠦᠯᠡᠩ᠂ ᠮᠦᠩᠭᠦᠨ ᠡᠪᠦᠯ ᠤᠨ ᠨᠠᠶᠢᠷ᠂ ᠥᠯᠵᠡᠶᠢᠲᠦ ᠡᠳᠦᠷ ᠤᠨ ᠪᠠᠶᠠᠷ ᠵᠡᠷᠭᠡ ᠠᠵᠢᠯᠯᠠᠭ᠎ᠠ ᠶᠢ ᠦᠪᠡᠳᠡᠭᠰᠢ ᠶᠡᠬᠡᠪᠡᠷ ᠶᠠᠪᠤᠭᠳᠠᠭᠤᠯᠵᠤ᠂ ᠪᠦᠬᠦ ᠵᠢᠯ ᠳᠤ | 176 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ | ᠨᠢᠭᠡ ᠵᠢᠯ ᠤᠨ ᠲᠤᠷᠰᠢ᠂ ᠪᠢᠳᠡ ᠬᠠᠮᠳᠤᠪᠡᠷ ᠬᠦᠴᠦᠯᠡᠵᠦ᠂ ᠴᠢᠷᠮᠡᠶᠢᠨ ᠳᠡᠮᠡᠴᠡᠵᠤ᠂ ᠠᠮᠢ ᠠᠬᠤᠢ ᠶᠢᠨ ᠣᠷᠴᠢᠨ ᠲᠤᠭᠤᠷᠢᠨ ᠦᠷᠭᠦᠯᠵᠢᠯᠡᠨ | ᠰᠠᠶᠢᠵᠢᠷᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠢᠶᠠᠷ | ᠲᠦᠯᠬᠢᠨ ᠠᠬᠢᠭᠤᠯᠪᠠ᠃ ᠬᠠᠲᠤᠨ ᠭᠤᠣᠯ ᠤᠨ ᠲᠤᠬᠤᠢ ᠪᠤᠯᠤᠩ ᠤᠨ ᠪᠤᠭᠤᠮᠳᠠ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ 12.95 | ᠲᠦᠮᠡᠨ ᠮᠦ ᠶᠢ ᠣᠶᠢᠵᠢᠭᠤᠯᠵᠤ᠂ 22.7 ᠲᠦᠮᠡᠨ ᠮᠦ ᠶᠢᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠮᠤᠨᠢ ᠠᠭᠤᠯᠠ ᠶᠢᠨ ᠠᠷᠤ | ᠬᠤᠷᠮᠣᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠣᠣᠯ ᠤᠨ ᠦᠯᠡᠳᠡᠭᠳᠡᠭᠰᠡᠨ ᠠᠭᠤᠷᠬᠠᠢ ᠶᠢᠨ | ᠠᠮᠢ ᠠᠬᠤᠢ ᠶᠢ ᠰᠡᠷᠭᠦᠭᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠢ ᠰᠢᠯᠭᠠᠨ ᠳ᠋ᠦᠩᠨᠡᠵᠣ᠂ ᠲᠣᠰ ᠬᠤᠭᠤᠴᠠᠭᠠᠨ ᠳᠤ ᠪᠠᠶᠢᠭ᠎ᠠ ᠠᠭᠤᠷᠬᠠᠢ ᠶᠢᠨ | ︽ᠨᠢᠭᠡ ᠠᠭᠤᠷᠬᠠᠢ ᠳᠤ ᠨᠢᠭᠡ ᠠᠷᠭ᠎ᠠ ᠪᠣᠳᠣᠯᠭ᠎ᠠ︾ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠦᠬᠦᠨ ᠢ ᠪᠡᠶᠡᠯᠡᠬᠦᠯᠪᠡ᠃ ᠨᠡᠶᠢᠲᠡ 1. | 53 ᠲᠦᠮᠡᠨ ᠣᠩᠭᠤᠨ ᠪᠤᠯᠠᠰᠢ ᠶᠢ ᠴᠡᠪᠡᠷᠯᠡᠨ ᠨᠡᠭᠦᠯᠭᠡᠵᠦ᠂ 2 ᠲᠦᠮᠡ ᠭᠠᠷᠤᠢ ᠮᠦ ᠨᠤᠲᠤᠭ ᠪᠡᠯᠴᠢᠭᠡᠷ ᠤᠨ ᠴᠢᠳᠠᠮᠵᠢ ᠶᠢ ᠰᠡᠷᠭᠦᠭᠡᠵᠦ᠂ ᠠᠷᠠᠳ ᠤᠨ ᠶᠠᠪᠤᠳᠠᠯ ᠤᠨ | ᠶᠠᠮᠤᠨ ᠠᠴᠠ ︽ᠪᠥᠬᠦ ᠤᠯᠤᠰ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠲᠤᠷᠰᠢᠯᠲᠠ ᠶᠢᠨ ᠭᠠᠵᠠᠷ ᠣᠷᠣᠨ︾ ᠢᠶᠠᠷ ᠵᠢᠭᠰᠠᠭᠠᠭᠳᠠᠪᠠ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠢᠪᠳᠤᠯᠤᠯᠳᠠ ᠶᠢᠨ ᠲᠠᠶᠢᠨ ᠢ | ᠡᠷᠡᠰ ᠰᠠᠶᠢᠲᠤᠷ ᠬᠢᠵᠦ᠂ ︽ᠲᠦᠷᠪᠡᠨ ᠤᠰᠤ ᠶᠢ ᠬᠤᠯᠪᠣᠯᠳᠤᠭᠤᠯᠬᠤ︾ ᠤᠰᠤ ᠠᠷᠪᠢᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠤᠨ ᠪᠦᠲᠦᠭᠡᠵᠦ᠂ ︽ | ᠬᠤᠳᠳᠤᠭ ᠨᠢᠬᠡᠪᠤᠷᠢ ᠳᠤ ᠬᠦᠰᠦᠨᠦᠭᠲᠦ ᠳᠣᠬᠢᠷᠠᠭᠤᠯᠤᠨ ᠳᠣᠭᠳᠠᠮᠠᠯ ᠢᠯᠡᠳᠬᠡᠮᠵᠢ ᠢᠶᠠᠷ ᠵᠢᠯᠤᠭᠤᠳᠴᠣ ᠳᠣᠭᠳᠠᠭᠰᠠᠨ ᠲᠠᠯᠠᠪᠠᠢ ᠲᠠᠢ ᠪᠠᠶᠢᠬᠤ︾ ᠶᠢ ᠤᠷᠢᠳᠠᠪᠠᠷ | ᠬᠡᠷᠡᠭᠵᠢᠭᠦᠯᠵᠦ᠂ ᠲᠠᠷᠢᠶᠠᠯᠠᠩ ᠤᠨ ᠬᠡᠷᠡᠭᠯᠡᠬᠦ ᠤᠰᠤ ᠶᠢ ᠨᠠᠷᠢᠯᠢᠭ ᠤᠨᠤᠪᠴᠢᠳᠠᠢ ᠪᠠᠷ ᠬᠡᠮᠵᠢᠬᠦ ᠶᠢ ᠪᠡᠶᠡᠯᠡᠭᠦᠯᠵᠦ᠂ 400 ᠲᠦᠮᠡᠨ ᠺᠦᠪ ᠮᠧᠲᠷ ᠤᠨ ᠤᠰᠤ | ᠠᠷᠪᠢᠯᠠᠬᠤ ᠴᠢᠳᠠᠮᠵᠢ ᠶᠢ ᠰᠢᠨ᠎ᠡ ᠪᠠᠷ ᠨᠡᠮᠡᠭᠳᠡᠭᠦᠯᠪᠡ᠃ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠠᠯᠠᠪᠠᠶ ᠶᠢ 12.2 ᠲᠦᠮᠡᠨ ᠮᠦ | ᠪᠡᠶᠡᠯᠡᠭᠦᠯᠵᠦ᠂ 441.63 ᠲᠣᠨ ᠬᠠᠶᠠᠭᠳᠠᠮᠠᠯ ᠪᠦᠷᠬᠦᠭᠦᠯ ᠢ ᠬᠤᠷᠢᠶᠠᠨ ᠠᠪᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠠᠭᠠᠷ᠂ ᠤᠰᠤ᠂ ᠬᠥᠷᠥᠰᠥ ᠰᠢᠷᠣᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠣᠯᠠᠨ | ᠲᠦᠮᠡᠨ ᠤ ᠲᠤᠰᠬᠠᠭᠰᠠᠨ ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠨ᠂ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡ | ᠴᠣᠭᠴᠠᠵᠢᠭᠤᠯᠤᠨ ᠠᠬᠢᠭᠤᠯᠪᠠ᠃ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠡᠷᠡᠰ ᠭᠤᠶᠢᠪᠢᠰᠢ ᠦᠭᠡᠢ ᠳᠡᠭᠡᠭᠰᠢᠯᠡᠭᠦᠯᠵᠦ᠂ ᠷᠦᠨ | ᠹᠧᠩ ᠬᠠᠭᠤᠴᠢᠨ ᠰᠠᠭᠤᠭᠠᠯᠢ ᠳᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠤ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠬᠦᠴᠦ ᠭᠠᠷᠭᠠᠨ᠂ 413 ᠮᠦ ᠭᠠᠵᠠᠷ ᠢ ᠰᠢᠨ᠎ᠡ ᠪᠠᠷ ᠨᠤᠭᠤᠭᠠᠷᠠᠭᠤᠯᠵᠦ᠂ 29.4 ᠺᠢᠯᠣᠮᠧᠲᠷ ᠡᠯ᠎ᠡ ᠲᠥᠷᠥᠯ ᠤᠨ | ᠬᠤᠭᠤᠯᠠᠢ ᠶᠢᠨ ᠲᠣᠣᠷ ᠢ ᠳᠡᠪᠢᠰᠪᠡ᠃ ᠲᠤᠩᠭᠠᠯᠠᠭ ᠦᠵᠡᠮᠦᠷᠢ ᠶᠢᠨ ᠭᠤᠣᠯ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ᠰᠤᠮᠤ ᠪᠠᠯᠭᠠᠰᠤᠨ ᠤ ᠬᠤᠭ ᠨᠣᠪᠰᠢ | ᠳᠠᠮᠵᠢᠭᠤᠯᠤᠨ ᠲᠡᠭᠡᠭᠡᠪᠦᠷᠢᠯᠡᠬᠦ 10 ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠥᠬᠦ ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ 3130 ᠡᠷᠦᠬᠡ ᠶᠢᠨ | ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ | ᠶᠢᠨ ᠳᠠᠬᠢᠨ ᠬᠢᠨᠠᠯᠲᠠ ᠶᠢ ᠥᠩᠭᠡᠷᠡᠭᠡᠪᠡ᠃ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 327 ᠡᠷᠦᠬᠡ ᠶᠢᠨ | 1226 ᠬᠥᠮᠥᠨ ᠳᠤ ᠠᠰᠢᠭ ᠬᠦᠷᠲᠡᠭᠡᠪᠡ᠃ ᠬᠤᠷᠭᠤ ᠵᠡᠷᠭᠡ ᠭᠤᠷᠪᠠᠨ ᠭᠠᠴᠠᠭᠠᠨ ᠤ ᠪᠠᠷᠢᠭᠠᠳᠠ ᠳᠤ ᠰᠦᠯᠵᠢᠶ᠎ᠡ ᠴᠠᠬᠢᠯᠭᠠᠨ ᠨᠡᠪᠲᠡᠷᠡᠭᠦᠯᠬᠦ ᠬᠠᠷᠠᠯᠲᠠ ᠶᠢ | ᠪᠠᠶᠠᠯᠠᠬᠦᠯᠤᠨ᠂ 50 ᠭᠠᠴᠠᠭ᠎ᠠ ᠲᠣᠰᠬᠤᠨ ᠤ ᠪᠠᠷᠢᠭᠠᠳᠠ ᠳᠤ ᠰᠦᠯᠵᠢᠶ᠎ᠡ ᠴᠠᠬᠢᠯᠭᠠᠨ ᠨᠡᠪᠲᠡᠷᠡᠭᠦᠯᠪᠡ᠃ 21 ᠴᠢᠮᠡᠭᠡ ᠨᠠᠪᠳᠡᠷᠡᠯᠬᠡ ᠶᠢᠨ ᠰᠤᠪᠤᠷᠭ᠎ᠠ ᠶᠢ ᠰᠢᠨ᠎ᠡ ᠪᠠᠷ | ᠪᠠᠶᠢᠭᠤᠯᠵᠤ᠂ ᠮᠠᠯᠵᠢᠬᠤ ᠣᠷᠣᠨ ᠤ ᠭᠤᠣᠯ ᠵᠠᠮ ᠳᠠᠭᠠᠤ ᠴᠢᠮᠡᠭᠡ ᠨᠠᠪᠳᠡᠷᠡᠯᠬᠡ ᠶᠢᠨ ᠳᠣᠬᠢᠶ᠎ᠠ ᠶᠢ ᠢᠯᠡᠳᠲᠡ ᠰᠠᠶᠢᠵᠢᠷᠠᠭᠤᠯᠵᠤ᠂ 1732 ᠡᠷᠦᠬᠡ ᠲᠠᠷᠠᠬᠠᠢ | ᠰᠠᠭᠤᠷᠢᠰᠢᠭᠰᠠᠨ ᠮᠠᠯᠴᠢᠳ ᠲᠤ ᠣᠶᠤᠨᠴᠢ ᠷᠠᠳᠢᠣ᠋ ᠲᠧᠯᠸᠢᠰ ᠤᠨ ᠦᠢᠯᠡᠴᠢᠯᠡᠭᠡ ᠶᠢ ᠬᠦᠷᠲᠡᠭᠡᠪᠡ᠃ ᠠᠷᠪᠠᠨ ᠲᠠᠪᠤᠨ ᠵᠢᠯ ᠤᠨ ᠳᠣᠷᠰᠢ ︽ᠳᠣᠷᠭᠤᠨ ᠬᠠᠶᠠᠭᠳᠠᠭᠰᠠᠨ | ︾ ᠢᠨᠵᠧᠨᠧᠷᠢᠩ ᠤᠨ ᠬᠦᠬᠡᠦ᠌ᠨᠳᠦᠷ ᠠᠴᠠ ᠣᠤ ᠶᠢᠨ ᠭᠤᠤᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠥᠬᠦ ᠲᠠᠯ᠎ᠠ ᠪᠠᠷ ᠳᠠᠭᠤᠰᠬᠠᠵᠤ᠂ ᠮᠦᠷᠡᠨ ᠠᠴᠠ | ᠪᠠᠶᠠᠨᠨᠠᠭᠤᠷ ᠠᠯᠠᠱᠠ ᠶᠢᠨ ᠵᠠᠭᠠᠭ ᠬᠦᠷᠬᠦ ᠵᠠᠰᠠᠮᠠᠯ ᠵᠠᠮ ᠤᠨ ᠲᠣᠣᠷ ᠢ ᠰᠠᠶᠢᠵᠢᠷᠠᠭᠤᠯᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 174. | 9 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠥᠬᠦ ᠣᠷᠣᠨ ᠤ ︽ᠳᠥᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠪᠥᠬᠦ ᠬᠦᠴᠦᠨ ᠢᠶᠠᠷ ᠴᠢᠷᠮᠠᠶᠢᠵᠤ᠂ ᠠᠷᠠᠳ ᠤᠨ ᠠᠮᠢᠳᠤᠷᠠᠯ ᠲᠠᠰᠤᠷᠠᠯᠲᠠ | ᠦᠭᠡᠢ ᠰᠠᠶᠢᠵᠢᠷᠠᠪᠠ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠦᠷᠭᠦᠯᠵᠢᠯᠡᠨ ᠥᠷᠭᠡᠳᠬᠡᠵᠦ᠂ ᠬᠦᠴᠢᠷᠳᠡᠯᠳᠠᠢ ᠤᠯᠠᠨ ᠲᠦᠮᠡᠨ ᠤ ᠦᠨᠳᠦᠰᠦᠨ ᠵᠦᠢᠯ ᠢ | ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠯᠥᠰᠦᠨ ᠠᠵᠢᠯᠴᠢᠨ ᠤ ᠴᠠᠯᠢᠩ ᠢ ᠪᠦᠲᠦᠮᠵᠢᠲᠡᠶ ᠪᠠᠷ ᠪᠠᠲᠤᠯᠠᠵᠤ᠂ ᠲᠡᠭ ᠠᠵᠢᠯ | ᠤᠯᠭᠤᠯᠳᠠ ᠲᠠᠢ ᠭᠡᠷ ᠪᠦᠯᠢ ᠶᠢ ᠠᠭᠠᠵᠢᠮ ᠢᠶᠠᠷ ᠦᠭᠡᠶᠢᠰᠭᠡᠵᠦ᠂ ᠬᠤᠲᠠ ᠪᠠᠯᠭᠠᠰᠤᠨ ᠳᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.1% ᠶᠢᠨ | ᠳᠣᠲᠣᠷ᠎ᠠ ᠬᠢᠵᠠᠭᠠᠷᠯᠠᠪᠠ᠃5600 ᠡᠯ᠎ᠡ ᠲᠦᠷᠤᠯ ᠤᠨ ᠪᠡᠯᠡ ᠮᠦᠩᠬᠦ ᠶᠢ ᠨᠡᠶᠢᠯᠡᠬᠦᠯᠤᠨ᠂ 3 ᠳ᠋ᠦᠩᠰᠢᠭᠤᠷ ᠲᠦᠬᠦᠷᠢᠭ ᠤᠨ ᠳᠠᠯᠳᠠ ᠬᠦᠤ ᠮᠦᠩᠬᠦ ᠲᠠᠢ ᠵᠢᠬᠡᠯᠡᠯᠬᠡ | ᠶᠢ ᠭᠠᠩ ᠬᠠᠭᠰᠠᠷᠭᠠᠨ ᠲᠠᠢ ᠳᠡᠮᠡᠴᠡᠬᠦ ᠠᠵᠢᠯ ᠳᠤ ᠵᠠᠷᠣᠴᠠᠭᠤᠯᠪᠠ᠃ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠨᠠᠢᠮᠠᠨ ᠠᠷᠭ᠎ᠠ︾ ᠶᠢ | ᠨᠡᠶᠢᠲᠡᠯᠡᠨ ᠬᠡᠷᠡᠭᠵᠢᠭᠦᠯᠵᠦ᠂ ᠥᠨᠳᠥᠷ ᠴᠠᠯᠢᠩ ᠢᠶᠠᠷ 9 ︽ᠬᠤᠣᠰ ᠲᠡᠷᠢᠭᠦᠨ ᠲᠠᠰ︾ ᠰᠢᠯᠢᠳᠡᠭ ᠵᠢᠩᠬᠢᠨᠢ ᠠᠩᠬᠢ ᠪᠠ ᠮᠠᠰᠲ᠋ᠧᠷ ᠲᠡᠭᠦᠰᠦᠭᠰᠡᠨ ᠰᠣᠷᠣᠭᠴᠢ ᠶᠢ | ᠡᠯᠰᠡᠵᠦ᠂ 8 ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢ ᠣᠷᠣᠭᠤᠯᠤᠨ ᠠᠪᠴᠢᠷᠠᠵᠤ᠂ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠪᠠ | ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠠᠵᠢᠯ ᠢ ᠤᠷᠤᠭᠰᠢᠲᠠᠢ ᠳᠠᠭᠤᠰᠬᠠᠵᠤ᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠨᠡᠶᠢᠭᠡᠮ ᠤᠨ | ᠦᠢᠯᠡᠳᠦᠯᠭᠡ ᠶᠢᠨ ᠰᠠᠭᠤᠷᠢᠨ ᠭᠠᠵᠠᠷ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ︽ᠬᠤᠪᠢᠰᠬᠠᠯ ᠤᠨ ᠲᠦᠯᠦ — ᠵᠤᠯᠵᠠᠭ᠎ᠠ ᠮᠤᠳᠤ︾ ᠵᠠᠯᠭᠠᠭ᠎ᠠ ᠪᠠᠷ | ᠪᠠᠶᠢᠭᠤᠯᠤᠭᠳᠠᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ | ᠰᠣᠷᠣᠭᠴᠢ ᠶᠢᠨ ᠢᠷᠡᠯᠲᠡ ᠮᠡᠳᠡᠭᠳᠡᠮ᠎ᠡ ᠳᠡᠭᠡᠭᠰᠢᠯᠡᠪᠡ᠃ ᠡᠮᠴᠢᠯᠡᠭᠡᠨ ᠤ ᠶᠡᠷᠦᠩᠬᠡᠶᠢᠯᠡᠭᠰᠡᠨ ᠲᠣᠭᠤᠷᠢᠭ ᠢ ᠪᠥᠬᠦ ᠲᠠᠯ᠎ᠠ ᠪᠠᠷ ᠪᠠᠶᠢᠭᠤᠯᠵᠦ᠂ ᠨᠢᠭᠲᠠ ᠬᠡᠯᠪᠡᠷᠢ ᠶᠢᠨ | ᠰᠢᠶᠠᠨ ᠢ ᠡᠮᠴᠢᠯᠡᠭᠡᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠨᠡᠯᠬᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠂ ᠮᠣᠩᠭᠤᠯ ᠡᠮᠨᠡᠯᠭᠡ ᠶᠢᠨ ᠬᠤᠷᠢᠶ᠎ᠠ 5 ᠭᠤᠷᠪᠠᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠲᠠᠢ ᠡᠮᠨᠡᠯᠬᠡ ᠶᠢᠨ ᠬᠤᠯᠪᠣᠭᠠᠲᠤ ᠴᠣᠭᠴᠠ ᠶᠢ | ᠪᠦᠷᠢᠯᠳᠦᠭᠦᠯᠵᠦ᠂ ᠤᠯᠤᠰ ᠤᠨ ᠬᠢᠳᠠᠳ ᠡᠮᠨᠡᠯᠭᠡ ᠶᠢᠨ ᠤᠬᠠᠭᠠᠨ ᠤ ᠡᠷᠳᠡᠮᠲᠡᠨ ᠤᠯᠠᠭᠠᠨ ᠤ ᠠᠵᠢᠯ ᠤᠨ ᠥᠷᠲᠡᠭᠡ ᠵᠡᠷᠭᠡ 3 ᠤᠯᠠᠮᠵᠢᠯᠠᠨ ᠵᠠᠯᠭᠠᠮᠵᠢᠯᠠᠬᠤ | ᠠᠵᠢᠯ ᠤᠨ ᠥᠷᠲᠡᠭᠡᠨ ᠤ ᠫᠠᠶᠢᠰᠠ ᠶᠢ ᠡᠯᠭᠦᠪᠡ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠣᠷᠣᠰᠢᠭᠤᠯᠭ᠎ᠠ ᠶᠢᠨ ᠭᠠᠵᠠᠷ᠂ ᠴᠢᠨᠳᠠᠷ ᠤᠨ ᠲᠠᠩᠬᠢᠮ ᠢ ᠪᠠᠶᠢᠭᠤᠯᠵᠤ ᠳᠠᠭᠤᠰᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠶᠢ ᠡᠭᠦᠳᠦᠨ ᠪᠠᠶᠢᠭᠤᠯᠬᠤ ︽ᠨᠠᠢᠮᠠ + ᠳᠤ ᠭᠦᠨᠵᠡᠭᠡᠶᠢᠷᠡᠬᠦ︾ ᠬᠦᠳᠡᠯᠭᠡᠭᠡᠨ ᠶᠢ ᠬᠦᠨᠵᠡᠭᠡᠢ ᠳᠠᠭᠠᠭᠠᠮᠠᠭᠠᠢ ᠠᠬᠢᠭᠤᠯᠵᠤ᠂ 76 ᠡᠯ᠎ᠡ ᠱᠠᠲᠤᠨ ᠤ ᠵᠢᠱᠢᠶ᠎ᠡ | ᠦᠵᠡᠭᠦᠯᠬᠦ ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ︽1+3+5︾ ᠵᠡᠷᠭᠡ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠬᠦᠴᠦᠲᠡᠢ ᠲᠦᠯᠬᠢᠨ ᠠᠬᠢᠭᠤᠯᠵᠤ᠂ ᠡ᠊ᠨᠳᠡᠯ ᠭᠠᠷᠤᠭᠰᠠᠨ ᠲᠤᠭ᠎ᠠ ᠪᠠ ᠠᠳᠡᠭᠳᠡᠭᠰᠡᠳ ᠤᠨ ᠲᠤᠭ᠎ᠠ ᠶᠢ ᠲᠤᠰ ᠲᠤᠰ 50% ᠪᠠ 60% ᠪᠠᠷ | ᠪᠠᠭᠤᠷᠠᠭᠤᠯᠪᠠ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ ᠲᠦᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠨᠡᠶᠢᠭᠡᠮ ᠤᠨ ᠠᠮᠤᠷ ᠲᠦᠪᠰᠢᠨ᠂ ᠵᠠᠬᠢᠳᠠᠯ | ᠰᠣᠷᠪᠤᠯᠵᠢᠯᠠᠯ ᠤᠨ ᠲᠤᠭᠳᠠᠭᠤᠨ ᠢ ᠬᠠᠮᠠᠭᠠᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯᠳᠤ ᠲᠣᠭᠲᠠᠭᠤᠨ ᠪᠠᠶᠢᠳᠠᠯ ᠢ ᠪᠠᠲᠤᠯᠠᠪᠠ᠃ | ᠨᠢᠭᠡ ᠵᠢᠯ ᠤᠨ ᠲᠤᠷᠰᠢ᠂ ᠪᠢᠳᠡ ᠡᠭᠦᠷᠭᠡᠯᠡᠨ ᠠᠵᠢᠯᠯᠠᠵᠤ᠂ ᠪᠣᠳᠠᠲᠠᠢ ᠠᠵᠢᠯᠯᠠᠬᠤ ᠶᠢ ᠡᠷᠬᠢᠮᠯᠡᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ | ᠲᠠᠯ᠎ᠠ ᠪᠠᠷ ᠴᠢᠩᠭᠠᠳᠬᠠᠪᠠ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ᠂ ︽ᠬᠤᠶᠠᠷ ᠢ ᠪᠠᠳᠤᠯᠠᠬᠤ︾ ᠶᠢᠨ ᠰᠢᠢᠳᠪᠦᠷᠢᠯᠡᠬᠦ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠪᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠪᠠ᠃ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ | ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠵᠢᠱᠢᠶ᠎ᠡ ᠦᠵᠡᠭᠦᠯᠬᠦ ᠬᠤᠰᠢᠭᠤ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠢᠯᠡ ᠲᠣᠳᠣ ᠵᠠᠰᠠᠭ ᠤᠨ ᠶᠠᠪᠤᠳᠠᠯ ᠢ ᠶᠡᠬᠡᠪᠡᠷ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 100% ᠪᠠᠷ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠭᠤᠯᠵᠤ ᠰᠠᠭᠤᠯᠭᠠᠨ᠂ 1553 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠭᠠᠷᠠᠭ ᠤᠨ ᠰᠡᠭᠦᠯᠴᠢ ᠡᠭᠦᠳᠡ ᠪᠠᠨ ᠬᠠᠭᠠᠬᠤ ᠦᠭᠡᠢ︾ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠣᠷᠣᠭᠤᠯᠬᠤ ᠵᠤᠬᠢᠰᠳᠠᠢ ᠶᠢ ᠡᠷᠭᠡᠪᠰᠢ ᠤᠷᠤᠭᠤᠯᠪᠠ᠃ 68 ᠬᠤᠪᠢ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠤᠨ ᠰᠠᠨᠠᠯ ᠵᠥᠪᠯᠡᠯᠭᠡ᠂ 79 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ᠂ | ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠨᠢ 100% ᠳᠤ ᠬᠦᠷᠪᠡ᠃ | ᠲᠥᠯᠥᠭᠡᠯᠡᠭᠴᠢᠳ ᠠ᠋︕ ᠦᠨᠦ ᠵᠢᠯ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠᠷ ᠪᠥᠬᠦ ᠲᠠᠯ᠎ᠠ ᠶᠢ ᠡᠵᠡᠮᠳᠡᠨ᠂ ᠡᠷᠡᠯᠬᠡᠭᠯᠡᠨ | ᠤᠷᠤᠭᠰᠢᠯᠠᠬᠤ ᠬᠠᠷᠠᠯᠲᠠ ᠪᠠ ᠴᠢᠭᠯᠡᠯ ᠢ ᠵᠢᠭᠠᠨ ᠵᠢᠯᠣᠭᠤᠳᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ | ᠪᠦᠲᠦᠮᠵᠢᠲᠡᠶ ᠪᠠᠷ ᠬᠢᠨᠠᠯᠲᠠ ᠲᠠᠯᠪᠢᠵᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠵᠦ᠂ ᠬᠦᠴᠦᠷᠬᠡᠭ ᠶᠡᠭᠡ ᠤᠶᠤᠨ ᠤᠬᠠᠭᠠᠨ ᠤ | ᠳᠡᠮᠵᠢᠯᠭᠡ ᠬᠠᠩᠭᠠᠪᠠ︔ ᠪᠦᠬᠦ ᠺᠠᠳ᠋ᠷᠴᠤᠳ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠦᠨᠡᠨᠴᠢ ᠰᠢᠳᠤᠷᠭᠤ ᠪᠠᠷ ᠠᠵᠢᠯᠯᠠᠬᠤ ᠳᠠᠭᠠᠨ ᠬᠤᠶᠢᠷᠭᠤᠰᠢᠬᠤ | ᠦᠭᠡᠢ ᠪᠠᠶᠢᠵᠤ᠂ ᠬᠢᠵᠠᠭᠠᠯᠠᠰᠢ ᠦᠭᠡᠢ ᠦᠨᠡᠨᠴᠢ ᠰᠢᠳᠤᠷᠭᠤ ᠬᠠᠷᠢᠭᠤᠴᠠᠯᠭ᠎ᠠ ᠶᠢ ᠬᠠᠷᠠᠭᠤᠯᠵᠤ ᠴᠢᠳᠠᠭᠰᠠᠨ ᠪᠠᠶᠢᠨ᠎ᠠ᠃ ᠪᠥᠬᠦ ᠬᠤᠰᠢᠭᠤᠨ ᠤ ᠠᠷᠠᠳ ᠲᠦᠮᠡᠨ | ᠰᠡᠳᠬᠢᠯ ᠨᠢᠭᠡᠳᠦᠨ᠂ ᠵᠣᠷᠢᠭᠲᠠᠢ ᠪᠠᠷ ᠤᠷᠤᠭᠰᠢᠯᠠᠵᠤ᠂ ᠬᠢᠵᠠᠭᠠᠯᠠᠰᠢ ᠦᠭᠡᠢ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠪᠠ︔ ᠡᠯ᠎ᠡ ᠡᠲᠡᠭᠡᠳ ᠤᠨ ᠬᠥᠮᠥᠰ | ᠶᠡᠭᠡ ᠲᠠᠯ᠎ᠠ ᠶᠢ ᠬᠠᠷᠠᠭᠠᠯᠵᠠᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠢᠵᠠᠭᠠᠯᠠᠰᠢ ᠦᠭᠡᠢ ᠬᠠᠶᠢᠷ᠎ᠠ ᠬᠠᠯᠠᠮᠵᠢ ᠪᠠᠨ ᠵᠣᠷᠢᠭᠤᠯᠤᠭᠰᠠᠨ ᠪᠠᠶᠢᠨ᠎ᠠ᠃ | ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠭᠦ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠤᠨ᠂ ᠤᠷᠠᠳ ᠤᠨ ᠬᠤᠶᠢᠲᠤ ᠬᠤᠰᠢᠭᠤᠨ ᠤ ᠪᠦᠳᠦᠭᠡᠨ ᠪᠠᠶᠢᠭᠤᠯᠤᠯᠲᠠ ᠪᠠ ᠬᠦᠭᠵᠢᠯᠳᠡ ᠶᠢ ᠬᠠᠯᠠᠮᠵᠢᠯᠠᠨ ᠲᠠᠮᠵᠢᠵᠤ ᠪᠠᠶᠢᠭ᠎ᠠ ᠪᠤᠢ ᠪᠦᠬᠦᠢ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠬᠦᠴᠢᠷᠳᠡᠯ ᠪᠠ ᠠᠰᠠᠭᠤᠳᠠᠯ | ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠵᠠᠢ᠂ ᠡᠭᠦᠨ ᠳᠤ ᠭᠤᠣᠯᠳᠠᠭᠤ᠄ ᠨᠢᠭᠡ ᠳᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠤᠭᠰᠠᠨ ᠦᠭᠡᠢ᠂ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠪᠠᠷ ᠪᠠᠭᠤᠷᠠᠢ ᠪᠠᠶᠢᠵᠤ᠂ ᠤᠯᠠᠮᠵᠢᠯᠠᠯᠲᠤ ᠠᠵᠤ | ᠦᠢᠯᠡᠰ ᠯᠦᠭᠡ ᠪᠦᠲᠦᠮᠵᠢᠲᠡᠶ ᠵᠣᠯᠭᠠᠯᠳᠤᠭᠰᠠᠨ ᠦᠭᠡᠢ᠃ ᠵᠠᠷᠢᠮ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠳᠠᠷᠤᠯᠲᠠ ᠨᠡᠯᠢᠶᠡᠳ | ᠶᠡᠭᠡ ᠪᠠᠶᠢᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠡᠯ ᠤᠨ ᠨᠥᠯᠥᠭᠡ ᠠᠴᠠ ᠪᠣᠯᠵᠤ᠂ ᠵᠠᠷᠢᠮ ᠠᠵᠤ ᠠᠬᠤᠶᠢᠯᠠᠯ ᠤᠨ ᠠᠰᠢᠭ ᠬᠤᠨᠵᠢᠪᠤᠷᠢ | ᠪᠠᠭᠤᠷᠠᠵᠤ᠂ ᠦᠢᠯᠡᠳᠪᠦᠷᠢᠯᠡᠬᠦ ᠴᠢᠳᠠᠪᠤᠷᠢ ᠪᠠᠨ ᠪᠠᠳᠠᠷᠠᠭᠤᠯᠵᠤ ᠴᠢᠳᠠᠭᠰᠠᠨ ᠦᠭᠡᠢ ᠪᠠᠶᠢᠨ᠎ᠠ᠃ ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠮᠥᠨ ᠯᠡ | ᠬᠡᠪᠡᠷᠡᠭ ᠪᠠᠶᠢᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ ᠮᠦᠨ ᠬᠦ ᠬᠦᠨᠳᠦ ᠪᠠᠶᠢᠨ᠎ᠠ᠃ ᠭᠤᠷᠪᠠ ᠳᠤ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠳᠤ ᠪᠠᠰᠠ ᠲᠤᠳᠠᠭᠳᠠᠯ ᠪᠠ ᠪᠠᠭᠤᠷᠠᠢ ᠳᠠᠯ᠎ᠠ ᠣᠷᠣᠰᠢᠵᠤ᠂ ᠮᠥᠨ ᠬᠦ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠵᠢᠷᠭᠠᠯᠲᠤ ᠠᠮᠢᠳᠤᠷᠠᠯ ᠢ ᠪᠠᠳᠤᠵᠢᠭᠤᠯᠤᠨ᠎ᠠ᠃ ᠲᠦᠷᠪᠡ ᠳᠤ᠂ ᠤᠨᠴᠠᠭᠠᠢ ᠵᠠᠷᠢᠮ | ᠺᠠᠳ᠋ᠷ ᠲᠤ ᠪᠤᠳᠠᠳᠠᠢ ᠶᠢ ᠠᠳᠬᠤᠬᠤ ᠶᠠᠪᠤᠴᠠ ᠲᠤᠮᠳᠠ ᠪᠠᠰᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠵᠢᠯ ᠤᠨ ᠰᠤᠷᠲᠠᠯ ᠲᠠᠢ ᠪᠠᠶᠢᠵᠤ᠂ ᠴᠢᠨᠠᠷ ᠰᠠᠶᠢᠲᠠᠢ | ᠬᠥᠭᠵᠢᠯᠲᠡ ᠶᠢᠨ ᠪᠠᠶᠢᠳᠠᠯ ᠲᠠᠢ ᠵᠣᠬᠢᠴᠠᠬᠤ ᠦᠭᠡᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷ | ᠠᠰᠠᠭᠤᠳᠠᠯ ᠢ ᠰᠢᠢᠳᠪᠤᠷᠢᠯᠡᠬᠦ ᠰᠡᠳᠬᠢᠬᠦᠢ ᠶᠢ ᠪᠤᠢ ᠪᠣᠯᠭᠠᠵᠤ᠂ ᠵᠣᠷᠢᠭᠲᠠᠢ ᠪᠠᠷ ᠴᠢᠷᠮᠠᠶᠢᠨ ᠠᠵᠢᠯᠯᠠᠵᠤ᠂ ᠨᠢᠭᠡ ᠨᠢᠬᠡᠳ ᠢᠶᠠᠷ ᠰᠢᠢᠳᠪᠦᠷᠢᠯᠡᠵᠦ᠂ ᠪᠥᠬᠦ | ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠮᠥᠨᠴᠦ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠳᠤᠮᠳᠠᠳᠤ | ᠤᠯᠤᠰ ᠤᠨ ᠣᠨᠴᠠᠯᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠰᠢᠪᠳᠤᠯᠤᠯᠳᠠ ᠶᠢᠨ ᠵᠢᠯ ᠪᠣᠯᠣᠨ᠎ᠠ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ | ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ | ᠥᠴᠥᠬᠡᠨ ᠴᠦ ᠭᠤᠶᠢᠪᠢᠰᠢ ᠦᠭᠡᠢ ᠪᠠᠷ ᠪᠠᠲᠤ ᠪᠠᠬᠢ ᠪᠤᠶ ᠪᠣᠯᠭᠠᠵᠤ᠂ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠵᠤ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠳᠠᠪᠠᠨ ᠭᠠᠷᠴᠦ᠂ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ | ᠬᠦᠴᠦᠷᠬᠡᠭᠵᠢᠭᠦᠯᠵᠦ᠂ ᠲᠥᠷᠥᠯ ᠵᠦᠢᠯ ᠢ ᠠᠳᠬᠤᠨ᠂ ᠠᠵᠤ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ | ᠠᠬᠢᠭᠤᠯᠵᠤ᠂ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠳᠤᠮᠳᠠ ᠤᠷᠤᠰᠬᠠᠯ ᠳᠤ ᠪᠥᠬᠦ ᠬᠦᠴᠦᠨ ᠢᠶᠠᠷ ᠢᠶᠠᠨ ᠭᠠᠪᠰᠢᠭᠠᠶᠢᠯᠠᠨ | ᠣᠷᠣᠵᠤ᠂ ︽ᠰᠢᠨ᠎ᠡ ᠬᠤᠶᠢᠲᠤ ᠬᠤᠰᠢᠭᠤ︾ ᠶᠢ ᠪᠠᠶᠢᠭᠤᠯᠤᠨ᠂ ᠳᠤᠮᠳᠠᠳᠤ ᠤᠯᠤᠰ ᠤᠨ ᠣᠨᠴᠠᠯᠢᠭ ᠤᠨ ᠣᠳᠣᠬᠢᠴᠢᠯᠠᠭᠰᠠᠨ ᠤᠷᠠᠳ ᠤᠨ ᠬᠤᠶᠢᠲᠤ ᠬᠤᠰᠢᠭᠤᠨ ᠤ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠨᠢ | 6% ᠠᠴᠠ ᠳᠡᠭᠡᠭᠰᠢ ᠨᠡᠮᠡᠭᠳᠡᠭᠦᠯᠦᠨ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠭᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠢ ᠲᠤᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠲᠤᠰ ᠲᠤᠰ 6.5% ᠪᠠ 8.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 80 | ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠴᠢᠷᠮᠠᠶᠢᠨ᠎ᠠ᠃ | ᠳᠡᠭᠡᠷ᠎ᠡ ᠶᠠᠷᠢᠭᠰᠠᠨ ᠬᠠᠷᠠᠯᠳᠠ ᠶᠢᠨ ᠲᠤᠭᠤᠷᠢᠨ ᠳᠤ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠭᠤᠣᠯᠳᠠᠯᠭ᠎ᠠ ᠲᠠᠢ ᠲᠥᠷᠥᠯ ᠵᠦᠢᠯ ᠢᠶᠠᠷ ᠬᠥᠲᠥᠯᠥᠮᠵᠢ ᠪᠣᠯᠭᠠᠵᠤ᠂ ᠭᠠᠪᠰᠢᠭᠠᠶᠢᠯᠠᠨ ᠴᠢᠷᠮᠠᠶᠢᠵᠤ ᠰᠢᠨ᠎ᠡ ᠬᠢᠷᠢ ᠲᠦᠪᠰᠢᠨ ᠳᠤ ᠣᠷᠣᠬᠤ ᠪᠠᠷ | ᠴᠢᠷᠮᠠᠶᠢᠨ᠎ᠠ᠃ ︽ᠲᠥᠷᠥᠯ ᠵᠦᠢᠯ ᠢᠶᠠᠷ ᠭᠤᠣᠯ ᠪᠣᠯᠭᠠᠵᠤ᠂ ᠣᠷᠴᠢᠨ ᠲᠣᠭᠤᠷᠢᠨ ᠴᠢᠬᠤᠯᠠ ᠠᠴᠠ ᠴᠢᠬᠤᠯᠠ︾ ᠬᠥᠭᠵᠢᠯᠲᠡ ᠶᠢᠨ ᠦᠵᠡᠯᠳᠡ ᠶᠢ ᠢᠮᠠᠭᠲᠠ | ᠪᠠᠷᠢᠮᠲᠠᠯᠠᠵᠤ᠂ ᠠᠯᠢᠪᠠ ᠠᠰᠢᠭᠯᠠᠵᠤ ᠪᠣᠯᠬᠤ ᠡᠬᠢ ᠪᠠᠶᠠᠯᠢᠭ ᠢ ᠠᠰᠢᠭᠯᠠᠨ᠂ ᠠᠯᠢᠪᠠ ᠠᠪᠴᠤ ᠪᠣᠯᠬᠤ ᠠᠷᠭ᠎ᠠ ᠬᠡᠮᠵᠢᠶ᠎ᠡ ᠶᠢ ᠠᠪᠴᠤ᠂ ᠪᠥᠬᠦ ᠬᠤᠰᠢᠭᠤᠨ ᠤ | ᠬᠦᠴᠦᠨ ᠢ ᠪᠠᠳᠠᠷᠠᠭᠤᠯᠤᠨ᠂ ᠲᠥᠷᠥᠯ ᠵᠦᠢᠯ ᠢ ᠪᠣᠳᠠᠲᠠᠶᠢᠵᠢᠭᠤᠯᠤᠨ ᠳᠡᠯᠭᠡᠷᠡᠭᠦᠯᠬᠦ ᠶᠢ ᠠᠬᠢᠭᠤᠯᠤᠨ᠎ᠠ᠃ | ᠨᠢᠭᠡᠳᠦᠭᠡᠷ ᠨᠣᠮᠧᠷᠲᠤ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠨ᠎ᠠ᠃ ᠬᠥᠭᠵᠢᠯᠲᠡ ᠳᠤ ᠲᠥᠷᠥᠯ ᠵᠦᠢᠯ | ᠬᠡᠷᠡᠭᠴᠡᠭᠡ ᠲᠠᠢ᠂ ᠲᠥᠷᠥᠯ ᠵᠦᠢᠯ ᠳᠤ ᠲᠣᠯᠣᠭᠠᠶᠢᠯᠠᠭᠴᠢ ᠬᠡᠷᠡᠭᠲᠡᠢ᠂ 2024 ᠣᠨ ᠳᠤ ᠤᠯᠠᠨ ᠤᠯᠤᠰ ᠤᠨ ᠲᠠᠷᠢᠶᠠᠯᠠᠩ ᠠᠵᠤ ᠠᠬᠤᠢ ᠶᠢᠨ ᠦᠵᠡᠰᠬᠦᠯᠡᠩ ᠤᠨ | ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ︽ᠲᠠᠷᠢᠶᠠᠯᠠᠩ ᠠᠵᠤ ᠠᠬᠤᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠴᠤᠭ᠋ᠦ᠌ᠨᠳᠦᠷ ᠤᠨ ᠲᠡᠮᠡᠭᠡ ᠨᠠᠶᠢᠳᠠᠨ | ᠦᠷᠡᠵᠢᠭᠦᠯᠬᠦ ᠭᠠᠵᠠᠷ ᠤᠨ ︽ᠬᠦᠳᠡᠭᠡ ᠠᠵᠤ ᠠᠬᠤᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠨᠠᠷᠠᠨ ᠭᠤᠤ ᠶᠢᠨ 120 ᠲᠦᠮᠡᠨ ᠺᠢᠯᠣᠸᠠᠲ ᠤᠨ ᠤᠰᠤ | ᠲᠠᠲᠠᠵᠤ ᠡᠨᠧᠷᠭᠢ ᠬᠠᠳᠠᠭᠠᠯᠠᠬᠤ ︽ᠠᠵᠤ ᠦᠢᠯᠡᠳᠪᠦᠷᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠬᠠᠯᠠᠭᠤᠨ ᠷᠠᠰᠢᠶᠠᠨ ᠪᠠᠯᠭᠠᠰᠤᠨ ᠤ ︽ᠰᠣᠶᠣᠯ | ᠵᠢᠭᠤᠯᠴᠢᠯᠠᠯ ᠤᠨ ᠨᠢᠭᠡᠳᠦᠭᠡᠷ ᠨᠣᠮᠧᠷᠲᠤ ᠢᠨᠵᠧᠨᠧᠷᠢᠩ︾᠂ ᠣᠰᠣᠨ ᠤ ᠡᠬᠢ ᠪᠠᠶᠠᠯᠢᠭ ᠢ ᠶᠠᠷᠣᠩᠬᠡᠶᠢᠯᠡᠨ ᠠᠰᠢᠭᠯᠠᠬᠤ ᠲᠦᠷᠤᠯ ᠵᠦᠢᠯ ᠤᠨ ︽ᠣᠰᠣᠨ | ᠠᠰᠢᠭᠯᠠᠯᠳᠠ ᠶᠢᠨ ᠨᠢᠬᠡᠳᠣᠬᠡᠷ ᠨᠤᠮᠧᠷᠳᠣ ᠢᠨᠵᠧᠨᠧᠷᠢᠩ︾᠂ ᠵᠠᠭᠤᠨ ᠲᠦᠮᠡᠨ ᠮᠤ᠋ ᠡᠯᠡᠰᠣ ᠶᠢ ᠰᠡᠷᠬᠡᠶᠢᠯᠡᠨ ᠵᠠᠰᠠᠬᠤ ᠵᠢᠱᠢᠶ᠎ᠡ ᠦᠵᠡᠬᠦᠯᠬᠦ ᠣᠷᠣᠨ ᠤ ︽ᠠᠮᠢ ᠠᠬᠤᠢ | ᠶᠢᠨ ᠨᠢᠬᠡᠳᠣᠬᠡᠷ ᠨᠤᠮᠧᠷᠳᠣ ᠢᠨᠵᠧᠨᠧᠷᠢᠩ︾᠂ ᠳᠣᠯᠠᠭᠠᠯᠠᠬᠤ ᠢᠨᠵᠧᠨᠧᠷᠢᠩ ᠤᠨ ︽ᠬᠤᠳᠠ ᠶᠢᠨ ᠪᠦᠳᠣᠬᠡᠨ ᠪᠠᠶᠢᠭᠤᠯᠤᠯᠳᠠ ᠶᠢᠨ ᠨᠢᠬᠡᠳᠣᠬᠡᠷ ᠨᠤᠮᠧᠷᠳᠣ | ᠢᠨᠵᠧᠨᠧᠷᠢᠩ︾ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠦ᠂ ᠨᠢᠭᠡ ᠪᠦᠯᠦᠭ ᠲᠦᠯᠦᠬᠡᠯᠡᠬᠦ ᠴᠢᠨᠠᠷᠲᠠᠢ ᠦᠷ᠎ᠡ ᠪᠦᠳᠣᠮᠵᠢ ᠣᠯᠬᠤ ᠶᠢ ᠪᠠᠲᠤᠯᠠᠵᠤ᠂ | ᠳᠣᠯᠣᠭᠠᠨ ︽ᠨᠢᠭᠡᠳᠦᠭᠡᠷ ᠢᠨᠵᠧᠨᠧᠷᠢᠩ︾ ᠤᠨ ᠬᠡᠷᠡᠭᠵᠢᠭᠦᠯᠦᠯᠲᠡ ᠪᠠᠷ ᠪᠥᠬᠦ ᠬᠤᠰᠢᠭᠤᠨ ᠤ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ | ᠦᠷ᠎ᠡ ᠪᠦᠲᠦᠮᠵᠢ ᠣᠯᠬᠤ ᠶᠢ ᠳᠠᠶᠢᠴᠢᠯᠠᠵᠤ᠂ ᠲᠥᠷᠥᠯ ᠵᠦᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠰᠦᠪᠡᠭᠴᠢᠯᠡᠨ᠎ᠡ᠃ ᠤᠯᠤᠰ ᠤᠨ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠣᠨᠣᠪᠴᠢᠲᠠᠶ ᠪᠥᠭᠡᠳ ᠪᠦᠲᠦᠮᠵᠢᠲᠡᠶ ᠡᠵᠡᠮᠳᠡᠵᠦ᠂ ᠨᠢᠭᠡ ᠪᠦᠯᠦᠭ ᠠᠮᠢ | ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠦᠭᠦᠭᠡᠷᠦᠮᠵᠢ ᠶᠢᠨ ᠲᠠᠯ᠎ᠠ ᠪᠠᠷ ᠬᠢ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠷᠢᠨ | ᠨᠢᠮᠪᠠᠢ ᠲᠥᠯᠥᠪᠯᠡᠨ᠎ᠡ᠃ ᠬᠤᠳᠠ ᠶᠢᠨ ᠲᠡᠰ ᠤᠨ ᠴᠢᠬᠤᠯᠠ ᠶᠡᠭᠡ 20 ᠲᠦᠷᠦᠯ ᠵᠦᠢᠯ ᠢ ᠲᠣᠬᠢᠷᠠᠭᠤᠯᠵᠤ᠂ ᠪᠦᠬᠦ ᠵᠢᠯ ᠳᠤ 60 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠤ ᠪᠡᠯᠡ ᠮᠥᠩᠭᠦ 18 ᠳ᠋ᠦᠩᠰᠢᠭᠤᠷ ᠲᠥᠭᠦᠷᠢᠭ ᠢ ᠴᠢᠷᠮᠠᠶᠢᠨ ᠣᠯᠵᠤ᠂ ᠬᠤᠰᠢᠭᠤᠨ ᠤ | ᠲᠠᠰ ᠤᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠶᠢᠨ ᠲᠤᠭ᠎ᠠ ᠬᠡᠮᠵᠢᠶ᠎ᠡ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠠᠷᠠᠯᠵᠢᠶᠠᠴᠢᠨ ᠤᠷᠢᠬᠤ | ᠦᠢᠯᠡᠴᠢᠯᠡᠭᠡ ᠶᠢ ᠴᠢᠩᠭᠠᠳᠬᠠᠵᠤ᠂ ᠰᠢᠯᠢᠳᠡᠭ ᠠᠷᠠᠯᠵᠢᠶᠠᠴᠢᠨ ᠣᠷᠢᠭᠴᠢᠳ ᠤᠨ ᠭᠠᠳᠠᠭᠠᠳᠤ ᠲᠠᠢ ᠬᠤᠯᠪᠣᠭᠠᠯᠠᠬᠤ ᠦᠢᠯᠡᠳᠦᠯ ᠢ ᠪᠠᠳᠠᠷᠠᠭᠤᠯᠵᠤ᠂ ᠤᠯᠠᠮᠵᠢᠯᠠᠯᠲᠤ | ᠠᠵᠤ ᠦᠢᠯᠡᠰ ᠤᠨ ᠲᠠᠰ ᠳᠡᠪᠰᠢᠬᠦ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠬᠠᠷᠠᠭᠠᠯᠠᠨ᠂ ᠠᠵᠢᠯ ᠲᠥᠷᠥᠯ ᠤᠨ ᠲᠤᠯᠤᠭᠠᠶᠢᠯᠠᠭᠴᠢ᠂ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠵᠡᠷᠭᠡ ᠠᠵᠤ ᠠᠬᠤᠶᠢᠯᠠᠯ ᠢ ᠨᠠᠷᠢᠯᠢᠭ ᠣᠨᠣᠪᠴᠢᠳᠠᠢ ᠪᠠᠷ ᠮᠠᠨ ᠤ ᠬᠤᠰᠢᠭᠤᠨ ᠳᠤ ᠪᠠᠶᠢᠭᠤᠯᠤᠭᠳᠠᠨ᠎ᠠ᠃ | 1500 ᠲᠦᠮᠡᠨ ᠲᠥᠭᠦᠷᠢᠭ ᠤᠨ ᠠᠵᠢᠯ ᠤᠨ ᠵᠠᠷᠤᠳᠠᠯ ᠢ ᠦᠷᠭᠦᠯᠵᠢᠯᠡᠨ ᠲᠣᠬᠢᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ | ᠤᠨᠤᠪᠴᠢᠳᠠᠢ ᠪᠠᠷ ᠤᠷᠢᠳᠴᠢᠯᠠᠨ ᠬᠢᠬᠦ ᠶᠢ ᠦᠨᠡᠨᠬᠦ ᠪᠠᠲᠤᠯᠠᠨ᠎ᠠ᠃ | ᠴᠢᠨᠠᠷ ᠰᠠᠶᠢᠲᠠᠢ ᠣᠷᠴᠢᠨ ᠲᠤᠭᠤᠷᠢᠨ ᠳᠤ ᠠᠩᠬᠠᠷᠤᠯ ᠢᠶᠠᠨ ᠲᠦᠪᠯᠡᠷᠡᠭᠦᠯᠵᠦ ᠲᠦᠷᠦᠯ ᠵᠦᠢᠯ ᠢ ᠪᠠᠳᠤᠯᠠᠨ᠎ᠠ᠃ ᠠᠵᠤ ᠦᠢᠯᠡᠳᠪᠦᠷᠢ ᠶᠢᠨ | ᠲᠣᠭᠤᠷᠢᠭ ᠤᠨ ᠴᠢᠳᠠᠮᠵᠢᠳᠤ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠭᠤᠷ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠭᠤᠷᠢ ᠲᠦᠭᠦᠭᠡᠷᠦᠮᠵᠢ ᠶᠢ | ᠨᠥᠬᠦᠪᠦᠷᠢᠯᠡᠨ᠂ ︽ᠠᠷᠪᠠᠨ ᠨᠢᠭᠡ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ | ᠪᠣᠳᠠᠲᠤ ᠬᠦᠴᠦᠨ ᠢ ᠪᠥᠬᠦ ᠣᠷᠣᠨ ᠤ 83 ᠠᠵᠤ ᠦᠢᠯᠡᠳᠪᠦᠷᠢ ᠶᠢᠨ ᠲᠣᠭᠤᠷᠢᠭ ᠤᠨ ᠡᠮᠦᠨ᠎ᠡ 30 ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃ ᠬᠠᠤᠯᠢ ᠪᠠᠷ | ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠪᠦᠬᠦ ᠲᠠᠯ᠎ᠠ ᠪᠠᠷ᠂ | ᠥᠷᠭᠡᠨ ᠬᠦᠷᠢᠶ᠎ᠡ ᠬᠡᠪᠴᠢᠶ᠎ᠡ ᠪᠠᠷ ᠥᠨᠳᠥᠷ ᠪᠦᠲᠦᠮᠵᠢᠲᠡᠶ ᠳᠥᠭᠦᠮ ᠳᠥᠲᠡ ᠵᠢᠷᠤᠮᠵᠢᠭᠰᠠᠨ ᠦᠢᠯᠡᠴᠢᠯᠡᠭᠡ ᠬᠠᠩᠭᠠᠵᠤ᠂ ᠭᠤᠣᠯᠴᠢ ᠥᠷᠢᠰᠦᠯᠳᠦᠭᠡᠨ ᠤ ᠬᠢᠨᠠᠨ | ᠪᠠᠶᠢᠴᠠᠭᠠᠯᠲᠠ ᠶᠢ ᠲᠡᠭᠦᠯᠳᠡᠷᠵᠢᠭᠦᠯᠦᠨ᠂ ᠤᠶᠠᠨ ᠵᠥᠭᠡᠯᠡᠨ ᠬᠠᠤᠯᠢ ᠬᠡᠷᠡᠭᠵᠢᠭᠦᠯᠦᠯᠲᠡ ᠶᠢ ᠳᠡᠯᠭᠡᠷᠡᠭᠦᠯᠵᠦ᠂ ᠲᠣᠷᠭᠠᠭᠤᠯᠢ ᠪᠠᠷ ᠬᠠᠮᠢᠶᠠᠷᠤᠯᠲᠠ ᠶᠢ ᠤᠷᠤᠯᠠᠬᠤ ᠠᠴᠠ | ᠵᠠᠶᠢᠯᠠᠰᠬᠢᠨ᠎ᠡ᠃ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠨᠢᠭᠡ | ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠲᠦᠷᠭᠡᠳᠬᠡᠨ ᠠᠬᠢᠭᠤᠯᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠲᠠᠰ ᠳᠡᠪᠰᠢᠭᠰᠡᠨ ᠬᠡᠪ ᠢ | ᠪᠣᠶ ᠪᠣᠯᠭᠠᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠭᠡ ᠬᠠᠮᠤᠭ ᠤᠨ ᠰᠠᠶᠢᠨ᠂ ᠣᠷᠣᠰᠢᠨ ᠠᠮᠢᠳᠣᠷᠠᠬᠤ ᠳᠤ ᠬᠠᠮᠤᠭ ᠤᠨ ᠲᠠᠭᠠᠯᠠᠮᠵᠢᠲᠠᠢ᠂ ᠪᠡᠯᠡ | ᠣᠷᠣᠭᠤᠯᠤᠯᠲᠠ ᠬᠠᠮᠤᠭ ᠤᠨ ᠨᠠᠶᠢᠳᠠᠪᠤᠷᠢᠳᠠᠢ ᠪᠠᠶᠢᠬᠤ ᠰᠡᠳᠬᠢᠭᠳᠡᠯ ᠢ ᠲᠦᠷᠦᠭᠳᠡᠬᠦᠯᠤᠨᠠ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ | ᠡᠷᠬᠡ ᠲᠡᠭᠰᠢ ᠪᠠᠷ ᠬᠠᠨᠳᠤᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠤᠨ᠎ᠠ᠃ | ᠤᠳᠤᠷᠢᠳᠤᠯᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭᠠᠳᠬᠠᠵᠤ᠂ ᠲᠦᠰᠦᠪᠯᠡᠭᠰᠡᠨ ᠲᠦᠷᠦᠯ ᠵᠦᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠢ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠡᠬᠢᠯᠡᠭᠦᠯᠦᠭᠰᠡᠨ | ᠲᠦᠷᠦᠯ ᠵᠦᠢᠯ ᠤᠨ ᠠᠵᠢᠯ ᠳᠠᠭᠤᠰᠬᠠᠬᠤ ᠶᠢ ᠠᠳᠬᠤᠬᠤ᠂ ᠠᠵᠢᠯ ᠳᠠᠭᠤᠰᠬᠠᠬᠤ ᠲᠦᠷᠦᠯ ᠵᠦᠢᠯ ᠤᠨ ᠦᠢᠯᠡᠳᠪᠦᠷᠢᠯᠡᠯ ᠳᠤ ᠣᠷᠣᠭᠤᠯᠬᠤ ᠶᠢ ᠠᠳᠬᠤᠬᠤ ᠶᠢ | ᠲᠤᠪᠤᠶᠢᠯᠭᠠᠵᠦ᠂ ᠲᠦᠷᠤᠯ ᠵᠦᠢᠯ ᠤᠳ ᠵᠠᠯᠭ᠎ᠠ ᠪᠠᠷ ᠪᠠᠶᠢᠭᠤᠯᠤᠭᠳᠠᠨ᠂ ᠲᠦᠮᠡᠨ ᠦᠢᠯᠡᠰ ᠣᠷᠣᠭᠰᠢᠳᠠᠢ ᠶᠠᠪᠤᠭᠳᠠᠬᠤ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠥᠲᠥᠯᠥᠨ ᠳᠠᠭᠠᠭᠤᠯᠵᠤ᠂ ᠰᠢᠭᠤᠷᠬᠠᠶᠢᠯᠠᠨ ᠣᠷᠣᠭᠰᠢᠯᠠᠬᠤ ᠰᠢᠨ᠎ᠡ | ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ᠨᠢᠭᠡᠳᠦᠯᠲᠡᠢ ᠲᠥᠯᠥᠪᠵᠢᠭᠦᠯᠭᠡ᠂ ᠵᠦᠢ ᠵᠣᠬᠢᠰᠲᠠᠢ ᠪᠠᠶᠢᠷᠢᠰᠢᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢ | ᠠᠭᠤᠰᠤᠯᠴᠠᠭᠤᠯᠬᠤ ᠶᠢ ᠪᠠᠷᠢᠮᠲᠠᠯᠠᠵᠤ᠂ ᠠᠭᠤᠯᠠᠨ ᠡᠮᠦᠨᠡᠬᠢ ︽ᠲᠦᠭ ᠲᠦᠮᠡᠨ︾ ᠢᠨᠵᠧᠨᠧᠷᠢᠩ ᠪᠠ ᠠᠭᠤᠯᠠᠨ ᠠᠷᠤ ᠶᠢᠨ ︽ᠵᠢᠷᠭᠤᠭᠠᠨ ᠶᠡᠭᠡ ᠢᠨᠵᠧᠨᠧᠷᠢᠩ︾ | ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠦ᠂ ᠬᠡᠪᠴᠢᠶᠡᠵᠢᠭᠦᠯᠦᠨ ᠳᠠᠷᠢᠬᠤ᠂ ᠮᠠᠰᠢᠨᠴᠢᠯᠠᠨ ᠠᠵᠢᠯᠯᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠠᠲᠤ ᠲᠡᠮᠳᠡᠭᠵᠢᠭᠦᠯᠦᠨ | ᠪᠣᠷᠣᠯᠠᠭᠤᠯᠬᠤ ︽ᠳᠥᠷᠪᠡᠨ ᠣᠳᠣᠬᠢᠴᠢᠯᠠᠯᠲᠠ︾ ᠶᠢᠨ ᠱᠠᠭᠠᠷᠳᠠᠯᠭ᠎ᠠ ᠶᠣᠰᠣᠭᠠᠷ᠂ ᠭᠠᠵᠠᠷ ᠰᠢᠷᠣᠢ ᠶᠢ ᠲᠥᠪᠯᠡᠷᠡᠭᠦᠯᠦᠨ ᠡᠷᠭᠢᠯᠲᠡ ᠳᠤ ᠣᠷᠣᠭᠤᠯᠬᠤ ᠶᠢ ᠤᠯᠠᠮ | ᠨᠢᠭᠡ ᠠᠯᠬᠤᠮ ᠵᠢᠯᠤᠭᠤᠳᠴᠤ᠂ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠤᠶᠠᠳᠤᠭᠠᠷ ᠬᠤᠭᠤᠴᠠᠭ᠎ᠠ ᠶᠢ ᠥᠨᠳᠥᠷ ᠪᠠᠷᠢᠮᠵᠢᠶ᠎ᠠ ᠪᠠᠷ | ᠴᠣᠭᠴᠠᠯᠠᠬᠤ ᠪᠠᠷ ᠵᠢᠯᠣᠭᠤᠳᠤᠯᠭ᠎ᠠ ᠪᠣᠯᠭᠠᠵᠤ᠂ 1000 ᠮᠦ ᠣᠶᠤᠨᠲᠤ ᠬᠦᠯᠡᠮᠵᠢ᠂ 1.6 ᠲᠦᠮᠡᠨ ᠮᠦ ᠥᠨᠳᠥᠷ ᠪᠠᠷᠢᠮᠵᠢᠶᠠᠲᠤ ᠣᠲᠣ ᠦᠶ᠎ᠡ ᠶᠢᠨ | ᠲᠦᠭᠦᠭᠡᠷᠦᠮᠵᠢᠳᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ︽ᠮᠢᠩᠭᠠᠨ ᠮᠦ ᠪᠠᠷ ᠵᠢᠱᠢᠶ᠎ᠡ ᠦᠵᠡᠭᠦᠯᠵᠦ᠂ ᠲᠦᠮᠡᠨ ᠮᠦ ᠪᠠᠷ ᠵᠠᠯᠭᠠᠯᠳᠤᠭᠤᠯᠬᠤ︾ | ᠬᠡᠪᠴᠢᠶᠡᠵᠢᠭᠦᠯᠦᠨ ᠳᠠᠷᠢᠬᠤ ᠰᠢᠨ᠎ᠡ ᠪᠠᠶᠢᠳᠠᠯ ᠢ ᠪᠣᠶ ᠪᠣᠯᠭᠠᠨ᠎ᠠ᠃ ᠪᠦᠬᠦ ᠰᠢᠶᠠᠨ ᠤ ᠬᠡᠪᠴᠢᠶ᠎ᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ 5000 ᠲᠣᠨ | ᠯᠠᠵᠤᠤ ᠶᠢᠨ ᠤᠯᠠᠭᠠᠨ ᠥᠩᠭᠡ ᠶᠢᠨ ᠡᠳ᠋ ᠤᠨ ᠲᠥᠷᠥᠯ ᠵᠦᠢᠯ ᠢ ᠪᠠᠶᠢᠭᠤᠯᠤᠭᠳᠠᠬᠤ ᠶᠢ ᠲᠦᠷᠭᠡᠳᠬᠡᠵᠦ᠂ ᠪᠥᠬᠦ ᠬᠤᠲᠠ ᠶᠢᠨ ᠯᠠᠵᠤᠤ ᠶᠢᠨ ᠠᠩᠬ᠎ᠠ ᠵᠡᠷᠭᠡ ᠶᠢᠨ | ᠲᠠᠷᠢᠶᠠᠯᠠᠩ ᠤᠨ ᠪᠦᠲᠦᠭᠡᠭᠳᠡᠬᠦᠨ ᠢ ᠮᠠᠨ ᠤ ᠬᠤᠰᠢᠭᠤᠨ ᠳᠤ ᠪᠥᠬᠦ ᠬᠡᠯᠬᠢᠶ᠎ᠡ ᠪᠠᠷ ᠡᠳ᠋ᠰᠢᠭᠦᠯᠦᠨ ᠦᠷᠳᠡᠭ ᠢ ᠨᠡᠮᠡᠭᠳᠡᠭᠦᠯᠦᠨ᠎ᠡ᠂ ︽ᠲᠡᠮᠡᠭᠡᠨ ᠤ ᠲᠤᠭ᠎ᠠ ᠶᠢ | ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠬᠢᠵᠠᠭᠠᠷᠯᠠᠵᠤ᠂ ᠬᠤᠨᠢ ᠢᠮᠠᠭ᠎ᠠ ᠠᠳᠤᠭᠤ ᠡᠯᠵᠢᠭᠡ ᠶᠢ ᠴᠥᠭᠡᠳᠬᠡᠬᠦ︾ ᠶᠢ ᠲᠦᠷᠭᠡᠳᠬᠡᠨ᠂ ᠥᠨᠳᠥᠷ | ᠪᠠᠷᠢᠮᠵᠢᠶ᠎ᠠ ᠪᠠᠷ ᠴᠤᠭ᠋ᠦ᠌ᠨᠳᠦᠷ ᠤᠨ ᠲᠡᠮᠡᠭᠡ ᠨᠠᠶᠢᠳᠠᠨ ᠦᠷᠡᠵᠢᠬᠦᠯᠬᠦ ᠭᠠᠵᠠᠷ ᠢ ᠪᠠᠶᠢᠭᠤᠯᠬᠤ ᠪᠠᠷ ᠬᠥᠲᠥᠯᠥᠨ ᠳᠠᠭᠠᠭᠤᠯᠵᠤ᠂ 24 ︽ᠨᠠᠶᠢᠳᠠᠨ ᠦᠷᠡᠵᠢᠭᠦᠯᠬᠦ ᠭᠠᠵᠠᠷ | ︾ ᠤᠨ ᠠᠴᠢᠶ᠎ᠠ ᠳᠦᠭᠦᠷᠡᠩ ᠠᠵᠢᠯᠯᠠᠬᠤ ᠶᠢ ᠠᠬᠢᠭᠤᠯᠤᠨ᠂ ᠣᠤ ᠶᠢᠨ ᠭᠤᠤᠯ ᠶᠢᠨ ᠲᠦᠮᠡᠨ ᠲᠣᠯᠣᠭᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠳᠣᠭᠤᠷᠢᠭ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠥᠪᠯᠡᠷᠡᠭᠦᠯᠦᠨ ᠬᠠᠰᠢᠶᠠᠯᠠᠨ ᠲᠡᠵᠢᠭᠡᠬᠦ ᠶᠢ ᠶᠡᠬᠡᠪᠡᠷ ᠬᠥᠭᠵᠢᠭᠦᠯᠵᠦ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠵᠣᠬᠢᠴᠠᠩᠭᠤᠢ ᠪᠠᠷ ᠬᠥᠭᠵᠢᠭᠦᠯᠦᠨ᠎ᠡ᠃ | ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠎ᠡ᠃ ᠢᠩᠭᠡᠨ ᠰᠦ᠂ ᠳ᠋ᠠ ᠱᠠᠨ᠂ ᠶᠢᠨ ᠼᠣᠣ ᠶᠤᠸᠠᠨ ᠵᠡᠷᠭᠡ | ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠯᠤᠭ᠎ᠠ ᠨᠠᠩ ᠨᠢᠭᠲᠠ ᠲᠠᠷᠢᠶᠠᠯᠠᠩ ᠠᠵᠤ | ᠠᠬᠤᠶᠢᠯᠠᠯ ᠤᠨ ᠠᠰᠢᠭ ᠲᠤᠰᠠ ᠶᠢ ᠤᠶᠠᠯᠳᠤᠭᠤᠯᠬᠤ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ | ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠬᠢᠯᠳᠠ ᠪᠠᠳᠤᠯᠠᠨ᠎ᠠ᠃ ᠭᠤᠪᠢ ᠶᠢᠨ ᠤᠯᠠᠭᠠᠨ ᠲᠡᠮᠡᠭᠡ᠂ ᠬᠤᠶᠠᠷ ᠪᠤᠭᠳᠠ ᠠᠭᠤᠯᠠᠨ ᠤ ᠴᠠᠭᠠᠨ | ᠨᠣᠯᠤᠥᠷ ᠤᠨ ᠢᠮᠠᠭ᠎ᠠ᠂ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠬᠡᠷᠡᠭᠵᠢᠭᠦᠯᠦᠨ᠎ᠡ᠃ ︽ᠤᠷᠠᠳ ᠤᠨ ᠬᠤᠶᠢᠳᠤ | ᠬᠤᠰᠢᠭᠤᠨ ᠤ ᠴᠢ ᠯᠢᠨ ᠲᠠᠷᠪᠤᠰ︾᠂ ︽ᠢᠩᠭᠡᠨ ᠰᠦ︾ ︽ᠣᠤ ᠶᠢᠨ ᠭᠤᠤᠯ ᠮᠤᠩᠭᠤᠯ ᠬᠤᠭᠤᠯᠠ︾ ᠵᠡᠷᠭᠡ ᠨᠠᠷᠠᠲᠤ ᠲᠡᠮᠳᠡᠭᠲᠦ ᠶᠢᠨ ᠠᠯᠳᠠᠷᠰᠢᠯ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠠᠩᠬᠠᠳᠠᠭᠴᠢ ︽ᠹᠷᠦ᠋ᠼᠧᠯ ᠡᠪᠡᠳᠴᠢᠨ ᠢ ᠦᠯᠦ ᠬᠠᠯᠳᠠᠭᠠᠬᠤ ᠣᠷᠣᠨ︾ ᠢ ᠡᠭᠦᠳᠦᠨ ᠪᠠᠶᠢᠭᠤᠯᠬᠤ | ᠠᠵᠢᠯ ᠢ ᠢᠳᠡᠪᠬᠢᠲᠡᠢ ᠪᠠᠷ ᠠᠬᠢᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ︾ ᠢ ᠴᠢᠷᠮᠠᠶᠢᠨ ᠡᠭᠦᠳᠦᠨ᠎ᠡ᠃ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠲᠠᠭᠤᠳᠠᠯ ᠢ ᠨᠥᠬᠦᠪᠦᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ | ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ | ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ︽ᠭᠤᠷᠪᠠᠨ ᠪᠠᠳᠣᠯᠠᠭ᠎ᠠ ᠨᠢᠭᠡ ᠠᠮᠤᠷ ᠲᠦᠪᠰᠢᠨ︾ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠥᠮᠥᠨ᠂ | ᠭᠠᠵᠠᠷ᠂ ᠪᠡᠯᠡ ᠮᠦᠩᠬᠦ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠠᠮᠢᠯᠠᠭᠤᠯᠵᠤ᠂ ᠲᠣᠰᠬᠤᠨ ᠤ ᠬᠠᠮᠲᠤ ᠶᠢᠨ ᠦᠮᠴᠢᠯᠡᠯ ᠤᠨ ᠠᠰᠢᠭ ᠣᠷᠣᠯᠭ᠎ᠠ ᠶᠢ | 10% ᠠᠴᠠ ᠳᠡᠭᠡᠭᠰᠢ ᠨᠡᠮᠡᠭᠳᠡᠭᠦᠯᠦᠨ᠎ᠡ᠃ ᠠᠭᠤᠯᠠᠨ ᠠᠷᠣ ᠳᠤ 1 ᠰᠣᠮᠣ ᠪᠠᠯᠭᠠᠰᠣᠨ ᠤ ᠪᠠᠶᠢᠭᠤᠯᠤᠯᠳᠠ ᠶᠢ ᠰᠡᠷᠬᠦᠬᠡᠵᠤ᠂ ᠪᠠᠶᠠᠨᠴᠢᠨᠳᠠᠮᠤᠨᠢ ᠰᠤᠮᠤᠨ ᠤ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠴᠤᠭ᠋ᠦ᠌ᠨᠳᠦᠷ ᠪᠠᠯᠭᠠᠰᠤᠨ ᠤ ᠰᠤᠯᠠ ᠡᠳ᠋ ᠬᠥᠷᠥᠩᠭᠡ ᠶᠢ | ᠠᠮᠢᠳᠤᠯᠢᠭᠵᠢᠭᠤᠯᠤᠨ ᠲᠥᠯᠥᠪᠵᠢᠭᠦᠯᠵᠦ᠂ ᠮᠠᠯᠴᠢᠨ ᠲᠦᠮᠡᠨ ᠳᠤ ᠨᠠᠩ ᠰᠠᠶᠢᠨ ᠦᠢᠯᠡᠴᠢᠯᠡᠨ᠎ᠡ᠃ ᠨᠡᠶᠢᠭᠡᠮ ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ | ᠦᠢᠯᠡᠴᠢᠯᠡᠭᠡᠨ ᠤ ᠲᠥᠪ ᠢ ᠢᠳᠡᠪᠬᠢᠲᠡᠢ ᠪᠡᠯᠡᠳᠬᠡᠨ ᠪᠠᠶᠢᠭᠤᠯᠵᠤ᠂ ︽ᠬᠤᠳᠠ ᠶᠢᠨ ᠲᠣᠭᠤᠷᠢᠭ ᠤᠨ ᠬᠡᠷᠡᠭ ᠶᠠᠪᠤᠳᠠᠯ ᠢ ᠨᠡᠶᠢᠭᠡᠮ ᠲᠣᠭᠤᠷᠢᠭ ᠲᠤ ᠰᠢᠢᠳᠪᠦᠷᠢᠯᠡᠵᠦ᠂ | ᠮᠠᠯᠵᠢᠬᠤ ᠲᠠᠷᠢᠶᠠᠯᠠᠬᠤ ᠣᠷᠣᠨ ᠤ ᠲᠤᠬᠠᠶᠢᠯᠠᠭᠰᠠᠨ ᠠᠵᠢᠯ ᠢ ᠰᠢᠶᠠᠩ ᠪᠠᠯᠭᠠᠰᠤᠨ ᠳᠤ ᠰᠢᠢᠳᠪᠦᠷᠢᠯᠡᠬᠦ︾ ᠦᠨᠳᠦᠰᠦᠨ ᠱᠠᠳᠤ ᠶᠢ ᠵᠠᠰᠠᠬᠤ ᠰᠢᠰᠲ᠋ᠧᠮ ᠶᠢ | ᠪᠡᠶᠡᠯᠡᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠲᠦᠷᠭᠡᠳᠬᠡᠨ | ᠠᠬᠢᠭᠤᠯᠤᠨ᠎ᠠ᠃ 30 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 40 ᠺᠢᠯᠣᠮᠧᠲᠷ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠨᠠᠶᠢᠳᠠᠪᠤᠷᠢᠵᠢᠭᠤᠯᠵᠦ᠂ ᠤᠯᠤᠰ ᠤᠨ ᠪᠠ ᠮᠤᠵᠢ ᠶᠢᠨ ᠵᠠᠰᠠᠮᠠᠯ ᠵᠠᠮ ᠤᠨ ︽ᠶᠡᠷᠦᠩᠬᠡᠶᠢᠯᠡᠭᠰᠡᠨ ᠦᠢᠯᠡᠴᠢᠯᠡᠭᠡᠨ ᠤ ᠨᠤᠲᠤᠭ | ᠪᠡᠯᠴᠢᠭᠡᠷ ᠤᠨ ᠥᠷᠲᠡᠭᠡ︾ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠤᠨ | ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ 1 ᠶᠢ ᠥᠷᠭᠡᠳᠬᠡᠨ ᠪᠠᠶᠢᠭᠤᠯᠵᠤ᠂ | 589 ᠡᠷᠦᠭᠡ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠵᠦ᠂ ᠬᠦᠳᠡᠭᠡ ᠳᠣᠰᠬᠤᠨ ᠤ | ᠴᠢᠮᠡᠭᠡ ᠨᠠᠪᠳᠠᠷᠠᠯᠬᠡ ᠶᠢᠨ ᠦᠷᠳᠡᠭᠡ ᠶᠢ ᠦᠷᠬᠦᠯᠵᠢᠯᠡᠨ ᠨᠡᠮᠡᠭᠳᠡᠬᠦᠯᠵᠤ᠂ ᠣᠯᠣᠰ ᠮᠤᠵᠢ ᠣᠷᠣᠨ ᠤ ᠭᠤᠤᠯ ᠵᠠᠮ ᠳᠠᠭᠠᠣ ᠴᠢᠮᠡᠭᠡ ᠨᠡᠪᠳᠡᠷᠡᠯᠬᠡ ᠶᠢᠨ ᠪᠦᠷᠬᠦᠴᠡ ᠶᠢ | ᠨᠡᠮᠡᠭᠳᠡᠬᠦᠯᠤᠨ᠎ᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠪᠠᠷ ᠤᠳᠤᠷᠢᠳᠤᠮᠵᠢ ᠪᠣᠯᠭᠠᠵᠤ᠂ ᠰᠢᠭᠤᠷᠬᠠᠶᠢᠯᠠᠨ ᠣᠷᠣᠶᠢᠯᠠᠬᠤ ᠰᠢᠨ᠎ᠡ ᠲᠤᠯᠭᠠᠭᠤᠷᠢᠯᠠᠯ ᠢ | ᠪᠠᠲᠤᠳᠬᠠᠨ᠎ᠠ᠃ ᠶᠡᠷᠦᠩᠬᠡᠢ ᠬᠡᠮᠵᠢᠶ᠎ᠡ ᠶᠢ ᠶᠡᠬᠡᠰᠬᠡᠬᠦ ᠪᠠᠷ ᠭᠤᠣᠯ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠳᠡᠭᠡᠳᠦ ᠳᠡᠰ ᠤᠨ᠂ ᠣᠶᠤᠨᠴᠢᠯᠠᠬᠰᠠᠨ᠂ ᠪᠣᠬᠢᠷᠲᠤᠯ | ᠦᠭᠡᠢ ᠪᠠᠷ ᠤᠷᠤᠭᠰᠢᠯᠠᠬᠤ ᠴᠢᠭᠯᠡᠯ ᠢᠶᠠᠨ ᠪᠣᠯᠭᠠᠵᠤ᠂ ᠳᠥᠷᠪᠡᠨ ᠶᠡᠭᠡ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ᠂ ᠦᠯᠡᠳᠡᠭᠳᠡᠯ ᠠᠵᠤ ᠠᠬᠤᠶᠢᠯᠠᠯ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠴᠢᠷᠮᠠᠶᠢᠵᠤ᠂ ᠲᠠᠮᠫᠣᠷᠠᠭᠰᠠᠨ ᠠᠵᠤ ᠠᠬᠤᠶᠢᠯᠠᠯ ᠤᠨ ᠳᠠᠬᠢᠨ ᠠᠮᠢᠯᠠᠬᠤ ᠶᠢ ᠠᠬᠢᠭᠤᠯᠵᠤ᠂ | ᠨᠡᠮᠡᠭᠳᠡᠯ ᠤᠨ ᠲᠥᠷᠥᠯ ᠵᠦᠢᠯ ᠤᠨ ᠬᠡᠯᠬᠢᠶᠡᠵᠢᠯ ᠢ ᠤᠷᠳᠤᠳᠬᠠᠨ ᠨᠦᠬᠦᠪᠦᠷᠢᠯᠡᠵᠦ᠂ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠦᠨ᠎ᠡ᠃ | ᠠᠭᠤᠷᠬᠠᠢ ᠶᠢ ᠮᠠᠯᠳᠠᠨ ᠰᠤᠩᠭᠤᠵᠤ ᠬᠠᠶᠢᠯᠤᠭᠤᠯᠤᠨ ᠨᠥᠭᠡᠴᠡ ᠶᠢ ᠨᠡᠮᠡᠭᠳᠡᠭᠦᠯᠵᠤ ᠦᠢᠯᠡᠳᠪᠦᠷᠢᠯᠡᠯ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ | ᠲᠣᠮᠣ ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠬᠤᠰᠢᠭᠤᠨ ᠤ ᠬᠡᠪᠴᠢᠶᠡᠨ ᠳᠣᠲᠣᠷ᠎ᠠ ᠠᠭᠤᠷᠬᠠᠢ ᠬᠠᠶᠢᠨ ᠰᠢᠨᠵᠢᠬᠦ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ | ᠥᠩᠭᠡᠲᠦ ᠲᠡᠮᠦᠷᠯᠢᠭ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠢᠳᠡᠪᠬᠢᠳᠠᠢ ᠪᠠᠷ ᠪᠠᠶᠢᠭᠤᠯᠤᠨ᠎ᠠ᠃ ᠳ᠋ᠦᠩᠰᠢᠭᠤᠷ ᠤᠨ ᠠᠭᠤᠷᠬᠠᠢ ᠶᠢᠨ 350 ᠲᠦᠮᠡᠨ | ᠲᠣᠨ᠂ ᠱᠤᠸᠠᠩ ᠯᠢ ᠶᠢᠨ 340 ᠲᠦᠮᠡᠨ ᠲᠣᠨ᠂ ᠽᠢ ᠶᠢᠨ ᠤ ᠠᠭᠤᠷᠬᠠᠢ ᠶᠢᠨ ᠦᠢᠯᠡᠰ ᠤᠨ 297 ᠲᠦᠮᠡᠨ ᠲᠤᠨ ᠠᠭᠤᠷᠬᠠᠢ ᠮᠠᠯᠲᠠᠵᠤ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠷᠠᠭᠤᠨ ᠣᠷᠣᠨ ᠤ ᠵᠡᠰ ᠤᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠤᠨ ᠲᠠᠰ | ᠳᠡᠪᠰᠢᠭᠦᠯᠬᠦ ᠲᠥᠷᠥᠯ ᠵᠦᠢᠯ ᠢ ᠲᠣᠰ ᠵᠢᠯ ᠳᠤ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠽᠢ ᠶᠢᠨ ᠥᠩᠭᠡᠲᠦ ᠲᠡᠮᠦᠷᠯᠢᠭ᠂ ᠹᠧᠢ ᠱᠠᠩ ᠵᠡᠰ ᠤᠨ ᠦᠢᠯᠡᠰ᠂ ᠰᠠᠨ ᠶᠢᠩ ᠬᠤᠩ ᠶᠧ ᠵᠡᠷᠭᠡ ᠲᠡᠮᠦᠷᠯᠢᠭ ᠬᠠᠶᠢᠯᠤᠭᠤᠯᠬᠤ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠭᠤᠷᠬᠠᠢ ᠪᠣᠯᠪᠠᠰᠤᠷᠠᠭᠤᠯᠬᠤ ᠦᠢᠯᠡᠳᠪᠦᠷᠢᠯᠡᠯ ᠤᠨ | ᠴᠢᠳᠠᠪᠤᠷᠢ ᠶᠢᠨ ᠪᠦᠷᠢᠨ ᠳᠠᠭᠠᠭᠠᠴᠠ ᠲᠠᠢ ᠠᠵᠢᠯᠯᠠᠬᠤ ᠶᠢ ᠦᠨᠡᠨᠬᠦ ᠪᠠᠲᠤᠯᠠᠨ᠎ᠠ᠃ ᠦᠩᠬᠡᠳᠣ ᠳᠠᠮᠦᠷᠯᠢᠭ ᠢ ᠬᠠᠶᠢᠯᠤᠭᠤᠯᠬᠤ ᠠᠵᠤ ᠠᠬᠤᠶᠢᠯᠠᠯ ᠤᠨ ᠬᠡᠪᠴᠢᠶᠡᠵᠢᠯ ᠢ | ᠦᠷᠭᠡᠳᠭᠡᠨ ᠬᠡᠯᠬᠢᠶ᠎ᠡ ᠶᠢ ᠣᠷᠳᠣᠳᠬᠠᠬᠤ ᠶᠢ ᠢᠳᠡᠪᠬᠢᠳᠡᠢ ᠠᠬᠢᠭᠤᠯᠵᠤ᠂ ᠵᠠᠰ ᠬᠠᠶᠢᠯᠤᠭᠤᠯᠬᠤ ᠵᠡᠷᠭᠡ ᠲᠡᠮᠦᠷᠯᠢᠭ ᠬᠠᠶᠢᠯᠤᠭᠤᠯᠬᠤ ᠰᠢᠨ᠎ᠠ ᠲᠥᠷᠥᠯ ᠵᠦᠢᠯ ᠤᠨ | ᠪᠠᠯᠠᠳᠭᠡᠯ ᠬᠤᠭᠤᠴᠠᠭᠠᠨ ᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ᠃ | ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠲᠥᠪᠯᠡᠷᠡᠩᠭᠦᠢ ᠬᠦᠭᠵᠢᠯᠳᠠ ᠶᠢ ᠠᠬᠢᠭᠤᠯᠤᠨ᠎ᠠ᠃ ᠬᠦᠬᠦᠷ ᠬᠦᠴᠢᠯ ᠦᠢᠯᠡᠳᠪᠦᠷᠢᠯᠡᠬᠦ᠂ | ᠤᠰᠠᠳᠬᠠᠬᠤ᠂ ᠬᠠᠳᠠᠭᠠᠯᠠᠬᠤ᠂ ᠵᠥᠭᠡᠭᠡᠪᠦᠷᠢᠯᠡᠬᠦ ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ | ᠤᠯᠤᠰ ᠤᠨ ᠬᠤᠳᠠ ᠶᠢᠨ ᠡᠬᠢ ᠪᠠᠶᠠᠯᠢᠭ ᠤᠨ 20 ᠲᠦᠮᠡᠨ ᠲᠣᠨ ᠲᠢᠲ᠋ᠠᠨ ᠤ ᠴᠠᠭᠠᠨ ᠨᠤᠨᠳᠠᠭ ᠤᠨ ᠲᠦᠷᠦᠯ ᠵᠦᠢᠯ ᠢ ᠦᠳᠳᠤᠷ ᠪᠠᠶᠢᠭᠤᠯᠤᠨ ᠠᠰᠢᠭᠯᠠᠯᠳᠠ ᠳᠤ | ᠤᠷᠤᠭᠤᠯᠤᠨ᠂ ᠶᠢᠨ ᠭᠦ᠋ ᠶᠢᠨ ᠨᠡᠶᠢᠯᠡᠮᠡᠯ ᠪᠣᠷᠳᠣᠭᠤᠷ ᠢ ᠪᠦᠷᠢᠨ ᠲᠠᠭᠠᠭᠠᠴᠠ ᠲᠠᠢ ᠪᠠᠷ ᠦᠢᠯᠡᠳᠪᠤᠷᠢᠯᠡᠬᠦ ᠶᠢ ᠪᠠᠶᠠᠯᠡᠬᠦᠯᠵᠤ᠂ ᠺᠧ ᡂᠢ ᠲᠠᠷᠢᠶᠠᠨ ᠡᠮ | ᠦᠢᠯᠡᠳᠪᠤᠷᠢᠯᠡᠬᠦ ᠲᠦᠷᠤᠯ ᠵᠤᠶᠢᠯ ᠢ ᠲᠣᠭᠲᠠᠭᠰᠠᠨ ᠬᠤᠭᠤᠴᠠᠭᠠᠨ ᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠦᠬᠦᠷ ᠤᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠶᠡᠬᠡᠪᠡᠷ ᠤᠷᠢᠨ ᠤᠷᠤᠭᠤᠯᠵᠤ᠂ ︽ᠠᠽᠢᠶ᠎ᠠ ᠲᠢᠪ ᠤᠨ ᠬᠦᠬᠦᠷ ᠤᠨ ᠨᠡᠶᠢᠰᠯᠡᠯ︾ ᠤᠨ ᠨᠡᠷ᠎ᠡ ᠶᠢᠨ ᠬᠠᠭᠤᠳᠠᠰᠤ ᠶᠢ | ᠲᠠᠭᠤᠷᠢᠰᠢᠭᠤᠯᠤᠨᠠ᠃ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢᠨ ᠵᠢᠭᠠᠯᠳᠠ ᠲᠤᠭ᠎ᠠ ᠶᠢ ᠢᠳᠡᠪᠬᠢᠯᠡᠨ ᠲᠡᠮᠡᠴᠠᠨ ᠣᠯᠵᠤ᠂ ᠾᠧᠢ ᠮᠤᠤ ᠶᠢᠨ ᠬᠤᠶᠠᠳᠤᠭᠠᠷ | ᠬᠤᠭᠤᠴᠠᠭᠠᠨ ᠤ ᠬᠤᠶᠠᠳᠤᠭᠠᠷ ᠪᠦᠯᠦᠭ ᠤᠨ 160 ᠲᠦᠮᠡᠨ ᠲᠣᠨ ᠬᠡᠦᠷᠰᠢᠭᠦᠯᠬᠦ ᠲᠥᠷᠥᠯ ᠵᠦᠢᠯ ᠢ ᠱᠠᠯᠠᠪᠳᠠᠭᠤᠯᠤᠨ ᠡᠬᠢᠯᠡᠭᠦᠯᠵᠤ᠂ ᠾᠧᠢ ᠮᠤᠤ ᠶᠢᠨ 10 | ᠲᠦᠮᠡᠨ ᠲᠣᠨ LNG᠂ ᠶᠢᠨ ᠮᠤᠤ ᠶᠢᠨ 12 ᠲᠦᠮᠡᠨ ᠲᠣᠨ ᠨᠡᠭᠦᠷᠡᠰᠦᠨ ᠬᠡᠤᠳᠠᠰᠤ᠂ ᠰᠢᠶᠦ᠋ᠨ ᠨᠧᠩ ᠬᠠᠲᠠᠭᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ | ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠾᠧᠢ ᠮᠤᠤ ᠨᠡᠭᠦᠷᠡᠰᠤᠨ ᠬᠢᠮᠢ ᠶᠢᠨ ᠠᠵᠤ ᠦᠢᠯᠡᠳᠪᠦᠷᠢ ᠪᠠᠷ ᠬᠡᠯᠬᠢᠶ᠎ᠡ ᠪᠣᠯᠭᠠᠭᠰᠠᠨ ᠨᠡᠭᠦᠷᠡᠰᠤᠨ ᠬᠢᠮᠢ ᠶᠢᠨ | ᠠᠵᠤ ᠦᠢᠯᠡᠳᠪᠦᠷᠢ ᠶᠢ ᠬᠦᠴᠣᠷᠭᠡᠭᠵᠢᠬᠦᠯᠬᠦ ᠶᠢ ᠬᠥᠲᠥᠯᠥᠨ ᠵᠢᠯᠣᠭᠤᠳᠤᠨ᠎ᠠ᠃ ᠵᠥᠩ ᠲᠢᠶᠠᠨ ᠤ 40 ᠲᠦᠮᠡᠨ ᠲᠣᠨ ᠣᠷᠭᠠᠨᠢᠭ ᠴᠠᠬᠢᠭᠤᠷ᠂ 20 ᠲᠦᠮᠡᠨ ᠲᠣᠨ | ᠠᠵᠤ ᠦᠢᠯᠡᠳᠪᠤᠷᠢ ᠶᠢᠨ ᠴᠠᠬᠢᠭᠤᠷ ᠤᠨ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠦᠢ ᠭᠤᠸᠠᠩ ᠤᠨ ᠲᠦᠮᠡᠨ ᠲᠣᠨ ᠣᠯᠠᠨ ᠲᠠᠯᠠᠰᠲᠤ | ᠴᠠᠬᠢᠭᠤᠷ ᠤᠨ ᠲᠥᠷᠥᠯ ᠵᠦᠢᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠢᠶᠠᠷ ᠴᠡᠪᠡᠷ ᠲᠠᠯᠠᠰᠲᠤ ᠴᠠᠬᠢᠭᠤᠷ ᠤᠨ | ᠲᠥᠷᠥᠯ ᠵᠦᠢᠯ ᠢ ᠣᠷᠣᠯᠠᠭᠤᠯᠬᠤ ᠶᠢ ᠢᠳᠡᠪᠬᠢᠳᠡᠢ ᠪᠠᠷ ᠣᠷᠢᠨ ᠣᠷᠣᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ C ᠲᠠᠰ ᠢ D | ᠲᠠᠰ ᠲᠤ ᠳᠡᠪᠰᠢᠭᠦᠯᠬᠦ ᠬᠠᠷᠠᠯᠲᠠ ᠶᠢ ᠲᠦᠷᠭᠡᠳᠬᠡᠨ ᠲᠣᠭᠲᠠᠭᠠᠵᠤ᠂ ᠠᠵᠤ ᠦᠢᠯᠡᠳᠪᠤᠷᠢ ᠶᠢᠨ ᠳᠣᠭᠤᠷᠢᠭ ᠤᠨ ᠪᠣᠬᠢᠷ ᠤᠰᠤ ᠶᠢ ᠡᠷᠬᠢᠯᠳᠣᠬᠦᠯᠣᠨ ᠶᠡᠷᠣᠩᠬᠡᠶᠢᠯᠡᠨ | ᠠᠰᠢᠭᠯᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠭᠠᠯ ᠤᠨᠲᠠᠷᠠᠭᠠᠬᠤ ᠤᠨᠴᠠᠭᠠᠢ ᠡᠬᠦᠷᠭᠡ ᠶᠢᠨ ᠥᠷᠲᠡᠭᠡ ᠶᠢ ᠲᠡᠭᠦᠯᠳᠡᠷᠵᠢᠭᠦᠯᠦᠨ᠂ ᠳᠠᠳᠤᠯᠭ᠎ᠠ ᠶᠢᠨ | ᠰᠠᠭᠤᠷᠢᠨ ᠭᠠᠵᠠᠷ᠂ ᠣᠯᠠᠨ ᠨᠡᠶᠢᠳᠡ ᠶᠢᠨ ᠬᠤᠭᠤᠯᠠᠢ ᠰᠣᠪᠠᠭ ᠤᠨ ᠬᠤᠩᠬᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠳᠪᠤᠷᠢ ᠶᠢᠨ ᠳᠣᠭᠤᠷᠢᠭ | ᠤᠨ ᠳᠠᠰᠣᠷᠬᠠᠢ ᠵᠠᠮ ᠢ ᠨᠠᠪᠳᠠᠷᠠᠬᠦᠯᠤᠨ᠂ ᠮᠠᠰᠢᠨ ᠳᠡᠷᠬᠡ ᠰᠠᠯᠪᠢᠨ ᠵᠠᠰᠠᠬᠤ ᠵᠡᠬᠡᠯᠢ ᠶᠢ ᠲᠦᠯᠦᠪᠵᠢᠬᠦᠯᠤᠨ᠂ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ | ᠬᠠᠮᠢᠶᠠᠷᠤᠯᠲᠠ ᠶᠢᠨ ᠠᠵᠢᠯᠲᠠᠨ ᠢ ᠪᠦᠷᠢᠨ ᠲᠣᠬᠢᠷᠠᠭᠤᠯᠵᠤ᠂ ᠰᠠᠭᠤᠷᠢ ᠲᠦᠬᠦᠭᠡᠷᠤᠮᠵᠢ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠢᠨ᠎ᠡ ᠡᠨᠧᠷᠭᠢ ᠪᠤᠯᠤᠨ ᠥᠨᠳᠥᠷ ᠠᠴᠢᠶᠠᠯᠠᠯᠳᠤ ᠠᠵᠤ ᠦᠢᠯᠡᠰ ᠤᠨ ᠤᠶᠠᠯᠳᠤᠯ ᠢ ᠲᠦᠯᠬᠢᠨ ᠠᠬᠢᠭᠤᠯᠤᠨ᠎ᠠ᠃ ᠨᠠᠷᠠᠨ ᠭᠤᠤ ᠶᠢᠨ 120 ᠲᠦᠮᠡᠨ | ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢᠶᠠᠷ ᠲᠤᠯᠤᠭᠠᠶᠢᠯᠠᠭᠴᠢ ᠪᠣᠯᠭᠠᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ᠂ | ᠴᠠᠬᠢᠯᠭᠠᠨ ᠬᠦᠷᠭᠡᠨ ᠬᠦᠴᠦᠳᠡᠯ ᠥᠭᠡᠷᠡᠴᠢᠯᠡᠬᠦ᠂ ᠴᠠᠬᠢᠯᠠᠭᠠᠨ ᠤ ᠦᠨᠳᠤᠷ ᠠᠴᠢᠶᠠᠯᠠᠪᠤᠷᠢ ᠶᠢ ᠲᠣᠬᠢᠷᠠᠭᠤᠯᠬᠤ ᠵᠢᠴᠢ ᠠᠵᠤ ᠦᠢᠯᠡᠳᠪᠦᠷᠢ ᠶᠢᠨ ᠴᠠᠬᠢᠭᠤᠷ᠂ | ᠣᠷᠭᠠᠨᠢᠭ ᠴᠠᠬᠢᠭᠤᠷ᠂ ᠨᠣᠭᠤᠭᠠᠨ ᠤᠰᠤᠲᠥ᠋ᠷᠥᠭᠴᠢ᠂ ᠨᠣᠭᠤᠭᠠᠨ ᠰᠢᠪᠲᠦᠷ᠂ ᠨᠣᠭᠤᠭᠠᠨ ᠮᠧᠲ᠋ᠢᠯ ᠠᠯᠺᠣᠣᠯ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ | ᠰᠢᠨ᠎ᠠ ᠪᠠᠷ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠴᠢᠬᠤᠯᠠ ᠶᠡᠭᠡ ᠲᠥᠷᠥᠯ ᠵᠦᠢᠯ ᠤᠳ ᠢ ᠬᠤᠯᠪᠣᠵᠤ᠂ ᠥᠨᠳᠥᠷ ᠠᠴᠢᠶᠠᠲᠤ ᠡᠨᠧᠷᠭᠢ ᠶᠢᠨ ᠠᠵᠤ | ᠦᠢᠯᠡᠰ ᠢ ᠥᠨᠳᠥᠷ ᠬᠠᠷᠢᠴᠠᠯ ᠲᠠᠢ ᠪᠠᠷ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠲᠦᠷᠭᠡᠳᠬᠡᠨ᠎ᠡ᠃ ᠮᠧᠩ ᠨᠧᠩ 100 ᠲᠦᠮᠡᠨ ᠺᠢᠯᠣᠸᠠᠲ | ᠪᠣᠯᠣᠨ ᠪᠥᠸᠧ ᠵᠥᠩ 5 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠡᠨᠡ ᠵᠢᠯ ᠤᠨ ᠳᠣᠲᠣᠷ᠎ᠠ | ᠪᠠᠶᠢᠭᠤᠯᠤᠨ ᠳᠠᠭᠤᠰᠬᠠᠵᠤ᠂ ᠲᠣᠣᠷ ᠲᠤ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ | ᠬᠡᠰᠡᠭ ᠤᠨ 350 ᠲᠦᠮᠡᠨ ᠺᠢᠯᠣᠸᠠᠲ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ᠂ ᠽᠢ ᠶᠢᠨ ᠤ ᠥᠩᠭᠡᠲᠦ ᠲᠡᠮᠦᠷᠯᠢᠭ ᠤᠨ ᠥᠪᠡᠰᠤᠪᠠᠨ ᠴᠠᠬᠢᠯᠭᠠᠨ | ᠬᠠᠩᠭᠠᠬᠤ ᠦᠢᠯᠡᠳᠪᠦᠷᠢ ᠶᠢᠨ ᠰᠢᠨᠡᠳᠴᠤ ᠪᠣᠯᠬᠤ ᠡᠨᠧᠷᠭᠢ ᠶᠢᠨ ᠣᠷᠤᠯᠠᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠨ | ᠰᠦᠯᠵᠢᠶᠡᠨ ᠳᠤ ᠨᠡᠶᠢᠯᠡᠭᠦᠯᠬᠦ 1 — 2 ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠸᠠ ᠨᠧᠩ ᠤᠨ 30 ᠲᠦᠮᠡᠨ ᠺᠢᠯᠣᠸᠠᠲ ᠤᠨ ᠬᠡᠷᠡᠯ | ᠢᠯᠴᠢ ᠶᠢᠨ ᠲᠥᠷᠥᠯ ᠵᠦᠢᠯ ᠤᠨ ᠪᠡᠯᠡᠳᠭᠡᠯ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠤᠷᠠᠳ ᠤᠨ ᠬᠤᠶᠢᠳᠤ ᠬᠤᠰᠢᠭᠤᠨ ᠤ 500 ᠺᠢᠯᠣᠸ᠋ᠯᠲ | ᠤᠨ ᠴᠠᠬᠢᠯᠭᠠᠨ ᠬᠦᠷᠭᠡᠨ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠴᠠᠬᠢᠯᠭᠠᠨ ᠤ ᠲᠣᠣᠷ ᠤᠨ ᠲᠦᠷᠤᠯ ᠵᠤᠶᠢᠯ ᠢ ᠱᠠᠯᠠᠪᠳᠠᠨ ᠬᠡᠷᠡᠭᠵᠢᠭᠦᠯᠬᠦ ᠶᠢ ᠲᠦᠯᠬᠢᠨ | ᠠᠬᠢᠭᠤᠯᠵᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠵᠤ ᠦᠯᠡᠳᠡᠭᠡᠨ ᠠᠪᠬᠤ ᠶᠢ ᠠᠬᠢᠭᠤᠯᠤᠨ᠎ᠠ᠃ ᠮᠢᠩᠭᠠᠨ ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠮᠢᠩᠭᠠᠨ ᠳ᠋ᠦᠩᠰᠢᠭᠤᠷ ᠦᠢᠯᠡᠳᠪᠤᠷᠢᠯᠠᠯ ᠤᠨ ᠥᠷᠲᠡᠭ ᠲᠠᠢ ᠪᠣᠬᠢᠷᠲᠤᠯ ᠦᠭᠡᠢ ᠠᠵᠤ ᠦᠢᠯᠡᠳᠪᠦᠷᠢ ᠶᠢᠨ | ᠪᠦᠯᠦᠭᠵᠢᠯ ᠢ ᠪᠣᠶᠢᠵᠢᠭᠤᠯᠤᠨ᠎ᠠ᠃ | ︵ᠳᠥᠷᠪᠡ︶ ᠭᠤᠷᠪᠠᠳᠤᠭᠠᠷ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠤᠷᠤᠶᠢᠯᠠᠨ ᠮᠠᠩᠯᠠᠶᠢᠯᠠᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠬᠢᠭᠡᠳ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ | ᠭᠤᠷᠪᠠᠳᠤᠭᠠᠷ ᠠᠵᠤ ᠦᠢᠯᠡᠰ ᠤᠨ ᠰᠢᠨ᠎ᠡ ᠤᠷᠤᠨ ᠵᠠᠢ ᠶᠢ ᠪᠣᠶ ᠪᠣᠯᠭᠠᠨ᠎ᠠ᠃ | ᠨᠡᠭᠡᠭᠡᠯᠲᠡ ᠪᠠᠷ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡᠨ ᠤ ᠬᠠᠮᠲᠤᠷᠠᠯ ᠬᠦᠴᠦᠨ ᠢ ᠨᠢᠠᠠᠳᠠᠷᠠᠭᠤᠯᠤᠨ᠎ᠠ᠃ ︽ᠤᠷᠠᠳ ᠨᠡᠷᠡᠮᠵᠢᠲᠦ︾ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠳᠡᠷᠬᠡᠨ ᠤ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠶᠢᠨ ᠬᠤᠤ ᠲᠧ ᠭᠠᠶᠢᠯᠢ ᠪᠠᠲᠤᠯᠠᠬᠤ ᠬᠥᠮᠥᠷᠭᠡ ᠶᠢ ᠲᠦᠷᠭᠡᠳᠬᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠵᠡᠰ ᠤᠨ ᠨᠠᠷᠢᠯᠢᠭ ᠨᠤᠨᠳᠠᠭ ᠤᠨ | ᠭᠠᠶᠢᠯᠢ ᠪᠠᠲᠤᠯᠠᠬᠤ ᠬᠥᠮᠥᠷᠭᠡ ᠶᠢᠨ ᠲᠤᠬᠠᠶᠢᠯᠠᠭᠰᠠᠨ ᠠᠵᠢᠯ ᠢ ᠥᠷᠭᠡᠳᠬᠡᠨ᠂ ᠪᠠᠷᠠᠭ᠎ᠠ ᠴᠤᠭᠯᠠᠭᠤᠯᠬᠤ ᠶᠢ ᠵᠣᠬᠢᠴᠠᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢ | ᠴᠢᠩᠭᠠᠳᠬᠠᠵᠤ᠂ ᠬᠠᠮᠢᠶ᠎ᠠ ᠪᠦᠬᠦᠢ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠂ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ | ᠴᠢᠩᠭᠠᠳᠬᠠᠵᠤ᠂ ᠭᠦᠨ ᠳᠠᠪᠬᠤᠷᠭ᠎ᠠ ᠶᠢᠨ ᠣᠯᠠᠨ ᠬᠦᠷᠢᠶ᠎ᠡ ᠴᠠᠷᠠᠭ᠎ᠠ ᠶᠢᠨ ᠭᠠᠳᠠᠭᠠᠳᠤ ᠨᠡᠭᠡᠭᠡᠯᠲᠡ ᠶᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠦᠪᠡᠷᠳᠡᠭᠡᠨ ᠠᠰᠢᠭᠯᠠᠵᠤ᠂ ᠵᠢᠯ ᠤᠨ ᠳᠣᠲᠣᠷ᠎ᠠ ᠡᠭᠡᠯᠵᠢ ᠶᠢᠨ | ᠭᠠᠯᠲᠤ ᠲᠡᠷᠭᠡ ᠶᠢ 50% ᠠᠴᠠ ᠳᠡᠭᠡᠭᠰᠢ ᠨᠡᠮᠡᠭᠳᠡᠭᠦᠯᠦᠨ᠎ᠡ᠃ ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ ᠬᠦᠭᠡᠦ᠌ᠨᠳᠤᠷ ᠤᠨ ᠲᠡᠮᠦᠷ ᠵᠠᠮ ᠤᠨ | ᠪᠠᠷᠠᠭᠠᠨ ᠤ ᠲᠡᠭᠡᠭᠡᠪᠦᠷᠢ ᠶᠢᠨ ᠦᠷᠳᠡᠬᠡᠨ ᠤ ᠨᠠᠢᠮᠠᠨ ᠲᠡᠷᠭᠡᠨ ᠵᠠᠮ ᠢ ᠥᠷᠭᠡᠳᠬᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠪᠠᠷᠠᠭᠤᠨ ᠣᠷᠣᠨ ᠤ ᠲᠣᠮᠣ | ᠬᠡᠯᠪᠡᠷᠢ ᠶᠢᠨ ᠨᠡᠭᠦᠷᠡᠰᠦᠨ ᠠᠷᠠᠯᠵᠢᠶᠠᠨ ᠤ ᠲᠥᠪ ᠤᠨ ᠲᠦᠷᠤᠯ ᠵᠦᠢᠯ ᠢ ᠡᠬᠢᠯᠡᠭᠦᠯᠬᠦ ᠪᠠᠷ ᠴᠢᠷᠮᠠᠶᠢᠵᠤ᠂ ᠠᠵᠤ ᠦᠢᠯᠡᠳᠪᠤᠷᠢ ᠶᠢᠨ ᠲᠣᠭᠤᠷᠢᠭ ᠠᠴᠠ ᠭᠠᠭᠴᠠᠮᠣᠳᠤ | ᠬᠦᠷᠬᠦ ᠪᠣᠭᠤᠮᠲᠠ ᠶᠢᠨ ᠨᠡᠭᠦᠷᠡᠰᠦ ᠲᠡᠭᠡᠭᠡᠪᠦᠷᠢᠯᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ᠂ ᠨᠡᠭᠦᠷᠡᠰᠣ ︽ᠲᠡᠭᠡᠭᠡᠪᠦᠷᠢᠯᠡᠨ ᠬᠠᠳᠠᠭᠠᠯᠠᠵᠤ | ᠲᠣᠬᠢᠷᠠᠭᠤᠯᠤᠨ ᠪᠣᠷᠣᠯᠠᠭᠤᠯᠵᠤ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢ ᠨᠠᠪᠲᠠᠷᠡᠭᠦᠯᠵᠦ᠂ ︽ᠰᠢᠨᠵᠢᠶᠠᠩ ᠤᠨ ᠨᠡᠭᠦᠷᠡᠰᠦ ᠶᠢ ᠵᠡᠭᠦᠨᠰᠢ ᠬᠦᠷᠭᠡᠬᠦ᠂ ᠥᠪᠥᠷ | ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ︾ ᠶᠢ ᠪᠠᠶᠠᠯᠡᠬᠦᠯᠵᠤ᠂ ︽ᠮᠢᠩᠭᠠᠨ ᠲᠦᠮᠡᠨ ᠲᠣᠨ ᠨᠡᠭᠦᠷᠡᠰᠦ ᠶᠢ ᠬᠤᠶᠢᠲᠤ ᠬᠤᠰᠢᠭᠤᠨ ᠳᠤ ᠣᠷᠣᠭᠤᠯᠬᠤ︾ | ᠶᠢ ᠪᠡᠶᠡᠯᠡᠭᠦᠯᠦᠨ᠎ᠡ᠃ ᠵᠠᠰᠠᠮᠠᠯ ᠵᠠᠮ ᠲᠡᠮᠦᠷ ᠵᠠᠮ ᠲᠡᠯᠡᠶ ᠶᠢᠨ ᠲᠡᠭᠡᠭᠡᠪᠦᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠤᠨ᠂ | ᠠᠭᠤᠷᠬᠠᠢ ᠶᠢᠨ ᠦᠢᠯᠡᠰ ᠤᠨ ᠲᠦᠭᠦᠬᠡᠢ ᠮᠠᠲ᠋ᠧᠷᠢᠶᠠᠯ ᠤᠨ ᠲᠡᠮᠦᠷ ᠵᠠᠮ ᠤᠨ ᠲᠡᠭᠡᠭᠡᠪᠦᠷᠢᠯᠡᠨ ᠣᠷᠣᠭᠤᠯᠬᠤ ᠬᠡᠮᠵᠢᠶ᠎ᠡ ᠶᠢ 3 ᠳᠠᠬᠢᠨ ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ | ᠰᠢᠨ᠎ᠡ ᠶᠢ ᠡᠭᠦᠳᠴᠤ ᠰᠣᠶᠣᠯ ᠵᠢᠭᠤᠯᠴᠢᠯᠠᠯ ᠡᠷᠡᠭᠦᠯ ᠮᠡᠨᠳᠦ ᠶᠢ ᠬᠠᠮᠠᠭᠠᠯᠠᠬᠤ ᠠᠮᠢᠵᠢᠷᠠᠯ ᠤᠨ ᠬᠦᠴᠦᠨ ᠢ ᠠᠮᠢᠯᠠᠭᠤᠯᠤᠨ᠎ᠠ᠃ ᠤᠮᠠᠷᠠᠲᠤ ᠬᠢᠯᠢ ᠶᠢᠨ | ᠰᠣᠶᠣᠯ ᠤᠨ ᠨᠠᠷᠠᠲᠤ ᠳᠡᠮᠳᠡᠭ ᠢ ᠡᠭᠦᠳᠦᠨ ᠪᠠᠶᠢᠭᠤᠯᠬᠤ ᠪᠠᠷ ᠵᠢᠯᠣᠭᠤᠳᠤᠯᠭ᠎ᠠ ᠪᠣᠯᠭᠠᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠳᠥᠷᠪᠡᠨ ᠤᠯᠠᠷᠢᠯ ᠤᠨ ᠲᠤᠰᠬᠠᠢ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠲᠥᠯᠥᠪᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠮᠤᠨᠢ ᠠᠭᠤᠯᠠᠨ ᠤ ᠵᠤᠭᠠᠴᠠᠯ︱ ᠭᠠᠶᠢᠬᠠᠮᠰᠢᠭᠳᠤ ᠤᠷᠠᠳ ᠤᠨ ᠬᠤᠶᠢᠲᠤ ᠬᠤᠰᠢᠭᠤ ᠪᠠᠷ ᠠᠶᠠᠯᠠᠬᠤᠢ︾ ᠬᠤᠪᠢ | ᠶᠢᠨ ᠠᠶᠠᠯᠠᠯ ᠤᠨ ᠨᠠᠷᠠᠲᠤ ᠲᠡᠮᠳᠡᠭ ᠪᠠ ᠪᠤᠷᠬᠠᠨᠳᠤ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠨᠠᠷᠢᠨ ᠨᠢᠮᠪᠠᠢ ᠪᠠᠶᠢᠭᠤᠯᠵᠤ᠂ ᠮᠦᠩᠬᠦᠨ ᠡᠪᠤᠯ ᠤᠨ | ᠵᠢᠭᠤᠯᠴᠢᠯᠠᠯ᠂ ᠡᠯᠡᠰᠦᠨ ᠴᠥᠯ ᠤᠨ ᠠᠶᠠᠯᠠᠯ ᠢ ᠶᠡᠬᠡᠪᠡᠷ ᠬᠥᠭᠵᠢᠭᠦᠯᠦᠨ᠎ᠡ᠃ ᠬᠠᠯᠠᠭᠤᠨ ᠷᠠᠰᠢᠶᠠᠨ ᠤ ᠵᠢᠵᠢᠭ ᠪᠠᠯᠭᠠᠰᠣᠨ ᠤ ᠪᠦᠳᠣᠬᠡᠨ ᠪᠠᠶᠢᠭᠤᠯᠤᠯᠳᠠ ᠪᠠᠷ | ᠵᠢᠯᠤᠭᠤᠳᠣᠮᠵᠢ ᠪᠤᠯᠭᠠᠵᠤ᠂ ᠵᠤᠭᠠᠴᠠᠯ ᠤᠨ ᠠᠮᠠᠷᠠᠯᠳᠠ ᠶᠢᠨ ᠣᠷᠣᠨ ᠤ ᠲᠦᠷᠤᠯ ᠵᠦᠢᠯ ᠢ ᠪᠦᠬᠦ ᠬᠦᠴᠣᠨ ᠢᠶᠠᠷ ᠠᠬᠢᠭᠤᠯᠵᠤ᠂ ᠬᠤᠲᠠ ᠶᠢᠨ ᠲᠠᠯ᠎ᠠ ᠨᠤᠲᠤᠭ ᠤᠨ | ᠶᠡᠷᠦᠩᠬᠡᠶᠢᠯᠡᠭᠰᠡᠨ ᠲᠣᠭᠤᠷᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠠᠷᠠᠨ ᠠᠭᠤᠯᠠᠨ ᠤ ᠠᠮᠢ ᠠᠬᠤᠢ ᠶᠢᠨ | ᠦᠵᠡᠮᠵᠢ ᠶᠢᠨ ᠣᠷᠣᠨ᠂ ᠬᠤᠳᠠᠯᠳᠤᠭᠠᠨ ᠤ ᠶᠠᠪᠠᠭᠠᠨ ᠵᠡᠭᠡᠯᠢ᠂ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠤ ᠢᠵᠢ ᠪᠦᠷᠢᠳᠦᠭᠦᠯᠬᠦ ᠴᠢᠳᠠᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ᠂ 10 ᠠᠴᠠ ᠳᠡᠭᠡᠭᠰᠢ ᠲᠦᠷᠪᠡᠨ ᠣᠳᠣᠨ ᠳᠡᠰ ᠤᠨ ᠵᠢᠭᠤᠯᠴᠢᠳ ᠬᠦᠯᠢᠶᠡᠨ ᠠᠪᠬᠤ ᠭᠠᠵᠠᠷ ᠪᠠᠶᠢᠭᠤᠯᠤᠨ᠂ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ 1 — 2 ᠢ ᠪᠣᠶᠢᠵᠢᠭᠤᠯᠵᠤ᠂ ︽ᠵᠡᠬᠦᠨ᠎ᠠ ᠡᠷᠳᠡᠨ ᠤ ᠨᠠᠷᠡᠳᠤ ᠤᠣ ᠶᠢᠨ ᠭᠤᠤᠯ ᠢᠶᠠᠷ ᠠᠶᠠᠯᠠᠨ᠂ | ᠪᠠᠷᠠᠭᠤᠨ᠎ᠠ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠢᠶᠠᠷ ᠵᠤᠭᠠᠴᠠᠵᠤ᠂ ᠡᠮᠦᠨ᠎ᠡ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠢᠶᠠᠷ ᠲᠤᠭᠤᠷᠢᠨ᠂ | ᠬᠤᠶᠢᠨ᠎ᠠ ᠬᠤᠳᠠᠯᠳᠤᠭᠠᠨ ᠤ ᠶᠠᠪᠠᠭᠠᠨ ᠵᠡᠭᠡᠯᠢ ᠪᠠᠷ ᠵᠤᠷᠴᠢᠵᠤ᠂ ᠳᠣᠮᠳᠠᠬᠠᠯᠠᠭᠤᠨ ᠷᠠᠰᠢᠶᠠᠨ ᠠᠮᠠᠷᠠᠯᠳᠠ ᠶᠢᠨ ᠭᠠᠵᠠᠷ ᠢᠶᠠᠷ ᠠᠮᠠᠷᠠᠬᠤ︾ ᠬᠤᠲᠠ ᠬᠥᠳᠡᠭᠡ ᠶᠢᠨ | ᠨᠢᠭᠡ ᠴᠣᠭᠴᠠᠵᠢᠭᠰᠠᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ︽ᠬᠦᠴᠤᠳᠤ ᠯᠤᠤ ᠶᠢᠨ ᠦᠰᠦᠷᠦᠯᠲᠡ · ᠭᠡᠰᠢᠭ ᠬᠤᠷᠤᠶᠢᠯᠠᠭᠰᠠᠠ ᠬᠤᠶᠢᠲᠤ | ᠬᠤᠰᠢᠭᠤ︾ ᠶᠢᠨ ᠰᠣᠶᠣᠯ ᠵᠢᠭᠤᠯᠴᠢᠯᠠᠯ ᠤᠨ ᠰᠢᠷᠢᠰ ᠬᠦᠳᠡᠯᠬᠡᠬᠡᠨ ᠢ ᠨᠠᠷᠢᠨ ᠨᠢᠮᠪᠠᠢ ᠡᠷᠬᠢᠯᠡᠵᠦ᠂ ᠵᠠᠭᠤᠨ ᠲᠦᠮᠡᠨ ᠵᠤᠭᠠᠴᠠᠭᠰᠠᠳ ᠢ ᠬᠤᠶᠢᠲᠤ ᠬᠤᠰᠢᠭᠤᠨ ᠳᠤ | ᠲᠠᠳᠠᠨ ᠠᠪᠴᠢᠷᠠᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠵᠢᠯ ᠤᠨ | ᠳᠣᠲᠣᠷ᠎ᠠ ᠪᠠᠶᠢᠭᠤᠯᠵᠤ᠂ ᠲᠤᠰᠬᠠᠢ ᠮᠡᠷᠭᠡᠵᠢᠯ ᠤᠨ ᠪᠦᠯᠬᠦᠮ ᠢ ᠣᠷᠣᠭᠤᠯᠤᠨ ᠠᠪᠴᠢᠷᠠᠵᠤ᠂ ᠮᠣᠩᠭᠤᠯ ᠡᠮᠨᠡᠯᠭᠡ ᠶᠢᠨ ᠣᠨᠴᠠᠯᠢᠭᠲᠤ ᠡᠷᠡᠭᠦᠯᠵᠢᠯ ᠤᠨ | ᠦᠢᠯᠡᠴᠢᠯᠡᠭᠡᠨ ᠤ ᠲᠥᠪ ᠢ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ︽ᠢᠯᠡᠷᠡᠭᠡᠳᠤᠢ ᠡᠪᠡᠳᠴᠢᠨ ᠢ ᠵᠠᠰᠠᠬᠤ︾ ᠪᠠᠷ ᠭᠠᠷᠳᠠᠴᠠ ᠪᠣᠯᠭᠠᠵᠤ᠂ ᠮᠣᠩᠭᠤᠯ | ᠡᠮᠨᠡᠯᠭᠡ ᠶᠢᠨ ᠣᠨᠴᠠᠯᠢᠭᠲᠤ ᠡᠮᠨᠡᠯᠬᠡ ᠶᠢᠨ ᠠᠷᠭ᠎ᠠ ᠶᠢ ᠨᠡᠭᠡᠭᠡᠨ ᠬᠥᠭᠵᠢᠭᠦᠯᠵᠦ᠂ ︽ᠵᠢᠭᠤᠯᠴᠢᠯᠠᠯ + ᠡᠷᠡᠭᠦᠯᠵᠢᠯ ᠤᠨ ᠰᠤᠪᠢᠯᠠᠯᠲᠠ︾ ᠶᠢᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠪᠠᠶᠠᠯᠢᠭᠵᠢᠭᠤᠯᠤᠨ᠎ᠠ᠃ | ︵ᠲᠠᠪᠤ︶ ᠠᠮᠢ ᠠᠬᠤᠢ ᠶᠢᠨ ᠬᠠᠮᠠᠭᠠᠯᠠᠯᠲᠠ ᠪᠠᠷ ᠰᠠᠭᠤᠷᠢ ᠪᠣᠯᠭᠠᠵᠤ᠂ ᠭᠠᠪᠰᠢᠭᠠᠶᠢᠯᠠᠨ ᠲᠡᠷᠢᠬᠦᠯᠠᠡᠬᠦ ᠰᠢᠨ᠎ᠡ ᠬᠠᠯᠬᠠᠪᠴᠢ ᠶᠢ ᠪᠠᠬᠢᠵᠢᠭᠦᠯᠦᠨ᠎ᠡ᠃ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠴᠢᠬᠤᠯᠠ ᠶᠡᠭᠡ ᠠᠷᠠᠳ ᠤ ᠠᠮᠢᠳᠤᠷᠠᠯ ᠤᠨ ᠢᠨᠵᠧᠨᠧᠷᠢᠩ ᠪᠣᠯᠭᠠᠵᠤ᠂ ᠬᠥᠬᠡᠮᠳᠦᠭ ᠨᠣᠭᠤᠭᠠᠨ ᠠᠭᠤᠯᠠ | ᠤᠰᠤ ᠶᠢ ᠰᠠᠶᠢᠲᠤᠷ ᠰᠠᠬᠢᠨ ᠬᠠᠮᠠᠭᠠᠯᠠᠨ᠎ᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠲᠡᠶᠢᠨ ᠢ ᠰᠠᠶᠢᠲᠤᠷ ᠬᠢᠨ᠎ᠡ᠃ ᠡᠬᠢ ᠪᠠᠶᠠᠯᠢᠭ ᠣᠷᠴᠢᠨ ᠲᠣᠭᠤᠷᠢᠨ ᠤ | ᠳᠠᠭᠠᠭᠠᠴᠠ ᠶᠢ ᠴᠢᠩᠭ᠎ᠠ ᠵᠢᠷᠤᠮᠯᠠᠨ ᠠᠭᠤᠷᠬᠠᠢ ᠶᠢ ᠨᠡᠭᠡᠭᠡᠨ ᠠᠰᠢᠭᠯᠠᠵᠤ ᠬᠠᠮᠠᠭᠠᠯᠠᠨ᠎ᠠ᠃ ᠣᠣᠯ ᠤᠨ ᠦᠯᠡᠳᠡᠭᠳᠡᠭᠰᠡᠨ ᠬᠠᠶᠠᠭᠳᠠᠮᠠᠯ ᠠᠭᠤᠷᠬᠠᠢ ᠶᠢᠨ ᠣᠷᠴᠢᠨ | ᠲᠣᠭᠤᠷᠢᠨ ᠢ ᠵᠠᠰᠠᠵᠤ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠶᠢᠷ ᠴᠢᠯᠠᠭᠤᠨ ᠤ ᠮᠠᠲ᠋ᠧᠷᠢᠶᠠᠯ ᠢ ᠬᠤᠯᠠᠭᠠᠶᠢᠯᠠᠨ ᠮᠠᠯᠳᠠᠭᠰᠠᠨ ᠬᠠᠤᠯᠢ ᠪᠤᠰᠣ | ᠠᠵᠢᠯᠯᠠᠭ᠎ᠠ ᠳᠤ ᠬᠦᠴᠣᠳᠠᠢ ᠴᠣᠬᠢᠯᠳᠠ ᠦᠭᠬᠦᠨ᠎ᠠ᠃ ︽ᠳᠥᠷᠪᠡᠨ ᠵᠠᠭᠠᠭ ᠢᠶᠠᠷ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠣᠰᠣᠨ ᠤ ᠡᠬᠢ ᠪᠠᠶᠠᠯᠢᠭ ᠢ ᠶᠠᠷᠤᠩᠬᠡᠶᠢᠯᠡᠨ ᠠᠰᠢᠭᠯᠠᠬᠤ ᠲᠦᠷᠤᠯ ᠵᠦᠢᠯ ᠢ ᠠᠬᠢᠭᠤᠯᠬᠤ ᠪᠠᠷ ᠵᠢᠯᠤᠭᠤᠳᠣᠮᠵᠢ ᠪᠤᠯᠭᠠᠨ᠂ ︽ᠤᠰᠤᠨ ᠤ | ᠡᠬᠢ ᠪᠠᠶᠠᠯᠢᠭ ᠢ ᠲᠤᠮᠳᠠ ᠣᠷᠳᠣ ᠬᠤᠭᠤᠴᠠᠭ᠎ᠠ ᠪᠠᠷ ᠶᠡᠷᠦᠩᠬᠡᠶᠢᠯᠡᠨ ᠠᠰᠢᠭᠯᠠᠬᠤ ᠲᠥᠰᠥᠯ︾ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠬᠢᠵᠠᠭᠠᠷᠯᠠᠯ ᠢ | ᠴᠢᠩᠳᠠᠯᠠᠵᠤ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠡᠷᠬᠡᠪᠰᠢ ᠤᠰᠤᠨ ᠤ ᠡᠷᠬᠡ ᠶᠢᠨ ᠠᠷᠠᠯᠵᠢᠶᠠᠨ ᠤ | ᠭᠦᠢᠴᠡᠳᠬᠡᠯ ᠲᠤᠭ᠎ᠠ ᠶᠢ ᠬᠤᠳᠠᠯᠳᠤᠨ ᠠᠪᠴᠤ᠂ ᠵᠢᠯ ᠤᠨ ᠳᠣᠲᠣᠷ᠎ᠠ ᠬᠠᠩᠬᠢᠨ ᠬᠤᠶᠢᠳᠤ ᠬᠤᠰᠢᠭᠤᠨ ᠤ ᠴᠡᠪᠡᠷᠵᠢᠭᠰᠡᠨ ᠣᠰᠣ᠂ ᠶᠦᠩ ᠮᠢᠩ ᠬᠠᠢ ᠽᠢ᠂ ᠵᠡᠬᠦᠨ | ᠤᠣ ᠶᠢᠨ ᠭᠤᠣᠯ ᠤᠨ ᠦᠶᠡᠷ ᠤᠨ ᠣᠰᠣ ᠳᠣᠭᠳᠠᠭᠠᠬᠤ ᠣᠷᠣᠨ ᠤ ᠤᠰᠤ ᠬᠠᠩᠭᠠᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠷᠭᠠᠨ᠎ᠠ | ᠭᠤᠸ ᠶᠢᠨ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠬᠤᠳᠠ ᠪᠠᠯᠭᠠᠰᠤᠨ ᠤ ᠤᠰᠤ | ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠵᠤ᠂ ᠬᠤᠳᠳᠤᠭ᠂ ᠬᠠᠳᠤᠨ ᠭᠤᠤᠯ ᠤᠨ ᠬᠤᠣᠰ ᠤᠰᠤᠯᠠᠯᠲᠠ ᠤᠨ ᠠᠵᠢᠯ ᠢ ᠲᠤᠷᠰᠢᠨ ᠠᠬᠢᠭᠤᠯᠵᠤ᠂ ︽ | ᠲᠦᠷᠪᠡᠨ ᠤᠰᠤ ᠶᠢ ᠬᠤᠯᠪᠣᠯᠳᠤᠭᠤᠯᠬᠤ︾ ᠪᠠᠷ ᠵᠢᠱᠢᠶ᠎ᠡ ᠦᠵᠡᠭᠦᠯᠦᠨ᠂ ᠲᠠᠷᠢᠶᠠᠯᠠᠩ ᠤᠨ ᠤᠰᠤ ᠠᠷᠪᠢᠯᠠᠵᠤ ᠤᠰᠤ ᠬᠢᠵᠠᠭᠠᠷᠯᠠᠬᠤ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠨ᠎ᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠬᠤ ᠪᠠ | ᠪᠡᠯᠴᠢᠬᠡᠷ ᠢ ᠠᠮᠠᠷᠠᠭᠤᠯᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠳᠠᠬᠢᠨ ᠵᠠᠰᠠᠪᠤᠷᠢᠯᠠᠵᠤ᠂ ᠲᠥᠪᠯᠡᠷᠡᠨ ᠵᠠᠯᠭᠠᠯᠳᠤᠭᠰᠠᠨ ᠪᠡᠯᠴᠢᠭᠡᠷᠯᠡᠭᠦᠯᠬᠦ ᠶᠢ ᠵᠤᠭᠰᠤᠭᠠᠬᠤ | ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠰᠢᠨ᠎ᠡ ᠪᠠᠷ ᠬᠤᠪᠢᠶᠠᠷᠢᠯᠠᠵᠤ᠂ ᠰᠤᠮᠤ ᠪᠠᠯᠭᠠᠰᠤᠨ ᠤ ᠭᠤᠣᠯ ᠬᠠᠷᠢᠭᠤᠴᠠᠯᠭ᠎ᠠ᠂ ᠤᠢ | ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠴᠢᠩᠭ᠎ᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠪᠠᠷ ︽ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ | ᠪᠢᠲᠡᠭᠦᠮᠵᠢᠯᠡᠵᠤ ᠪᠡᠯᠴᠢᠭᠡᠷᠯᠡᠭᠦᠯᠬᠦ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠠᠮᠢᠶᠠᠷᠤᠯᠲᠠ ᠶᠢ ᠴᠢᠩᠭᠠᠳᠬᠠᠨ ᠬᠡᠳᠤ ᠮᠠᠯᠵᠢᠬᠤ ᠦᠭᠡᠢ︾ | ᠶᠢ ᠡᠷᠡᠰ ᠪᠡᠶᠡᠯᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ︽ᠨᠢᠭᠡ ᠠᠭᠤᠯᠠ ᠬᠤᠶᠠᠷ ᠡᠯᠡᠰᠦ︾ | ᠶᠢᠨ ᠳᠤᠮᠳᠠ ︽ᠲᠤᠯᠤᠭᠠᠨ ᠨᠢᠭᠡ︾ ᠶᠢᠨ ᠵᠠᠭᠪᠤᠷ ᠢ ᠬᠡᠷᠡᠭᠵᠢᠭᠦᠯᠵᠦ᠂ ︽ᠤᠮᠠᠷᠠᠰᠢᠬᠢ ᠶᠢ ᠪᠢᠲᠡᠭᠦᠮᠵᠢᠯᠡᠨ᠂ ᠡᠮᠦᠨᠡᠬᠢ ᠶᠢ ᠣᠶᠢᠵᠢᠭᠤᠯᠵᠤ᠂ ᠪᠠᠷᠠᠭᠤᠨᠳᠠᠢ ᠶᠢ | ᠨᠢᠰᠭᠡᠯ ᠢᠶᠠᠷ ᠲᠠᠷᠢᠵᠤ᠂ ᠵᠡᠭᠦᠨᠳᠠᠢ ᠶᠢ ᠬᠠᠮᠠᠭᠠᠯᠠᠬᠤ︾ ︽ᠭᠤᠷᠪᠠᠨ ᠤᠮᠠᠷᠠᠳᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠲᠦᠯᠬᠢᠨ | ᠠᠬᠢᠭᠤᠯᠤᠨ᠎ᠠ᠃ ᠮᠤᠨᠢ ᠠᠭᠤᠯᠠᠨ ᠤ ᠠᠷᠤ ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠪᠣᠯᠣᠨ ᠪᠤᠷᠬᠠᠨᠳᠤ ᠶᠢᠨ ᠤᠯᠤᠰ ᠤᠨ | ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠲᠥᠷᠥᠯ ᠵᠦᠢᠯ ᠢ ᠴᠢᠨᠠᠷ ᠰᠠᠶᠢᠲᠠᠢ | ᠠᠬᠢᠭᠤᠯᠵᠤ᠂ ᠬᠠᠲᠤᠨ ᠭᠤᠣᠯ ᠤᠨ ︽ᠪᠤᠯᠠᠩ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ᠃ ᠵᠠᠭᠤᠨ ᠲᠦᠮᠡᠨ | ᠮᠦ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠠᠭᠤᠯᠠᠨ ᠠᠷᠣ ᠶᠢᠨ ᠡᠯ᠎ᠡ | ᠰᠤᠮᠤ ᠪᠠᠯᠭᠠᠰᠤ ᠳᠤ 30 ᠲᠦᠮᠡᠨ ᠮᠦ ᠴᠠᠭᠠᠨ ᠭᠤᠶᠣᠣ ᠨᠡᠮᠡᠨ ᠳᠠᠷᠢᠵᠤ᠂ ︽ᠳᠠᠷᠢᠵᠤ ᠲᠡᠵᠢᠭᠡᠨ ᠪᠤᠯᠪᠠᠰᠤᠷᠠᠭᠤᠯᠵᠤ ᠪᠣᠷᠣᠯᠠᠭᠤᠯᠬᠤ︾ ᠪᠥᠬᠦ ᠠᠵᠤ ᠦᠢᠯᠡᠰ ᠤᠨ | ᠬᠡᠯᠬᠢᠶ᠎ᠡ ᠶᠢ ᠪᠣᠶ ᠪᠣᠯᠭᠠᠵᠤ᠂ ᠵᠠᠭᠤᠨ ᠲᠦᠮᠡᠨ ᠮᠦ ᠶᠢᠨ ᠴᠦᠯᠯᠡᠷᠭᠡᠭᠵᠢᠯ ᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ︽ᠢᠨᠵᠧᠨᠧᠷᠢᠩ ᠢᠶᠠᠷ | ᠡᠯᠡᠰᠦ ᠶᠢ ᠲᠣᠭᠲᠠᠪᠤᠷᠢᠵᠢᠭᠤᠯᠬᠤ + ᠣᠶᠢᠵᠢᠭᠤᠯᠤᠨ ᠪᠢᠲᠡᠭᠦᠮᠵᠢᠯᠡᠵᠤ ᠨᠢᠰᠭᠡᠯ ᠢᠶᠠᠷ ᠲᠠᠷᠢᠬᠤ︾ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠪᠠᠷᠠᠭᠤᠨ ᠪᠤᠯᠤᠩ ᠣᠶ | ᠰᠢᠭᠤᠢ ᠶᠢᠨ ᠲᠠᠯᠠᠪᠠᠶ ᠶᠢ ᠤᠯᠤᠰ ᠤᠨ ᠲᠠᠰ ᠤᠨ ᠡᠯᠡᠰᠦ ᠰᠡᠷᠭᠡᠶᠢᠯᠡᠨ ᠡᠯᠡᠰᠦ ᠵᠠᠰᠠᠬᠤ ᠵᠢᠱᠢᠶ᠎ᠡ ᠦᠵᠡᠭᠦᠯᠬᠦ ᠣᠶ ᠰᠢᠭᠤᠢ ᠶᠢᠨ ᠲᠠᠯᠠᠪᠠᠶ ᠪᠣᠯᠭᠠᠨ ᠤᠯᠤᠰ ᠤᠨ | ᠳᠡᠰ ᠤᠨ ᠤᠢ ᠰᠢᠭᠤᠢ ᠨᠤᠳᠤᠭ ᠪᠡᠯᠴᠢᠭᠡᠷ ᠤᠨ ᠰᠢᠨᠵᠢᠯᠡᠬᠦ ᠮᠡᠷᠭᠡᠵᠢᠯ ᠤᠨ ᠵᠢᠱᠢᠶ᠎ᠠ ᠦᠵᠡᠬᠦᠯᠬᠦ ᠰᠠᠭᠤᠷᠢᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠨ ᠬᠤᠩ | ᠣᠶ ᠰᠢᠭᠤᠢ ᠶᠢᠨ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠪᠠ ᠣᠶ ᠰᠢᠭᠤᠢ ᠶᠢᠨ ᠬᠠᠷᠢᠶᠠᠨ ᠤ | ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠦᠲᠦᠭᠡᠨ ᠪᠠᠶᠢᠭᠤᠯᠤᠨ᠎ᠠ᠃ ︽ᠰᠢᠨ᠎ᠡ ᠡᠨᠧᠷᠭᠢ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ︾ | ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ᠂ ︽ᠬᠡᠷᠡᠯ ᠴᠠᠬᠢᠯᠭᠠᠨ + ᠠᠮᠢ ᠠᠬᠤᠢ ᠶᠢᠨ ᠵᠠᠰᠠᠯᠲᠠ︾ ︽ᠬᠡᠷᠡᠯ ᠴᠠᠬᠢᠯᠭᠠᠨ + ᠠᠮᠢ | ᠠᠬᠤᠢ ᠶᠢᠨ ᠰᠡᠷᠭᠦᠭᠡᠯᠲᠡ︾ ᠶᠢᠨ ᠲᠥᠷᠥᠯ ᠵᠦᠢᠯ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠯᠡᠰᠦ ᠰᠡᠷᠭᠡᠶᠢᠯᠡᠨ ᠡᠯᠡᠰᠦ ᠵᠠᠰᠠᠬᠤ | ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠨ᠎ᠡ᠃ ᠣᠳᠣᠬᠢᠴᠢᠯᠠᠭᠰᠠᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠵᠠᠰᠠᠯᠲᠠ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠭᠠᠵᠠᠷ ᠰᠢᠷᠣᠢ ᠶᠢ ᠠᠷᠪᠢᠯᠠᠨ ᠡᠷᠴᠢᠮᠯᠢᠭ ᠬᠡᠷᠡᠭᠯᠡᠬᠦ ᠲᠦᠷᠦ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭ ᠪᠣᠯᠭᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠠᠰᠢᠭᠯᠠᠯᠳᠠ ᠳᠡᠯᠭᠡᠷᠡᠭᠦᠯᠦᠯᠲᠡ ᠶᠢ ᠲᠦᠷᠭᠡᠳᠬᠡᠨ᠂ ᠾᠧᠢ ᠮᠤᠤ ᠶᠢᠨ | ᠬᠠᠲᠠᠭᠠᠮᠠᠯ ᠬᠡᠦᠷᠡᠰᠦ ᠶᠢᠨ ᠢᠵᠢ ᠪᠦᠷᠢᠳᠦᠭᠰᠡᠨ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠪᠠᠷ ᠴᠠᠬᠢᠯᠭᠠᠨ ᠭᠠᠷᠭᠠᠬᠤ᠂ ᠤᠷᠠᠳ ᠤᠨ ᠬᠤᠶᠢᠳᠤ ᠬᠤᠰᠢᠭᠤᠨ ᠤ | ᠽᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠡᠨᠧᠷᠭᠢ ᠤᠰᠤ ᠠᠷᠪᠢᠯᠠᠬᠤ ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠦᠨ᠎ᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠡᠨᠧᠷᠭᠢ ᠠᠷᠪᠢᠯᠠᠬᠤ ᠠᠷᠭ᠎ᠠ ᠶᠢ | ᠲᠦᠭᠡᠮᠡᠯᠵᠢᠬᠦᠯᠤᠨ᠂ ᠠᠵᠤ ᠠᠬᠤᠶᠢᠯᠠᠯ ᠢ ᠱᠠᠭᠠᠷᠳᠠᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠡᠨᠧᠷᠭᠢ ᠶᠡᠭᠡ | ᠬᠤᠷᠣᠭᠳᠠᠭᠤᠯᠬᠤ ᠲᠥᠬᠦᠭᠡᠷᠦᠮᠵᠢ ᠶᠢᠨ ᠮᠠᠷᠭᠡᠵᠢᠯ ᠢ ᠲᠠᠶᠠᠭᠳᠠᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠥᠷᠥᠯ ᠤᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ | ᠲᠥᠷᠥᠯ ᠵᠦᠢᠯ ᠢ ᠡᠬᠢᠯᠡᠭᠦᠯᠦᠨ᠎ᠡ᠃ ᠳᠥᠭᠦᠮ ᠪᠥᠭᠡᠳ ᠲᠣᠬᠢᠷᠠᠮᠵᠢᠲᠠᠢ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ ᠨᠡᠶᠢᠭᠡᠮ ᠤᠨ | ᠪᠣᠬᠢᠷᠲᠤᠯ ᠦᠭᠡᠢ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠪᠤᠢ ᠪᠣᠯᠭᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠡᠯ᠎ᠡ ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠡᠷᠦᠩᠬᠡᠢ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ | ᠴᠡᠪᠡᠷᠴᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠤᠰᠤᠨ ᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠣᠯᠠᠨ ᠡᠬᠢᠲᠦ ᠪᠣᠬᠢᠷᠲᠤᠯ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠨ᠎ᠡ᠃ ᠬᠥᠷᠥᠰᠥ ᠰᠢᠷᠣᠢ ᠶᠢᠨ ᠪᠣᠬᠢᠷᠲᠤᠯ ᠢ ᠨᠠᠷᠢᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ | ᠦᠯᠡᠳᠡᠭᠳᠡᠭᠰᠡᠨ ᠬᠠᠲᠠᠭᠤ ᠬᠠᠶᠠᠭᠳᠠᠮᠠᠯ ᠪᠣᠳᠠᠰ ᠢ ᠵᠠᠰᠠᠬᠤ ᠠᠵᠢᠯ ᠢ ᠴᠢᠩᠭᠠᠳᠬᠠᠵᠤ᠂ ᠬᠦᠨᠳᠦ ᠠᠵᠤ ᠠᠬᠤᠶᠢᠯᠠᠯ ᠳᠤ ᠬᠤᠯᠪᠣᠭᠳᠠᠭᠰᠠᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠪᠠ ᠡᠩ ᠤᠨ ᠬᠠᠲᠠᠭᠤ ᠬᠠᠶᠠᠭᠳᠠᠮᠠᠯ ᠪᠣᠳᠠᠰ ᠤᠨ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ ᠪᠠᠷ ᠬᠦᠰᠠᠯ ᠬᠥᠭᠡᠭᠡᠴᠡᠯᠳᠦᠯ ᠪᠣᠯᠭᠠᠵᠤ᠂ ᠬᠤᠰᠢᠭᠤᠴᠢᠯᠠᠨ ᠤᠷᠤᠶᠢᠯᠠᠬᠤ | ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠤᠯᠠᠨ ᠲᠦᠮᠡᠨ ᠳᠤ ᠵᠢᠷᠭᠠᠯᠲᠤ ᠠᠮᠢᠳᠤᠷᠠᠯ ᠡᠳ᠋ᠯᠡᠬᠦᠯᠬᠦ ᠪᠣᠯ ᠵᠠᠰᠠᠭ ᠤᠨ ᠣᠷᠳᠣᠨ ᠤ ᠲᠡᠷᠢᠭᠦᠨ ᠴᠢᠬᠤᠯᠠ | ᠶᠠᠪᠤᠳᠠᠯ ᠮᠥᠨ᠂ ᠪᠢᠳᠡ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠲᠠᠢ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠦᠨ᠎ᠡ᠃ | ᠲᠠᠭᠠᠯᠠᠮᠵᠢᠳᠠᠢ ᠤᠷᠤᠰᠢᠨ ᠰᠠᠭᠤᠷᠢᠰᠢᠬᠤ ᠣᠷᠴᠢᠨ ᠨᠥᠬᠦᠴᠡᠯ ᠢ ᠪᠦᠳᠤᠭᠡᠨ ᠪᠠᠶᠢᠭᠤᠯᠤᠨ᠎ᠠ᠃ ᠡᠭᠦᠳᠦᠨ ᠪᠠᠶᠢᠭᠤᠯᠬᠤ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠬᠤᠳᠠ ᠶᠢᠨ ᠣᠨᠴᠠᠯᠢᠭ ᠢ ᠲᠤᠪᠤᠶᠢᠯᠭᠠᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ | ᠨᠣᠭᠤᠭᠠᠨ ᠤᠷᠭᠤᠮᠠᠯ ᠢ ᠰᠢᠨᠵᠢᠯᠡᠬᠦ ᠤᠬᠠᠭᠠᠨᠴᠢ ᠪᠠᠷ ᠰᠣᠯᠢᠵᠤ ᠨᠦᠬᠦᠨ ᠳᠠᠷᠢᠵᠤ᠂ ᠴᠡᠴᠡᠷᠯᠢᠭ᠂ ᠠᠭᠤᠳᠠᠮ ᠲᠠᠯᠠᠪᠠᠢ ᠶᠢᠨ ᠲᠡᠰ ᠳᠡᠪᠰᠢᠬᠦ ᠶᠢ ᠠᠯᠭᠤᠷ ᠠᠬᠢᠭᠤᠯᠵᠤ᠂ | ᠨᠣᠭᠤᠭᠠᠷᠠᠭᠤᠯᠤᠯᠲᠠ ᠶᠢᠨ ᠤᠰᠤᠯᠠᠯᠲᠠ ᠶᠢᠨ ᠤᠰᠤ ᠠᠷᠪᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠴᠡᠴᠡᠷᠯᠢᠭᠵᠢᠬᠦᠯᠤᠯᠳᠠ ᠶᠢᠨ | ᠰᠢᠶᠠᠨ ᠤ ᠬᠤᠳᠠ ᠶᠢᠨ ᠲᠠᠬᠢᠨ ᠬᠢᠨᠠᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ ᠬᠤᠲᠠ ᠶᠢᠨ ᠰᠠᠭᠤᠷᠢ ᠲᠦᠭᠦᠭᠡᠷᠤᠮᠵᠢ ᠶᠢ ᠰᠢᠨᠡᠳᠬᠡᠬᠦ ᠭᠤᠷᠪᠠᠨ ᠵᠢᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠶᠠ ᠾᠧ ᠹᠦ᠋ ᠳ᠋ᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠪᠠᠶᠠᠠᠪᠤᠯᠠᠭ | ᠪᠠᠯᠭᠠᠰᠤᠨ ᠤ ᠵᠡᠭᠡᠯᠢ ᠳᠠᠭᠠᠤ ᠰᠠᠭᠤᠭᠤᠯᠢ ᠲᠣᠭᠤᠷᠢᠭ ᠠᠴᠠ ᠭᠠᠳᠠᠨᠠᠬᠢ ᠬᠡᠷᠡᠮ ᠬᠠᠰᠢᠶᠠᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠶᠠᠪᠠᠭᠠᠨ | ᠬᠥᠮᠥᠨ ᠤ ᠵᠠᠮ᠂ ᠵᠠᠮ ᠤᠨ ᠭᠠᠳᠠᠷᠭᠤ ᠶᠢ ᠲᠡᠭᠰᠢᠯᠠᠨ ᠲᠡᠪᠢᠰᠬᠦ᠂ ᠵᠠᠮ ᠤᠨ ᠬᠤᠶᠠᠷ ᠬᠠᠵᠠᠭᠤ ᠶᠢᠨ ᠬᠦᠪᠡᠭᠡ ᠶᠢ ᠠᠷᠠᠴᠢᠯᠠᠨ ᠰᠢᠨᠡᠳᠬᠡᠬᠦ ᠶᠢ ᠠᠬᠢᠭᠤᠯᠤᠨ᠂ | ᠬᠤᠲᠠ ᠶᠢᠨ ᠤᠰᠤ ᠬᠠᠩᠭᠠᠨ ᠤᠰᠤ ᠵᠠᠯᠠᠬᠤ ᠬᠤᠭᠤᠯᠠᠢ ᠶᠢᠨ ᠲᠣᠣᠷ᠂ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠳᠤᠯᠠᠭᠠᠯᠠᠬᠤ ᠢᠨᠵᠧᠨᠧᠷᠢᠩ ᠢ ᠬᠡᠷᠡᠭᠵᠢᠬᠦᠯᠬᠦ ᠪᠠᠷ ᠵᠢᠯᠤᠭᠤᠳᠣᠮᠵᠢ ᠪᠤᠯᠭᠠᠨ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠯᠴᠢ | ᠬᠠᠩᠭᠠᠯᠭ᠎ᠠ ᠶᠢᠨ ᠲᠣᠭᠲᠠᠭᠤᠨ ᠢ ᠪᠠᠳᠤᠯᠠᠨ᠂ ᠬᠤᠭᠤᠯᠠᠢ ᠰᠣᠪᠠᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ | ᠪᠠᠲᠤᠯᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠡᠷᠭᠡ ᠵᠣᠭᠰᠤᠭᠠᠬᠤ ᠵᠢᠴᠢ ᠴᠠᠬᠢᠯᠭᠠᠨ ᠴᠡᠨᠡᠭᠯᠡᠬᠦ ᠵᠡᠷᠭᠡ ᠢᠵᠢ ᠪᠦᠷᠢᠳᠦᠭᠰᠡᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ | ᠶᠠᠪᠤᠳᠠᠯ ᠤᠨ ᠬᠠᠮᠠᠭᠠᠯᠠᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ | ᠵᠠᠮᠪᠠᠷᠠᠭ᠎ᠠ ᠦᠭᠡᠢ︾ ᠦᠵᠡᠭᠳᠡᠯ ᠢ ᠡᠷᠡᠰ ᠴᠡᠭᠴᠡᠯᠡᠨ ᠵᠠᠰᠠᠵᠤ᠂ ︽ᠴᠡᠪᠡᠷ ᠴᠡᠮᠴᠡᠭᠡᠷ︾ ᠬᠤᠳᠠ ᠶᠢᠨ ᠲᠦᠷᠢ ᠲᠦᠷᠬᠦ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ | ᠰᠡᠳᠬᠢᠯ ᠬᠠᠨᠤᠮᠵᠢᠳᠠᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠷᠢᠳᠦᠬᠦᠯᠤᠨ᠎ᠠ᠃ ᠲᠠᠪᠤᠨ ᠬᠥᠮᠦᠵᠢᠯ ᠢ ᠵᠡᠷᠭᠡᠪᠡᠷ | ᠠᠳᠬᠤᠬᠤ ᠶᠢ ᠪᠠᠷᠢᠮᠲᠠᠯᠠᠵᠤ᠂ ︽ᠬᠤᠶᠠᠷ ᠢ ᠬᠦᠩᠭᠡᠷᠡᠬᠦᠯᠬᠦ︾ ᠠᠵᠢᠯ ᠢ ᠭᠦᠨᠵᠡᠭᠡᠶᠢᠷᠡᠭᠦᠯᠦᠨ᠂ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠨᠠᠢᠮᠠᠨ ᠠᠷᠭ᠎ᠠ︾ ᠶᠢ ᠰᠠᠶᠢᠲᠤᠷ ᠠᠮᠢᠳᠤᠯᠢᠭ ᠬᠡᠷᠡᠭᠯᠡᠨ᠂ ᠪᠠᠭᠰᠢ ᠶᠢᠨ ᠣᠷᠣᠨ ᠲᠤᠭ᠎ᠠ᠂ ᠠᠵᠢᠯᠲᠠᠨ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ᠂ ᠠᠵᠢᠯ ᠤᠨ ᠪᠤᠳᠠᠳᠤ ᠪᠦᠲᠦᠮᠵᠢ ᠶᠢᠨ ᠴᠠᠯᠢᠩ ᠢ ᠵᠦᠪᠭᠡᠨ ᠨᠢᠭᠡᠳᠦᠭᠡᠷ ᠹᠷᠣᠨᠲ ᠤᠨ ᠪᠠᠭᠰᠢ ᠳᠤ ᠤᠯᠭᠤᠨ᠂ ᠰᠤᠷᠭᠠᠭᠤᠯᠢ ᠶᠢᠨ | ᠵᠠᠬᠢᠷᠤᠯ ᠤᠨ ᠬᠠᠷᠠᠯᠲᠠᠲᠤ ᠬᠢᠨᠠᠨ ᠰᠢᠯᠭᠠᠬᠤ ᠬᠠᠷᠢᠭᠤᠴᠠᠯᠭ᠎ᠠ ᠶᠢᠨ ᠲᠦᠷᠢᠮ ᠢ ᠭᠡᠷᠡᠭᠵᠢᠬᠦᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ | ᠪᠥᠬᠦ ᠬᠦᠴᠦᠨ ᠢᠶᠠᠷ ᠰᠠᠶᠢᠲᠤᠷ ᠡᠷᠭᠢᠯᠡᠨ᠎ᠡ᠃ ᠦᠷᠭᠦᠯᠵᠢᠯᠡᠨ 4000 ᠲᠦᠮᠡᠨ ᠲᠥᠭᠦᠷᠢᠭ ᠪᠠᠯᠠ ᠤᠷᠤᠭᠤᠯᠤᠨ᠂ ᠰᠤᠷᠭᠠᠨ ᠬᠥᠮᠦᠵᠢᠯ ᠤᠨ ᠬᠥᠭᠵᠢᠯᠲᠡ ᠶᠢ | ᠳᠡᠮᠵᠢᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠤᠸᠠᠩᠭᠠᠩ ᠤᠨ ᠲᠤᠷᠰᠢᠯᠲᠠ ᠶᠢᠨ ᠠᠰᠠᠷ ᠢ | ᠪᠠᠶᠢᠭᠤᠯᠵᠤ᠂ ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠳᠡᠰ ᠳᠡᠪᠰᠢᠬᠦᠯᠤᠨ ᠦᠬᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂ | ᠭᠤᠷᠪᠠᠳᠤᠭᠠᠷ ᠬᠡᠦᠬᠡᠳ ᠤᠨ ᠴᠡᠴᠡᠷᠯᠢᠭ ᠦᠨᠤ ᠬᠠᠪᠤᠷ ᠴᠡᠴᠡᠷᠯᠢᠭ ᠢᠶᠠᠨ ᠨᠡᠭᠡᠭᠡᠵᠦ ᠰᠣᠷᠣᠭᠴᠢ ᠡᠯᠰᠡᠬᠦ ᠶᠢ ᠦᠨᠡᠨ ᠬᠦ ᠪᠠᠲᠤᠯᠠᠵᠤ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠠᠭᠰᠢ ᠶᠢᠨ ᠴᠢᠳᠠᠪᠤᠷᠢ ᠶᠢ | ᠲᠡᠭᠡᠭᠰᠢᠯᠡᠬᠦᠯᠤᠨ᠂ ᠪᠠᠭᠰᠢ ᠶᠢᠨ ᠡᠩᠨᠡᠭᠡ ᠶᠢ ᠭᠦᠢᠴᠡᠳ ᠨᠥᠬᠦᠪᠦᠷᠢᠯᠡᠨ ᠬᠦᠴᠦᠷᠬᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠳᠤ 24 ᠰᠢᠯᠢᠳᠡᠭ ᠪᠠᠭᠰᠢ | ᠡᠯᠰᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠪᠣᠯᠭᠠᠨ᠎ᠠ᠃ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠥᠷᠨᠢᠭᠦᠯᠵᠦ᠂ ᠬᠤᠸᠠᠩᠭᠠᠩ ᠯᠤᠭ᠎ᠠ ᠶᠢᠨ | ᠬᠠᠮᠲᠤᠷᠠᠯᠴᠠᠭ᠎ᠠ ᠰᠣᠯᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ 5 ᠪᠠᠭᠰᠢ᠂ 26 ᠰᠣᠷᠣᠭᠴᠢ ᠶᠢ ᠰᠣᠩᠭᠤᠨ ᠲᠣᠮᠢᠯᠠᠵᠤ ᠬᠤᠸᠠᠩᠭᠠᠩ ᠳᠤ ᠨᠢᠭᠡ ᠵᠢᠯ | ᠰᠣᠯᠢᠯᠴᠠᠭᠤᠯᠤᠨ ᠰᠤᠷᠤᠯᠴᠠᠭᠤᠯᠵᠤ᠂ ᠴᠤ᠋ ᠰᠢᠨ᠎ᠡ ᠰᠣᠷᠭᠠᠨ ᠬᠦᠮᠤᠵᠢᠯ ᠤᠨ ᠵᠠᠭᠪᠤᠷ ᠪᠠ ᠦᠢᠯᠡᠭᠠᠭᠳᠠᠬᠤᠨ ᠢᠶᠠᠷ ᠬᠤᠶᠢᠲᠤ ᠬᠤᠰᠢᠭᠤᠨ ᠤ ᠠᠷᠠᠳ ᠲᠦᠮᠠᠨ ᠤ | ᠰᠤᠷᠭᠠᠨ ᠬᠥᠮᠦᠵᠢᠯ ᠤᠨ ᠢᠲᠡᠭᠡᠯ ᠵᠣᠷᠢᠭ ᠢ ᠬᠥᠪᠴᠢᠯᠡᠨᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ᠴᠢᠳᠠᠪᠤᠷᠢ ᠳᠡᠭᠡᠭᠰᠢᠯᠡᠬᠦᠯᠬᠦ ᠶᠢ | ᠴᠢᠩᠭᠠᠳᠬᠠᠵᠤ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠯᠦᠭᠡ ᠶᠢᠨ ᠮᠡᠷᠭᠡᠵᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠤᠶᠢᠵᠢᠭᠤᠯᠬᠤ ᠲᠥᠪ ᠪᠠᠶᠢᠭᠤᠯᠬᠤ ᠶᠢ ᠬᠠᠶᠢᠨ ᠰᠦᠪᠡᠭᠴᠢᠯᠡᠵᠦ | ᠂ ᠵᠥᠩ ᠨᠠᠨ ᠶᠡᠭᠡ ᠰᠤᠷᠭᠠᠭᠤᠯᠢ ᠶᠢᠨ ᠴᠢᠨᠠᠷ ᠰᠠᠶᠢᠲᠠᠢ ᠡᠬᠢ ᠪᠠᠶᠠᠯᠢᠭ ᠢ ᠣᠷᠢᠨ ᠣᠷᠣᠭᠤᠯᠵᠤ ᠥᠩᠭᠡᠲᠦ ᠲᠡᠮᠦᠷᠯᠢᠭ ᠤᠨ ᠠᠵᠤ ᠦᠢᠯᠡᠰ ᠤᠨ ᠮᠡᠷᠭᠡᠵᠢᠯ | ᠰᠢᠯᠵᠢᠭᠦᠯᠬᠦ ᠲᠥᠪ ᠢ ᠬᠠᠮᠲᠤᠪᠠᠷ ᠪᠠᠶᠢᠭᠤᠯᠬᠤ ᠪᠠᠷ ᠴᠢᠷᠮᠠᠶᠢᠵᠤ᠂ ᠥᠩᠭᠡᠲᠦ ᠲᠡᠮᠦᠷᠯᠢᠭ ᠬᠠᠶᠢᠯᠤᠭᠤᠯᠬᠤ᠂ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠮᠡᠷᠭᠡᠵᠢᠯ ᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠬᠦᠷᠢᠶᠡᠨ ᠳᠠᠬᠢ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠬᠦᠴᠣᠨ | ᠨᠠᠮᠠᠷᠢᠯᠠᠨ᠎ᠠ᠃ | ᠵᠢᠷᠭᠠᠯᠳᠤ ᠰᠡᠳᠬᠢᠭᠳᠡᠯ ᠢᠶᠠᠷ ᠦᠨᠳᠤᠷ ᠡᠷᠡᠭᠦᠯ ᠡᠩᠬᠡ ᠬᠤᠶᠢᠲᠤ ᠬᠤᠰᠢᠭᠤ ᠶᠢ ᠴᠣᠭᠴᠠᠯᠠᠨ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠡᠮᠨᠡᠯᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ᠂ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠨᠡᠯᠬᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠡᠮᠨᠡᠯᠬᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠭᠤᠷᠪᠠᠨ ᠵᠢᠯ ᠤᠨ ᠪᠣᠭᠤᠮᠲᠠ | ᠰᠢᠪᠲᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠮᠨᠡᠯᠬᠡ ᠶᠢᠨ ᠶᠡᠷᠦᠩᠬᠡᠶᠢᠯᠡᠭᠰᠡᠨ ᠲᠣᠭᠤᠷᠢᠭ ᠢ ᠪᠥᠬᠦ ᠲᠠᠯ᠎ᠠ ᠪᠠᠷ ᠡᠬᠢᠯᠡᠨ ᠬᠡᠷᠡᠭᠯᠡᠵᠦ᠂ | ᠢᠵᠢ ᠪᠦᠷᠢᠳᠦᠭᠦᠯᠬᠦ ᠲᠦᠬᠦᠭᠡᠷᠤᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠡᠮᠨᠡᠯᠬᠡ ᠶᠢᠨ ᠡᠬᠢ ᠪᠠᠶᠠᠯᠢᠭ ᠢ ᠵᠦᠢ ᠵᠣᠬᠢᠰᠲᠠᠢ ᠥᠷᠭᠡᠳᠬᠡᠬᠦ ᠶᠢ | ᠠᠬᠢᠭᠤᠯᠤᠨ᠎ᠠ᠃ ᠬᠤᠰᠢᠭᠤᠨ ᠲᠠᠰ ᠠᠴᠠ ᠳᠡᠭᠡᠭᠰᠢᠬᠢ 3 ᠡᠮᠨᠡᠯᠬᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠬᠤ ᠪᠠᠷ ᠴᠢᠷᠮᠠᠶᠢᠨ᠎ᠠ᠃ ᠡᠮᠨᠡᠯᠬᠡ ᠶᠢᠨ | ᠬᠠᠮᠲᠤ ᠶᠢᠨ ᠴᠣᠭᠴᠠ ᠶᠢᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠡᠮᠨᠡᠯᠬᠡ ᠶᠢᠨ ᠡᠬᠢ ᠪᠠᠶᠠᠯᠢᠭ ᠢ ᠬᠠᠮᠳᠣᠪᠡᠷ ᠡᠳ᠋ᠯᠡᠨ | ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠮᠣᠩᠭᠤᠯ ᠡᠮᠨᠡᠯᠭᠡ ᠶᠢᠨ | ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠪᠠ ᠮᠣᠩᠭᠤᠯ ᠡᠮ ᠡᠮᠨᠡᠯᠭᠡ ᠶᠢᠨ ᠣᠨᠴᠠᠯᠢᠭ ᠲᠠᠢ ᠦᠢᠯᠡᠴᠢᠯᠡᠭᠡ ᠶᠢ ᠰᠠᠶᠢᠵᠢᠷᠠᠭᠤᠯᠵᠤ᠂ ᠬᠢᠲᠠᠳ | ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠰᠢᠰᠲ᠋ᠧᠮ | ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ | ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠪᠥᠬᠦ ᠳᠠᠯ᠎ᠠ ᠪᠠᠷ ᠰᠠᠶᠢᠵᠢᠷᠠᠭᠤᠯᠤᠨ᠎ᠠ᠃ | ᠠᠵᠠ ᠵᠢᠷᠭᠠᠯ ᠤᠨ ᠮᠠᠳᠡᠷᠡᠮᠵᠢ ᠲᠠᠢ ᠨᠡᠶᠢᠭᠡᠮ ᠤᠨ ᠪᠠᠲᠤᠯᠠᠭ᠎ᠠ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ | ᠲᠦᠷᠦ ᠶᠢᠨ ᠪᠣᠳᠣᠯᠭ᠎ᠠ ᠶᠢ ᠴᠢᠩᠭᠠᠷᠠᠭᠤᠯᠵᠤ᠂ ᠬᠤᠳᠠ ᠪᠠᠯᠭᠠᠰᠤᠨ ᠤ 300 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ | ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠶᠢᠯᠡᠨ | ᠵᠣᠬᠢᠴᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯᠳᠠᠨ ᠪᠠ ᠬᠦᠮᠤᠨ ᠬᠡᠷᠡᠭᠯᠡᠬᠦ ᠪᠠᠶᠢᠭᠤᠯᠭ᠎ᠠ ᠳᠤ ᠨᠠᠷᠢᠨ ᠨᠢᠮᠪᠠᠢ ᠬᠦᠳᠡᠯᠮᠤᠷᠢ ᠬᠦᠴᠣᠨ ᠤ | ᠦᠢᠯᠡᠴᠢᠯᠡᠭᠡ ᠬᠠᠩᠭᠠᠨ᠂ ᠬᠥᠯᠥᠰᠦᠨ ᠠᠵᠢᠯᠴᠢᠨ ᠤ ᠴᠠᠯᠢᠩ ᠣᠯᠭᠤᠮᠵᠢ ᠶᠢ ᠥᠭᠬᠦ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠱᠠᠯᠠᠪᠳᠠᠨ | ᠠᠬᠢᠭᠤᠯᠤᠨ᠎ᠠ᠃ ᠣᠨᠴᠠᠭᠠᠶ ᠡᠪᠡᠳᠴᠢᠨ ᠤ ᠲᠥᠷᠥᠯ ᠤᠨ ᠲᠠᠩᠰᠠ ᠲᠠᠶᠢᠯᠬᠤ ᠬᠠᠷᠢᠴᠠᠯ ᠢ ᠴᠢᠩᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠲᠤᠬᠠᠢ ᠶᠢᠨ ᠭᠠᠵᠠᠷ ᠲᠤᠨᠢ ᠲᠠᠩᠰᠠ ᠲᠠᠶᠢᠯᠬᠤ ᠨᠣᠷᠮ᠎ᠠ ᠶᠢ 10% ᠠᠴᠠ ᠳᠡᠭᠡᠭᠰᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢᠨ ᠡᠲᠡᠭᠡᠳ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ | ︽ᠠᠭᠰᠢᠷᠠᠭ᠎ᠠ ᠨᠠᠰᠤᠳᠠᠨ ᠨᠢᠯᠬ᠎ᠠ ᠪᠠᠭᠠᠴᠤᠤᠯ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠶᠠᠷᠣᠩᠬᠡᠶᠢᠯᠡᠭᠰᠡᠨ | ᠠᠰᠠᠷᠠᠮᠵᠢ ᠶᠢᠨ ᠬᠦᠷᠢᠶᠡᠯᠡᠩ ᠤᠨ ᠪᠦᠳᠣᠬᠡᠨ ᠪᠠᠶᠢᠭᠤᠯᠤᠯᠳᠠ ᠶᠢ ᠡᠬᠢᠯᠡᠬᠦᠯᠤᠨ᠎ᠠ᠃ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠩᠭᠤᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠦᠯᠡᠳᠡᠵᠤ ᠪᠠᠶᠢᠭ᠎ᠠ 1408 ᠳᠣᠷ᠎ᠠ ᠪᠠᠷ ᠣᠷᠣᠰᠢᠭᠤᠯᠤᠨ ᠪᠤᠩᠬᠤᠯᠠᠭᠰᠠᠨ ᠣᠩᠭᠤᠨ ᠢ ᠴᠡᠭᠴᠡᠯᠡᠬᠦ ᠡᠬᠦᠷᠬᠡ ᠶᠢ ᠪᠠᠶᠠᠯᠠᠬᠦᠯᠵᠤ᠂ ᠳᠤᠷ᠎ᠠ ᠪᠠᠷ ᠢᠶᠠᠨ ᠪᠤᠩᠬᠤᠯᠠᠨ | ᠣᠷᠣᠰᠢᠭᠤᠯᠬᠤ ᠶᠢ ᠠᠮᠢ ᠠᠬᠤᠢ ᠶᠢᠨ ᠪᠤᠯᠪᠠᠰᠤᠨ ᠣᠷᠣᠰᠢᠭᠤᠯᠭ᠎ᠠ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ᠠᠮᠤᠷ ᠲᠦᠪᠰᠢᠨ ᠤ ᠰᠡᠳᠬᠢᠭᠳᠡᠯ ᠲᠠᠢ ᠨᠡᠶᠢᠭᠡᠮ ᠤᠨ ᠵᠠᠰᠠᠯᠲᠠ ᠶᠢ ᠪᠠᠲᠤᠳᠬᠠᠨ᠎ᠠ᠃ ᠳᠣᠮᠳᠠᠳᠣ ᠶᠢᠨ ᠦᠨᠳᠣᠰᠣᠳᠠᠨ ᠤ ᠬᠠᠮᠳᠣ ᠶᠢᠨ ᠴᠣᠭᠴᠠ ᠶᠢᠨ | ᠣᠬᠠᠮᠰᠠᠷ ᠢᠶᠠᠷ ᠡᠯ᠎ᠡ ᠠᠵᠢᠯ ᠤᠨ ᠭᠤᠤᠯ ᠰᠢᠵᠢᠮ ᠪᠤᠯᠬᠤ ᠶᠢ ᠢᠮᠠᠭᠳᠠ ᠪᠠᠷᠢᠮᠳᠠᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠰᠢᠭᠤ ᠶᠢ ᠴᠢᠷᠮᠠᠶᠢᠨ ᠮᠡᠳᠡᠬᠦᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠪᠤᠶᠠᠨ | ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠭᠦᠨᠵᠡᠭᠡᠢ ᠦᠢᠯᠡᠳᠦᠯᠭᠡᠵᠢᠭᠦᠯᠦᠨ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠥᠬᠦ | ᠬᠦᠴᠦᠨ ᠢᠶᠠᠷ ᠢᠶᠠᠨ ᠴᠡᠭᠴᠡᠯᠠᠵᠤ᠂ ᠵᠠᠬᠢᠳᠠᠯ ᠰᠤᠷᠪᠤᠯᠵᠢᠯᠠᠯ ᠦᠬᠡᠢ ᠪᠠᠯᠭᠠᠰᠤ᠂ ᠲᠣᠰᠬᠤᠨ᠂ ᠲᠤᠭᠤᠶᠢᠯᠠᠩ ᠢ ᠡᠭᠦᠳᠦᠨ ᠪᠠᠶᠢᠭᠤᠯᠬᠤ ᠭᠤᠣᠯ ᠱᠤᠭᠤᠮ ᠳᠤ | ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠤᠯᠤᠰ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠣᠯᠠᠨ | ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠤ ︽ᠴᠣᠬᠢᠯᠲᠠ ᠥᠭᠴᠤ | ᠰᠡᠷᠭᠡᠶᠢᠯᠡᠨ ᠡᠵᠡᠮᠳᠡᠵᠤ ᠵᠠᠰᠠᠬᠤ︾ ᠪᠠ ᠣᠶᠤᠨᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠪᠡᠶᠡᠯᠡᠬᠦᠯᠬᠦ | ︾ ᠲᠣᠭᠲᠠᠭᠠᠯ ᠤᠳ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ | ᠰᠠᠶᠢᠲᠤᠷ ᠠᠳᠬᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠵᠢᠯᠤᠭᠤᠳᠬᠤ ᠲᠥᠪ ᠢ ᠪᠠᠶᠢᠭᠤᠯᠵᠤ᠂ ᠨᠡᠭᠦᠷᠡᠰᠦᠨ ᠪᠤᠰᠤ ᠠᠭᠤᠷᠬᠠᠢ᠂ ᠠᠶᠤᠯ ᠲᠠᠢ | ᠬᠢᠮᠢ ᠶᠢᠨ ᠦᠢᠯᠡᠳᠪᠤᠷᠢ᠂ ᠲᠡᠮᠦᠷᠯᠢᠭ ᠪᠣᠯᠪᠠᠰᠤᠷᠠᠭᠤᠯᠬᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠤᠨ ᠭᠠᠵᠠᠷ᠂ ᠬᠤᠲᠠ ᠪᠠᠯᠭᠠᠰᠤᠨ ᠤ ᠰᠢᠲᠠᠮᠠᠬᠠᠢ ᠬᠡᠢ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠨ ᠨᠠᠷᠢᠯᠢᠭ ᠠᠳᠬᠤᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ ᠲᠡᠵᠢᠭᠡᠯ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠯᠲᠡ ᠶᠢ | ᠴᠢᠩᠭᠠᠳᠬᠠᠨ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠢ | ᠡᠰᠡᠷᠭᠦᠴᠡᠬᠦ ᠶᠡᠷᠦᠩᠬᠡᠶᠢᠯᠡᠭᠰᠡᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠳᠤᠭᠡᠨ ᠪᠠᠶᠢᠭᠤᠯᠤᠯᠳᠠ | ᠰᠢᠨ᠎ᠡ ᠪᠠᠶᠢᠳᠠᠯ᠂ ᠰᠢᠨ᠎ᠡ ᠠᠵᠠ ᠲᠣᠬᠢᠶᠠᠯ᠂ ᠰᠢᠨ᠎ᠡ ᠥᠷᠢᠰᠦᠯᠳᠦᠭᠡᠨ ᠤ ᠡᠮᠦᠨ᠎ᠡ᠂ ᠪᠢᠳᠠ ᠴᠠᠭ ᠢᠮᠠᠭᠳᠠ ᠬᠤᠷᠴᠠ ᠰᠡᠷᠭᠡᠭ ᠢᠶᠠᠷ ᠲᠠᠷᠢᠬᠢ ᠲᠤᠯᠤᠭᠠᠢ | ᠪᠠᠨ ᠠᠵᠢᠯᠯᠠᠭᠤᠯᠤᠨ᠂ ᠤᠭ ᠰᠠᠨᠠᠭ᠎ᠠ ᠪᠠᠨ ᠦᠯᠤ ᠮᠠᠷᠳᠠᠨ᠂ ᠠᠷᠠᠳ ᠲᠦᠮᠠᠨ ᠤ ᠲᠦᠯᠤᠭᠡ ᠰᠢᠨᠳᠠᠷᠠᠰᠢ ᠦᠭᠡᠢ ᠦᠢᠯᠡᠴᠢᠯᠡᠵᠤ᠂ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠤᠯᠠᠮᠵᠢᠯᠠᠯᠲᠤ ᠠᠷᠭ᠎ᠠ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠦᠨᠡᠨᠴᠢ ᠰᠢᠳᠤᠷᠭᠤ ᠵᠣᠷᠢᠭ ᠰᠠᠨᠠᠭ᠎ᠠ ᠪᠠᠨ ᠪᠠᠲᠤᠳᠬᠠᠨ᠎ᠠ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠳᠤᠮᠵᠢ ᠶᠢ ᠠᠬᠢᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠠᠰᠠᠭ ᠤᠨ ᠣᠷᠳᠣᠨ ᠤ ᠠᠵᠢᠯ ᠲᠠᠢ ᠬᠠᠮᠲᠤ ᠳᠤᠨᠢ | ᠲᠥᠯᠥᠪᠵᠢᠭᠦᠯᠤᠨ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ | ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠵᠢᠯᠤᠭᠤᠳᠴᠣ᠂ ᠥᠨᠳᠥᠷ ᠵᠣᠭᠰᠣᠴᠠ ᠠᠴᠠ ᠦᠨᠡᠨᠴᠢ ᠰᠢᠳᠤᠷᠭᠤ ᠵᠠᠰᠠᠭ ᠤᠨ ᠣᠷᠳᠣᠨ ᠢ | ᠪᠠᠶᠢᠭᠤᠯᠬᠤ ᠶᠢ ᠪᠠᠷᠢᠮᠲᠠᠯᠠᠨ᠎ᠠ᠃ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ | ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠬᠦᠷᠭᠡ ᠪᠠᠨ ᠰᠠᠶᠢᠳᠤᠷ ᠪᠠᠶᠡᠯᠡᠬᠦᠯᠬᠦ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠪᠥᠬᠦ | ᠰᠡᠳᠬᠢᠯ ᠪᠠ ᠣᠶᠤᠨ ᠴᠢᠳᠠᠯ ᠢᠶᠠᠨ ᠠᠵᠢᠯ ᠬᠢᠵᠦ ᠠᠳᠠᠯ ᠦᠢᠯᠡᠰ ᠴᠣᠭᠴᠠᠯᠠᠬᠤ ᠳᠡᠭᠡᠷ᠎ᠡ ᠲᠦᠪᠯᠡᠷᠡᠬᠦᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠤᠨ ᠪᠠᠨ | ᠲᠠᠯᠪᠢᠵᠤ᠂ ᠠᠷᠠᠳ ᠲᠤ ᠠᠰᠢᠭ ᠲᠤᠰᠠ ᠣᠯᠭᠤᠬᠤ ᠳᠡᠭᠡᠷ᠎ᠡ ᠰᠢᠷᠭᠠᠭᠤ ᠠᠵᠢᠯᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ | ᠪᠠᠳᠠᠷᠠᠭᠤᠯᠤᠨ᠂ ᠠᠷᠠᠳ ᠣᠯᠠᠨ᠂ ᠦᠨᠳᠦᠰᠦᠨ ᠱᠠᠲᠤ᠂ ᠠᠵᠤ ᠠᠬᠤᠶᠢᠯᠠᠯ ᠪᠠ ᠲᠥᠷᠥᠯ ᠵᠦᠢᠯ ᠳᠤ ᠰᠠᠶᠢᠲᠤᠷ ᠦᠢᠯᠡᠴᠢᠯᠡᠵᠦ᠂ ᠠᠷᠠᠳ ᠲᠤ ᠲᠥᠬᠦᠮ ᠦᠵᠡᠭᠦᠯᠬᠦ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠠᠰᠠᠭ ᠤᠨ ᠣᠷᠳᠣᠨ᠂ ᠣᠯᠠᠨ ᠲᠦᠮᠡᠨ ᠪᠠ ᠠᠵᠤ ᠠᠬᠤᠶᠢᠯᠠᠯ ᠤᠨ ︽ᠬᠥᠭᠦᠷᠭᠡ | ᠬᠤᠯᠪᠤᠭᠠᠰᠤ︾ ᠪᠣᠯᠭᠠᠨ ᠪᠦᠲᠦᠭᠡᠨ ᠪᠠᠶᠢᠭᠤᠯᠤᠨ᠎ᠠ᠃ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷᠴᠤᠳ ᠤᠨ | ᠶᠡᠷᠦᠩᠬᠡᠶᠢᠯᠡᠭᠰᠡᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠴᠢᠩᠭ᠎ᠠ ᠬᠠᠮᠢᠶᠠᠷᠬᠤ ᠪᠠ ᠬᠠᠯᠠᠮᠵᠢᠯᠠᠨ ᠵᠤᠷᠢᠭᠵᠢᠭᠤᠯᠬᠤ ᠶᠢ ᠤᠶᠠᠯᠳᠤᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ | ᠤᠷᠮᠠᠰᠢᠭᠤᠯᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠶᠢ ᠪᠠᠷᠢᠮᠲᠠᠯᠠᠨ᠎ᠠ᠃ | ᠬᠠᠤᠯᠢᠵᠢᠯ ᠤᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾ | ᠪᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠬᠡᠨ᠎ᠡ | ᠃ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠳᠤᠷ ᠰᠢᠢᠳᠪᠤᠷᠢᠯᠠᠨ᠎ᠠ᠃ ᠵᠠᠰᠠᠭ ᠤᠨ ᠣᠷᠳᠣᠨ ᠤ ᠬᠠᠤᠯᠢ ᠶᠣᠰᠣᠭᠠᠷ ᠬᠢᠭᠰᠡᠨ ᠠᠮᠠᠯᠠᠯᠲᠠ ᠶᠢ ᠪᠡᠶᠡᠯᠡᠭᠦᠯᠵᠦ᠂ ᠥᠨᠳᠥᠷ | ᠲᠦᠪᠰᠢᠨ ᠢᠶᠠᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠨ᠎ᠠ᠃ | ᠠᠷᠢᠭᠤᠨ ᠴᠢᠬᠡᠴᠢ ᠶᠢᠨ ᠰᠠᠭᠤᠷᠢ ᠶᠢ ᠪᠠᠲᠤ ᠴᠣᠭᠴᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠳᠣᠪᠤᠶᠢᠯᠭᠠᠨ ᠰᠠᠶᠢᠳᠣᠷ ᠠᠳᠬᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠶᠤᠯ ᠲᠦᠭᠰᠢᠭᠦᠷᠢ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠦᠨᠳᠦᠰᠦᠨ ᠱᠠᠲᠤᠨ ᠤ ᠪᠢᠴᠢᠯ ᠢᠯᠵᠠᠷᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠢᠯᠵᠠᠷᠠᠯ ᠡᠭᠦᠰᠬᠦ ᠬᠥᠷᠥᠰᠥ ᠰᠢᠷᠣᠢ ᠶᠢ ᠡᠷᠡᠰ ᠢᠶᠠᠷ ᠠᠷᠢᠯᠭᠠᠵᠤ᠂ | ᠳᠦᠷᠢᠮ ᠤᠨ ᠬᠠᠲᠠᠭᠤ ᠴᠢᠨᠠᠷ ᠢᠶᠠᠷ ᠡᠷᠬᠡ ᠶᠢᠨ ᠬᠦᠴᠦᠨ ᠤ ᠳᠤᠷ᠎ᠠ ᠪᠠᠷ ᠢᠶᠠᠨ ᠶᠠᠪᠤᠭᠳᠠᠬᠤ ᠶᠢ ᠰᠡᠷᠭᠡᠶᠢᠯᠡᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠨᠠᠶᠢᠳᠠᠪᠤᠷᠢᠵᠢᠭᠤᠯᠤᠨ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠬᠤᠷᠢᠭᠯᠠᠵᠤ᠂ ᠠᠷᠪᠢᠯᠠᠨ | ᠭᠠᠮᠨᠠᠬᠤ ᠶᠢ ᠪᠠᠷᠢᠮᠲᠠᠯᠠᠵᠤ᠂ ᠪᠦᠷᠢᠯᠭᠡᠨ ᠰᠦᠢᠳᠬᠡᠬᠦ ᠶᠢ ᠬᠤᠷᠢᠭᠯᠠᠨ᠂ ︽ᠠᠷᠪᠢᠴᠢ ᠭᠠᠮᠳᠠᠢ︾ ᠦᠵᠡᠯ ᠰᠠᠨᠠᠭ᠎ᠠ ᠶᠢ ᠦᠨᠡᠨ ᠬᠦ ᠪᠠᠲᠤ ᠪᠠᠬᠢ ᠪᠤᠢ ᠪᠣᠯᠭᠠᠵᠤ᠂ | ᠥᠨᠳᠥᠷ ᠱᠠᠭᠠᠷᠳᠠᠯᠭ᠎ᠠ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠨ᠎ᠠ᠃ | ᠲᠥᠯᠥᠭᠡᠯᠡᠭᠴᠢᠳ ᠠ᠋︕ ᠴᠢᠷᠮᠠᠶᠢᠨ ᠳᠡᠮᠡᠴᠡᠪᠡᠰᠣ ᠬᠢᠯᠠᠯᠵᠠᠮ᠎ᠠ ᠠᠮᠵᠢᠯᠳᠠ ᠶᠢ ᠡᠬᠦᠳᠴᠣ᠂ ᠪᠤᠳᠠᠳᠣ ᠠᠵᠢᠯᠯᠠᠪᠠᠰᠣ ᠰᠠᠷᠠᠭᠤᠯ ᠢᠷᠡᠬᠡᠳᠣᠢ ᠶᠢ | ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠰᠠᠠ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠮᠡᠭᠡᠲᠦ ᠨᠤᠲᠤᠭ ᠤᠨ ᠥᠬᠢᠳ ᠬᠥᠪᠡᠭᠦᠳ ᠤᠨ ᠰᠡᠳᠬᠢᠯ ᠵᠢᠷᠤᠭᠡ ᠶᠢ ᠨᠢᠭᠲᠠᠷᠠᠭᠤᠯᠵᠤ᠂ ᠳᠤᠮᠳᠠᠳᠤ | ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠲᠤᠮᠳᠠ ᠤᠷᠤᠰᠬᠠᠯ ᠳᠤ ᠮᠠᠷᠡᠶᠢᠨ ᠤᠷᠤᠬᠤ ᠬᠠᠷᠠᠯᠲᠠ ᠡᠭᠦᠷᠭᠡ ᠶᠢ ᠪᠡᠶᠡᠯᠡᠭᠦᠯᠵᠤ᠂ ︽ᠰᠢᠨ᠎ᠡ | ᠬᠤᠶᠢᠲᠤ ᠬᠤᠰᠢᠭᠤ︾ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | | ᠨᠡᠷ᠎ᠡ ᠦᠬᠡᠰ ᠤᠨ ᠲᠠᠶᠢᠯᠪᠤᠷᠢ | | 1. ︽ᠲᠠᠪᠤᠨ ᠶᠡᠭᠡ ᠡᠭᠦᠷᠭᠡ︾᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠪᠣᠯ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠵᠠᠭᠠᠷ ᠤᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠡᠨᠧᠷᠭᠢ ᠶᠢᠨ ᠰᠣᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ᠂ | ᠤᠯᠤᠰ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ | 2. ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠄ ᠨᠠᠮ ᠤᠨ ᠠᠴᠢ ᠳᠤ ᠳᠠᠯᠠᠷᠬᠠᠨ᠂ ᠨᠠᠮ ᠤᠨ ᠦᠭᠡ ᠶᠢ | ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢ ᠬᠦᠷᠢᠶᠠᠯᠠᠨ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠣᠷᠣᠭᠰᠢᠯᠠᠵᠤ ᠵᠢᠱᠢᠶᠡᠴᠢ ᠪᠣᠯᠬᠤ ᠬᠡᠷᠡᠭᠲᠡᠢ︔ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃ ᠦᠨᠳᠦᠰᠦᠲᠡᠨ ᠤ ᠭᠠᠵᠠᠷ | ᠣᠷᠣᠨ ᠳᠤ ᠳᠤᠮᠳᠠᠳᠤ ᠤᠯᠤᠰ ᠤᠨ ᠣᠨᠴᠠᠯᠢᠭ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠠᠯ᠎ᠠ ᠪᠠᠷ ᠵᠢᠱᠢᠶᠡᠴᠢ ᠪᠣᠯᠬᠤ | ᠬᠡᠷᠡᠭᠲᠡᠢ︔ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠳᠤ ᠵᠢᠱᠢᠶᠡᠴᠢ ᠪᠣᠯᠬᠤ ᠬᠡᠷᠡᠭᠲᠡᠢ︔ ᠬᠢᠯᠢ | ᠪᠠᠨ ᠬᠥᠭᠵᠢᠭᠦᠯᠤᠨ ᠬᠢᠵᠠᠭᠠᠷ ᠢᠶᠠᠨ ᠳᠣᠭᠳᠠᠪᠤᠷᠢᠯᠠᠭᠤᠯᠬᠤ ᠳᠤ ᠵᠢᠱᠢᠶᠡᠴᠢ ᠪᠣᠯᠬᠤ ᠬᠡᠷᠡᠭᠲᠡᠢ︔ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠢ ᠬᠤᠯᠪᠤᠨ ᠨᠡᠪᠳᠡᠷᠡᠬᠦᠯᠬᠦ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ | ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃ | 3. ︽ᠬᠤᠶᠠᠷ ᠦᠢᠯᠡᠳᠬᠦᠨ ᠨᠢᠭᠡ ᠪᠠᠷᠢᠮᠵᠢᠶ᠎ᠠ ᠨᠢᠬᠡ ᠰᠢᠨ᠎ᠡ︾᠄ ︽ᠬᠤᠶᠠᠷ ᠦᠢᠯᠡᠳᠬᠦᠨ︾ ᠭᠡᠳᠡᠭ ᠨᠢ ᠪᠣᠬᠢᠷᠲᠤᠯ ᠦᠭᠡᠢ ᠦᠢᠯᠡᠳᠬᠦᠨ ᠪᠠ ᠣᠷᠭᠠᠨᠢᠭ | ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠤᠢ︔ ︽ᠨᠢᠭᠡ ᠪᠠᠷᠢᠮᠵᠢᠶ᠎ᠠ︾ ᠭᠡᠳᠡᠭ ᠨᠢ ᠭᠠᠵᠠᠷ ᠵᠦᠢ ᠶᠢᠨ ᠲᠦᠯᠦᠬᠡᠯᠡᠬᠦ ᠴᠢᠨᠠᠷᠳᠠᠢ ᠲᠠᠷᠢᠶᠠᠯᠠᠩ ᠤᠨ | ᠪᠦᠲᠦᠭᠡᠭᠳᠡᠬᠦᠨ ᠢ ᠵᠢᠭᠠᠵᠤ ᠪᠤᠢ︔ ︽ᠰᠢᠨ᠎ᠡ︾ ᠭᠡᠳᠡᠭ ᠨᠢ ᠣᠨᠴᠠ ᠰᠢᠯᠢᠳᠡᠭ ᠰᠢᠨ᠎ᠡ ᠳᠠᠷᠢᠶᠠᠯᠠᠩ ᠤᠨ ᠪᠦᠳᠣᠬᠡᠭᠳᠡᠬᠦᠨ ᠪᠠ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠵᠢᠭᠠᠵᠤ ᠪᠤᠢ᠃ | 4. ︽ᠲᠤᠰᠬᠠᠢ ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠠᠵᠤ ᠠᠬᠤᠶᠢᠯᠠᠯ᠄ ᠣᠲᠣ ᠶᠢᠨ ᠪᠠᠶᠢᠭ᠎ᠠ ︽ᠲᠤᠰᠬᠠᠢ ᠨᠠᠷᠢᠯᠢᠭ ᠣᠨᠴᠠ ᠰᠢᠨ᠎ᠡ︾ | ᠳᠤᠮᠳᠠ ᠵᠢᠵᠢᠭ ᠠᠵᠤ ᠠᠬᠤᠶᠢᠯᠠᠯ ᠤᠨ ᠳᠣᠲᠣᠷ᠎ᠠ ᠠᠴᠠ ᠰᠣᠩᠭᠤᠵᠤ ᠭᠠᠷᠭᠠᠭᠰᠠᠨ ᠲᠤᠰᠬᠠᠶᠢᠵᠢᠭᠰᠠᠨ ᠬᠢᠷᠢ ᠬᠡᠮᠵᠢᠶ᠎ᠡ ᠪᠠᠷ ᠥᠨᠳᠥᠷ᠂ ᠰᠢᠨ᠎ᠡ ᠶᠢ ᠡᠭᠦᠳᠬᠦ | ᠴᠢᠳᠠᠪᠤᠷᠢ ᠪᠠᠷ ᠴᠢᠩᠭ᠎ᠠ᠂ ᠡᠵᠡᠩᠨᠡᠯᠲᠡ ᠬᠠᠮᠢᠶᠠᠷᠤᠯᠲᠠ ᠪᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠲᠠᠢ ᠭᠤᠤᠯᠳᠠᠯᠭᠠᠳᠣ ᠠᠵᠤ ᠠᠬᠤᠶᠢᠯᠠᠯ ᠢ ᠵᠢᠭᠠᠵᠤ ᠪᠤᠢ᠃ | | 5. C ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ᠄ ᠣᠯᠠᠨ ᠬᠤᠯᠪᠣᠭᠳᠠᠯ ᠲᠠᠢ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠪᠤᠶᠤ ᠲᠥᠷᠥᠯ ᠵᠦᠢᠯ ᠢᠶᠠᠷ ᠪᠦᠷᠢᠯᠳᠦᠵᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ᠂ ᠭᠠᠵᠠᠷ ᠵᠦᠢ ᠶᠢᠨ ᠵᠠᠭᠠᠭ ᠬᠢᠵᠠᠭᠠᠷ ᠪᠠ ᠬᠠᠮᠢᠶᠠᠷᠤᠯᠲᠠ ᠶᠢᠨ ᠭᠤᠣᠯ ᠴᠣᠭᠴᠠ ᠨᠢ ᠲᠣᠳᠣᠷᠬᠠᠢ᠂ | ᠰᠠᠭᠤᠷᠢ ᠲᠦᠬᠦᠬᠡᠷᠣᠮᠵᠢ ᠪᠠ ᠬᠠᠮᠢᠶᠠᠷᠤᠯᠲᠠ ᠶᠢᠨ ᠰᠢᠰᠲ᠋ᠧᠮ ᠨᠢ ᠪᠦᠷᠢᠨ ᠪᠦᠲᠦᠨ ᠠᠵᠤ ᠦᠢᠯᠡᠳᠪᠦᠷᠢ ᠶᠢᠨ ᠣᠷᠣᠨ ᠪᠦᠰᠡ ᠳᠤ ᠲᠤᠰᠬᠠᠢ ᠪᠠᠶᠢᠭᠤᠯᠤᠭᠰᠠᠨ | ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠵᠢᠴᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠪᠤᠶᠤ ᠪᠤᠰᠤᠳ ᠠᠵᠤ ᠦᠢᠯᠡᠳᠪᠦᠷᠢ ᠶᠢᠨ ᠲᠣᠭᠤᠷᠢᠭ ᠲᠤ | ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠪᠠᠷ | ᠭᠤᠣᠯᠯᠠᠭᠤᠯᠤᠭᠰᠠᠨ ᠠᠵᠤ ᠦᠢᠯᠡᠰ ᠤᠨ ᠳᠣᠭᠤᠷᠢᠭ ᠪᠤᠶᠤ ᠲᠥᠪᠯᠡᠷᠡᠭᠰᠡᠨ ᠣᠷᠣᠨ ᠢ ᠪᠠᠭᠲᠠᠭᠠᠨ᠎ᠠ᠃ ᠲᠦᠭᠰᠢᠭᠦᠷᠢ ᠶᠢᠨ ᠲᠠᠰ ᠢ ABCD ᠭᠡᠵᠦ ᠳᠥᠷᠪᠡᠨ | ᠲᠥᠷᠥᠯ ᠳᠤ ᠬᠤᠪᠢᠶᠠᠨ᠎ᠠ᠄ A ᠲᠥᠷᠥᠯ ᠨᠢ ᠥᠨᠳᠥᠷ ᠠᠶᠤᠯ ᠲᠦᠭᠰᠢᠭᠦᠷᠢ᠂ B ᠲᠥᠷᠥᠯ ᠨᠢ ᠨᠡᠯᠢᠶᠡᠳ ᠥᠨᠳᠥᠷ ᠠᠶᠤᠯ ᠲᠦᠭᠰᠢᠭᠦᠷᠢ᠂ C ᠲᠥᠷᠥᠯ ᠨᠢ | ᠡᠩ ᠤᠨ ᠠᠶᠤᠯ ᠲᠦᠭᠰᠢᠭᠦᠷᠢ᠂ D ᠲᠥᠷᠥᠯ ᠨᠢ ᠨᠡᠯᠢᠶᠡᠳ ᠳᠣᠣᠷ᠎ᠠ ᠠᠶᠤᠯ ᠲᠦᠭᠰᠢᠭᠦᠷᠢ᠃ | 6. ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂ | ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠢ᠃ | 7. ︽ᠲᠦᠭ ᠲᠦᠮᠡᠨ︾ ᠶᠢᠨ ᠢᠨᠵᠧᠨᠧᠷᠢᠩ᠄ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠡᠨᠡ ᠬᠦ ᠭᠤᠣᠯ ᠰᠢᠵᠢᠮ ᠤᠨ | ᠲᠣᠭᠤᠷᠢᠨ ᠳᠤ᠂ ᠭᠠᠴᠠᠭ᠎ᠠ ᠲᠣᠰᠬᠤᠨ ᠤ ᠬᠠᠮᠲᠤ ᠠᠴᠠ 10 ᠲᠤᠰᠬᠠᠢ ᠬᠤᠷᠰᠢᠶᠠᠵᠢᠯ ᠢ ᠳᠠᠭᠠᠭᠤᠯᠤᠨ ᠡᠷᠭᠢᠯᠡᠵᠦ᠂ ᠵᠠᠭᠤᠨ ᠠᠵᠤ ᠠᠬᠤᠶᠢᠯᠠᠯ ᠵᠠᠭᠤᠨ | ᠬᠤᠷᠰᠢᠶᠠᠵᠢᠯ ᠲᠠᠢ ᠬᠠᠮᠵᠢᠯᠴᠠᠵᠤ᠂ ᠵᠠᠭᠤᠨ ᠬᠤᠷᠰᠢᠶᠠᠵᠢᠯ ᠲᠦᠮᠡᠨ ᠡᠷᠦᠬᠡ ᠲᠠᠢ ᠬᠠᠮᠳᠣᠷᠠᠯᠴᠠᠬᠤ ᠠᠵᠢᠯ ᠤᠨ ᠵᠠᠭᠪᠤᠷ ᠢ ᠪᠣᠶ ᠪᠣᠯᠭᠠᠵᠤ᠂ 2000 ᠡᠷᠦᠬᠡ | ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠪᠣᠶᠢᠵᠢᠭᠤᠯᠤᠨ᠂ ᠮᠦ ᠪᠦᠷᠢ ᠶᠢᠨ ᠳᠤᠮᠳᠠᠴᠢ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ ᠲᠦᠮᠡ ᠠᠴᠠ | ᠳᠠᠪᠠᠭᠤᠯᠬᠤ ᠶᠢ ᠪᠡᠶᠡᠯᠡᠭᠦᠯᠦᠨ᠎ᠡ᠃ | 8. ᠵᠢᠷᠭᠤᠭᠠᠨ ᠶᠡᠭᠡ ᠢᠨᠵᠧᠨᠧᠷᠢᠩ᠄ ᠨᠢᠭᠡ ᠳᠤ ᠤᠮᠠᠷᠠᠲᠤ ᠬᠢᠯᠢ ᠶᠢᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠭᠡ | ᠢᠨᠵᠧᠨᠧᠷᠢᠩ᠂ ᠬᠤᠶᠠᠷ ᠲᠤ ᠨᠠᠶᠢᠳᠠᠨ ᠲᠡᠵᠢᠭᠡᠯᠭᠡᠵᠦ ᠠᠷᠠᠳ ᠢ ᠪᠠᠶᠠᠵᠢᠭᠤᠯᠬᠤ ᠢᠨᠵᠧᠨᠧᠷᠢᠩ᠂ ᠭᠤᠷᠪᠠ ᠳᠤ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ | ᠬᠦᠴᠦᠷᠬᠡᠭᠵᠢᠭᠦᠯᠬᠦ ᠢᠨᠵᠧᠨᠧᠷᠢᠩ᠂ ᠳᠥᠷᠪᠡ ᠳᠤ ᠫᠷᠦ᠋ᠼᠧᠯ ᠡᠪᠡᠳᠴᠢᠨ ᠢ ᠦᠯᠤ ᠬᠠᠯᠳᠠᠭᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ | ᠲᠠᠪᠤ ᠳᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠦᠬᠦᠨ ᠢ ᠬᠠᠮᠤᠷᠬᠤ ᠢᠨᠵᠧᠨᠧᠷᠢᠩ᠂ ᠵᠢᠷᠭᠤᠭ᠎ᠠ ᠳᠤ ᠦᠩᠬᠡᠷᠡᠭᠴᠢ ᠠᠵᠤ ᠠᠬᠤᠢ ᠶᠢᠨ ᠠᠷᠠᠳ ᠲᠤ ᠲᠥᠬᠦᠮ | ᠦᠵᠡᠭᠦᠯᠵᠦ ᠣᠷᠣᠯᠭ᠎ᠠ ᠶᠢ ᠨᠡᠮᠡᠭᠳᠡᠭᠦᠯᠬᠦ ᠢᠨᠵᠧᠨᠧᠷᠢᠩ᠃ | 9. ︽ᠭᠤᠷᠪᠠᠨ ᠪᠠᠳᠣᠯᠠᠭ᠎ᠠ᠂ ᠨᠢᠬᠡ ᠠᠮᠤᠷ ᠲᠦᠪᠰᠢᠨ︾᠄ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠬᠡ᠂ ᠣᠷᠣᠨ | ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ | 10. ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ | ᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠨ᠎ᠠ᠃ | 11. ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ᠄ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ | ᠵᠠᠰᠠᠬᠤ︾ ᠢᠨᠵᠧᠨᠧᠷᠢᠩ ᠪᠣᠯ ᠰᠢ ᠶᠢᠨ ᠫᠢᠩ ᠨᠥᠬᠦᠷ ᠤᠨ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠲᠦᠯᠦᠪᠯᠡᠨ ᠪᠠᠶᠢᠷᠢᠯᠠᠭᠤᠯᠵᠤ ᠠᠬᠢᠭᠤᠯᠤᠭᠰᠠᠨ ᠨᠢᠭᠡᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ 2003 ᠣᠨ ᠤ 6 ᠰᠠᠷ᠎ᠠ ᠳᠤ᠂ ᠰᠢ ᠶᠢᠨ ᠫᠢᠩ ᠨᠥᠬᠦᠷ ︽ᠮᠢᠩᠭᠠᠨ ᠲᠦᠮᠡᠨ ᠢᠨᠵᠧᠨᠧᠷᠢᠩ︾ ᠢ | ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠪᠠ᠄ ᠪᠦᠬᠦ ᠮᠤᠵᠢ ᠳᠣᠳᠣᠷ᠎ᠠ ᠠᠴᠠ ᠲᠦᠮᠡ ᠣᠷᠴᠢᠮ ᠤᠨ ᠵᠠᠰᠠᠭ ᠵᠠᠬᠢᠷᠭᠠᠨ ᠤ ᠭᠠᠴᠠᠭ᠎ᠠ ᠶᠢ | ᠰᠣᠩᠭᠤᠨ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠡᠭᠦᠨ ᠤ ᠳᠣᠲᠣᠷᠠᠬᠢ 1000 ᠣᠷᠴᠢᠮ ᠤᠨ ᠭᠤᠤᠯ ᠳᠣᠰᠬᠤᠨ ᠢ ᠪᠦᠬᠦ ᠲᠠᠯ᠎ᠠ ᠪᠠᠷ ᠴᠢᠨᠡᠭᠡᠯᠢᠭᠵᠢᠭᠰᠡᠨ ᠵᠢᠱᠢᠶ᠎ᠡ | ᠦᠵᠡᠭᠦᠯᠬᠦ ᠭᠠᠴᠠᠭ᠎ᠠ ᠪᠣᠯᠭᠠᠨ ᠪᠦᠲᠦᠭᠡᠨ ᠪᠠᠶᠢᠭᠤᠯᠣᠭᠰᠠᠨ ᠳᠣᠷᠰᠢᠯᠭ᠎ᠠ ᠶᠢ ᠵᠢᠭᠠᠵᠤ ᠪᠤᠢ᠃ | 12. ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ᠄ ᠵᠢᠭᠤᠯᠴᠢᠳ ᠤᠨ ᠠᠶᠠᠯᠠᠨ ᠵᠣᠭᠠᠴᠠᠬᠤ ᠳᠤ ᠡᠷᠬᠡᠪᠰᠢ ᠰᠣᠩᠭᠤᠬᠤ | ᠶᠣᠰᠣᠳᠠᠢ ᠲᠦᠷᠪᠡᠨ ᠭᠠᠵᠠᠷ᠂ ᠳᠠᠷᠣᠢ ᠤᠯᠤᠰ ᠤᠨ ᠳᠣᠲᠣᠭᠠᠳᠤ ᠶᠢᠨ ᠬᠤᠪᠢ ᠪᠠᠷ ᠢᠶᠠᠨ ᠠᠶᠠᠯᠠᠨ ᠵᠢᠭᠤᠯᠴᠢᠯᠠᠬᠤ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ | ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠭᠠᠵᠠᠷ᠂ ᠡᠷᠡᠭᠦᠯ ᠮᠡᠨᠳᠦ ᠰᠤᠪᠢᠯᠠᠯᠲᠠ ᠵᠢᠭᠤᠯᠴᠢᠯᠠᠯ ᠤᠨ ᠭᠠᠵᠠᠷ᠃ | 13. ︽ᠢᠯᠡᠷᠡᠬᠡᠳᠣᠢ ᠡᠪᠡᠳᠴᠢᠨ ᠢ ᠵᠠᠰᠠᠬᠤ︾᠄ ᠤᠷᠢᠳᠴᠢᠯᠠᠨ ᠰᠡᠷᠭᠡᠶᠢᠯᠡᠬᠦ ᠪᠤᠶᠤ ᠡᠮᠨᠡᠨ ᠵᠠᠰᠠᠬᠤ ᠠᠷᠭ᠎ᠠ ᠪᠠᠷ ᠡᠪᠡᠳᠴᠢᠨ ᠡᠮᠭᠡᠭ ᠡᠭᠦᠰᠬᠦ ᠪᠠ | ᠬᠥᠭᠵᠢᠬᠦ ᠶᠢ ᠰᠡᠷᠭᠡᠶᠢᠯᠡᠬᠦ ᠶᠢ ᠵᠢᠭᠠᠵᠤ ᠪᠤᠢ᠃ ᠡᠭᠦᠨ ᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠨᠢᠭᠡᠨᠲᠡ ᠡᠪᠡᠳᠴᠢᠯᠡᠭᠰᠡᠨ ᠤ ᠳᠠᠷᠠᠭ᠎ᠠ ᠲᠡᠭᠦᠨ ᠤ | ᠬᠤᠪᠢᠷᠠᠬᠤ ᠶᠢ ᠰᠡᠷᠭᠡᠶᠢᠯᠡᠬᠦ᠂ ᠡᠪᠡᠳᠴᠢᠨ ᠤ ᠬᠥᠭᠵᠢᠯᠲᠡ ᠬᠤᠪᠢᠰᠤᠯᠲᠠ ᠶᠢ ᠴᠠᠭ ᠲᠤᠬᠠᠢ ᠳᠤᠨᠢ ᠬᠢᠵᠠᠭᠠᠷᠯᠠᠬᠤ᠂ ᠡᠪᠡᠳᠴᠢᠨ ᠤ ᠳᠠᠬᠢᠨ ᠬᠥᠳᠡᠯᠬᠦ ᠶᠢ | ᠤᠷᠢᠳᠴᠢᠯᠠᠨ ᠰᠡᠷᠭᠡᠶᠢᠯᠡᠬᠦ ᠵᠢᠴᠢ ᠠᠷᠬᠠᠭ ᠭᠡᠮ ᠢ ᠵᠠᠰᠠᠵᠤ ᠡᠳᠡᠭᠡᠷᠡᠭᠦᠯᠬᠦ ᠵᠡᠷᠭᠡ ᠠᠭᠤᠯᠭ᠎ᠠ ᠪᠠᠭᠲᠠᠨ᠎ᠠ᠃ | 14. ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ᠄ ᠳᠤᠮᠳᠠᠳᠤ ᠤᠯᠤᠰ ᠤᠨ ᠤᠮᠠᠷᠠᠲᠤ ᠶᠢᠨ ᠭᠤᠷᠪᠠᠨ ᠣᠷᠣᠨ ︵ᠪᠠᠷᠠᠭᠤᠨ ᠬᠤᠶᠢᠲᠤ ᠣᠷᠣᠨ᠂ | ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠬᠥᠮᠥᠨ ᠤ ᠬᠦᠴᠦᠨ ᠤ ᠣᠶ ᠰᠢᠭᠤᠢ ᠶᠢᠨ ᠠᠮᠢ ᠠᠬᠤᠢ ᠶᠢᠨ | ᠢᠨᠵᠧᠨᠧᠷᠢᠩ᠃ | 15. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠵᠤ | ᠦᠨᠳᠦᠰᠦᠨ ᠱᠠᠲᠤᠨ ᠳᠤ ᠪᠠᠭᠤᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠣᠷᠪᠤᠯᠵᠢᠯᠠᠯ ᠢ ᠬᠦᠯᠢᠶᠡᠨ | ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠵᠤ ᠪᠤᠢ︾᠃ | 16. ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾᠄ ︽ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ︵2020 — 2025 ᠣᠨ︶︾ ᠪᠠ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2020 — | 2025 ᠣᠨ︶︾ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠢ | ᠵᠢᠭᠠᠵᠤ ᠪᠤᠢ᠃ | | | | | | | | |