ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/1/12

︱ 2024 ᠣᠨ ᠤ 1 ᠰᠠᠷ᠎ᠠ ᠶᠢᠨ 12 ᠤᠨ ᠡᠳᠦᠷ ᠤᠷᠠᠳ ᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠭᠤᠷᠪᠠᠳᠤᠭᠠᠷ ᠤᠳᠠᠭᠠᠨ ᠤ  ᠬᠤᠷᠠᠯ ᠳᠡᠭᠡᠷ᠎ᠡ

ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ   ᠠᠯᠲᠠᠨᠪᠤᠯᠠᠭ

ᠲᠥᠯᠥᠭᠡᠯᠡᠭᠴᠢᠳ ᠠ᠋᠄

       ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠥᠪᠯᠡᠬᠦ

ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃

          ᠨᠢᠭᠡ᠂ 2023 ᠣᠨ ᠤ ᠠᠵᠢᠯ ᠤᠨ ᠡᠷᠭᠢᠴᠡᠭᠦᠯᠦᠯ

      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ

ᠡᠬᠢᠯᠡᠯᠲᠡ ᠶᠢᠨ ᠵᠢᠯ ᠮᠥᠨ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ

ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ

ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ

 ᠤ ︽ᠲᠠᠪᠤᠨ ᠥᠨᠳᠥᠷ ᠲᠠᠪᠤᠨ ᠣᠷᠣᠨ︾ ᠤ ᠬᠠᠷᠠᠯᠲᠠ ᠶᠢᠨ ᠲᠣᠭᠤᠷᠢᠨ ᠳᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂

ᠬᠦᠴᠢᠷ ᠪᠡᠷᠬᠡ ᠶᠢ ᠲᠤᠭᠤᠯᠤᠨ ᠳᠠᠪᠠᠵᠤ᠂ ᠡᠷᠡᠮᠡᠭᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃

         ᠨᠢᠭᠡ ᠵᠢᠯ ᠤᠨ ᠲᠤᠷᠰᠢ᠂ ᠪᠢᠳᠡ ᠡᠷᠡᠮᠡᠬᠡᠶᠢᠯᠡᠨ ᠤᠷᠤᠭᠰᠢᠯᠠᠵᠦ᠂ ᠡᠯ᠎ᠡ ᠲᠦᠷᠦᠯ ᠤᠨ ᠠᠵᠢᠯ ᠦᠢᠯᠡᠰ ᠤᠨ ᠦᠷ᠎ᠡ ᠪᠦᠲᠦᠭᠡᠯ ᠢ ᠴᠢᠨᠠᠷᠯᠢᠭ ᠪᠡᠶᠡᠯᠡᠭᠦᠯᠪᠡ᠃

ᠲᠦᠰᠦᠬᠡᠯᠡᠭᠰᠡᠨ ᠢᠶᠠᠷ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 113 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4% ᠪᠠᠷ ᠨᠡᠮᠡᠭᠳᠡᠪᠡ︔

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 240 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ

ᠦᠷᠳᠡᠭ ᠢ 5.5% ᠪᠠᠷ ᠨᠡᠮᠡᠭᠳᠡᠭᠦᠯᠪᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16.01 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.

4% ᠪᠠᠷ ᠨᠡᠮᠡᠭᠳᠡᠭᠦᠯᠪᠡ︔ ᠲᠣᠭᠲᠠᠮᠠᠯ ᠭᠦᠷᠦᠩᠭᠡ ᠶᠢᠨ ᠪᠡᠯᠡ ᠣᠷᠣᠭᠤᠯᠤᠯᠲᠠ ᠶᠢ 81.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 42.5% ᠪᠠᠷ

ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 7.6 ᠳ᠋ᠦᠩᠰᠢᠭᠤᠷ ᠲᠥᠭᠦᠷᠢᠭ ᠲᠤ ᠬᠦᠷᠴᠦ᠂ 6% ᠪᠠᠷ

ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 6% ᠪᠠ 8% ᠪᠠᠷ

ᠨᠡᠮᠡᠭᠳᠡᠭᠦᠯᠪᠡ᠃ ᠳᠡᠭᠡᠳᠦ ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢ 17.83 ᠳ᠋ᠦᠩᠰᠢᠭᠤᠷ ᠲᠥᠭᠦᠷᠢᠭ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ

ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠢ ᠳᠡᠮᠡᠴᠡᠨ ᠤᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠶᠢ 38.49 ᠳ᠋ᠦᠩᠰᠢᠭᠤᠷ

ᠲᠥᠭᠦᠷᠢᠭ ᠲᠤ ᠬᠦᠷᠭᠡᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 23 ᠲᠥᠷᠥᠯ ᠵᠦᠢᠯ ᠢ ᠨᠠᠶᠢᠳᠠᠪᠤᠷᠢᠵᠢᠭᠤᠯᠵᠦ᠂ 78 ᠳ᠋ᠦᠩᠰᠢᠭᠤᠷ ᠲᠥᠭᠦᠷᠢᠭ ᠤᠨ

ᠪᠡᠯᠡ ᠮᠥᠩᠭᠦ ᠶᠢ ᠪᠣᠳᠠᠲᠠᠶᠢᠵᠢᠭᠤᠯᠪᠠ᠃ 3 ᠲᠤᠮᠤ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ ᠲᠠᠰᠤᠷᠠᠯᠲᠠ ᠦᠭᠡᠢ

ᠥᠷᠭᠡᠳᠴᠦ᠂ ᠡᠵᠡᠩᠨᠡᠯᠲᠡ ᠶᠢᠨ ᠪᠥᠬᠦ ᠣᠷᠣᠯᠭ᠎ᠠ 2.6 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ ᠴᠡᠪᠡᠷ ᠤᠷᠤᠯᠭ᠎ᠠ 2300 ᠲᠦᠮᠡᠨ ᠲᠥᠭᠦᠷᠢᠭ ᠢ ᠳᠠᠪᠠᠪᠠ᠃

︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ︽ᠳᠤᠮᠳᠠᠳᠤ ᠤᠯᠤᠰ ᠤᠨ ᠬᠠᠮᠤᠭ ᠤᠨ ᠭᠤᠶᠣ

ᠰᠢᠶᠠᠨ ᠤ ᠬᠤᠲᠠ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ︽ᠳᠤᠮᠳᠠᠳᠤ

ᠤᠯᠤᠰ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠵᠢᠱᠢᠶᠡᠴᠢ︾ ︽ᠤᠯᠤᠰ ᠤᠨ ᠰᠤᠷᠬᠤ ᠨᠠᠰᠤᠨ ᠠᠴᠠ ᠡᠮᠦᠨᠡᠬᠢ

ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ︾ ᠵᠡᠷᠭᠡ ᠲᠠᠪᠤᠨ ᠵᠦᠢᠯ ᠤᠨ ᠤᠯᠤᠰ ᠤᠨ ᠢᠷᠠᠭᠤ ᠠᠯᠳᠠᠷ ᠢ ᠭᠥᠷᠳᠡᠪᠡ᠃

ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ᠂ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ 87 ᠳ᠋ᠤᠭᠠᠷ ᠲᠤ

ᠲᠠᠪᠰᠢᠨ ᠣᠷᠣᠪᠠ᠃

         ᠨᠢᠭᠡ ᠵᠢᠯ ᠤᠨ ᠲᠤᠷᠰᠢ᠂ ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠳᠣᠪᠤᠶᠢᠯᠭᠠᠨ᠂ ᠠᠵᠤ ᠦᠢᠯᠡᠰ ᠲᠦᠷᠭᠡᠨ ᠪᠥᠭᠡᠳ

ᠲᠣᠭᠲᠠᠭᠤᠨ ᠢᠶᠠᠷ ᠬᠥᠭᠵᠢᠪᠡ᠃

         ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠥᠪᠯᠡᠷᠡᠩᠭᠦᠢ ᠬᠥᠭᠵᠢᠪᠡ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ

ᠰᠠᠬᠢᠵᠤ᠂ 14.4 ᠲᠦᠮᠡᠨ ᠮᠦ ᠠᠮᠤ ᠪᠤᠳᠠᠭ᠎ᠠ ᠳᠠᠷᠢᠬᠤ ᠶᠢ ᠨᠠᠶᠢᠳᠠᠪᠤᠷᠢᠵᠢᠭᠤᠯᠪᠠ᠃ 3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ

ᠪᠠᠶᠢᠭᠤᠯᠵᠤ᠂ ᠭᠠᠵᠠᠷ ᠰᠢᠷᠣᠢ ᠶᠢᠨ ᠡᠷᠭᠢᠯᠲᠡ ᠶᠢᠨ ᠬᠡᠪᠴᠢᠶᠡᠵᠢᠯ ᠢ 11 ᠲᠦᠮᠡᠨ ᠮᠦ ᠳᠤ ᠬᠦᠷᠭᠡᠵᠦ᠂ 14.7 ᠲᠦᠮᠡᠨ ᠮᠦ ᠤᠰᠤ ᠪᠣᠷᠳᠣᠭᠤᠷ ᠢ ᠨᠢᠭᠡ

ᠴᠣᠭᠴᠠᠵᠢᠭᠤᠯᠬᠤ ᠶᠢ ᠲᠦᠭᠡᠮᠡᠯᠵᠢᠬᠦᠯᠪᠡ᠃ 3.5 ᠲᠦᠮᠡᠨ ᠮᠦ ᠲᠦᠭᠦᠭᠡᠷᠦᠮᠵᠢᠳᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂  ᠣᠯᠠᠨ ᠤᠯᠤᠰ ᠤᠨ ᠲᠠᠷᠢᠶᠠᠯᠠᠩ ᠤᠨ

ᠦᠵᠡᠰᠬᠦᠯᠡᠩ ᠵᠡᠷᠭᠡ 15ᠤᠳᠤᠬᠢᠴᠢᠯᠠᠭᠰᠠᠨ ᠥᠨᠳᠥᠷ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠦᠨᠳᠦᠷ ᠪᠠᠷᠢᠮᠵᠢᠶ᠎ᠠ ᠪᠠᠷ ᠪᠠᠶᠢᠭᠤᠯᠵᠤ᠂

ᠪᠥᠬᠦ ᠣᠷᠣᠨ ᠤ ᠲᠦᠭᠦᠭᠡᠷᠦᠮᠵᠢᠳᠦ ᠲᠠᠷᠢᠶᠠᠯᠠᠩ ᠤᠨ ᠲᠤᠬᠠᠢ ᠶᠢᠨ ᠲᠠᠯᠠᠪᠤᠷ ᠤᠨ ᠴᠤᠭᠯᠠᠭᠠᠨ ᠢ ᠴᠢᠨᠠᠷ ᠰᠠᠶᠢᠲᠠᠢ ᠳᠠᠭᠠᠭᠠᠴᠢᠯᠠᠨ ᠡᠷᠭᠢᠯᠡᠪᠡ᠃ 18 ᠮᠠᠯ ᠠᠵᠤ

ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ 24 ︽ᠨᠠᠶᠢᠳᠠᠨ ᠲᠡᠵᠢᠭᠡᠬᠦ ᠭᠠᠵᠠᠷ︾ ᠤᠨ ᠡᠵᠡᠩᠨᠡᠯᠲᠡ ᠶᠢᠨ ᠦᠷ᠎ᠡ ᠠᠰᠢᠭ ᠢ ᠪᠥᠬᠦ ᠲᠠᠯ᠎ᠠ ᠪᠠᠷ ᠠᠬᠢᠭᠤᠯᠵᠤ᠂

ᠤᠣ ᠶᠢᠨ ᠭᠤᠤᠯ ᠤᠨ ᠲᠦᠮᠡᠨ ᠲᠣᠯᠣᠭᠠᠢ ᠠᠯᠠᠰᠢᠨ ᠦᠬᠡᠷ᠂ ᠰᠢᠩ ᠷᠠᠨ ᠮᠠᠯ ᠠᠵᠤ ᠠᠬᠤᠢ ᠶᠢᠨ ᠬᠤᠶᠠᠳᠤᠭᠠᠷ ᠬᠤᠭᠤᠴᠠᠭ᠎ᠠ᠂ ᠲᠦᠮᠡᠨ ᠭᠤᠪᠢ ᠶᠢᠨ ᠤᠯᠠᠭᠠᠨ

ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠤᠷᠤᠭᠰᠢᠲᠠᠢ ᠪᠠᠶᠢᠭᠤᠯᠪᠠ᠃ ︽ᠤᠷᠠᠳ ᠤᠨ ᠬᠤᠶᠢᠲᠤ ᠬᠤᠰᠢᠭᠤᠨ ᠤ ᠭᠤᠪᠢ ᠶᠢᠨ ᠤᠯᠠᠭᠠᠨ ᠲᠡᠮᠡᠭᠡ︾ ︽

2023 ᠣᠨ ᠤ ᠳᠤᠮᠳᠠᠳᠤ ᠤᠯᠤᠰ ᠤᠨ ᠮᠠᠯ ᠠᠵᠤ ᠠᠬᠤᠢ ᠶᠢᠨ ᠭᠠᠵᠠᠷ ᠵᠦᠢ ᠶᠢᠨ ᠲᠡᠮᠳᠡᠭᠲᠦ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ

ᠲᠡᠮᠳᠡᠭ ᠤᠨ ᠬᠠᠮᠠᠭᠠᠯᠠᠯᠲᠠ ᠶᠢᠨ ᠱᠠᠩᠨᠠᠯ︾ ᠢ ᠭᠥᠷᠳᠡᠵᠦ᠂ ᠪᠥᠬᠦ ᠤᠯᠤᠰ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠶᠢᠨ ᠨᠡᠷᠡᠰ ᠲᠤ

ᠰᠣᠩᠭᠤᠭᠳᠠᠨ᠂ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠲᠡᠮᠡᠭᠡᠨ ᠠᠵᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠪᠡ᠃ ︽ᠬᠤᠶᠠᠷ ᠲᠥᠷᠥᠯ

ᠵᠦᠢᠯ ᠨᠢᠭᠡ ᠲᠡᠮᠳᠡᠭᠳᠦ ᠨᠢᠭᠡ ᠰᠢᠨ᠎ᠡ︾ ᠨᠢ ᠤᠯᠤᠰ ᠤᠨ ᠬᠦᠴᠦᠨ ᠲᠠᠢ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠶᠡᠷᠦᠩᠬᠡᠢ ᠲᠤᠭ᠎ᠠ ᠶᠢ 20 ᠳᠤ

ᠬᠦᠷᠦᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠳᠤᠲᠠᠭᠤᠳᠠᠯ ᠢ ᠨᠥᠬᠦᠪᠦᠷᠢᠯᠡᠬᠦ ᠲᠦᠷᠦᠯ

ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 64 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠯᠢ ᠪᠠᠨ ᠬᠥᠭᠵᠢᠭᠦᠯᠵᠦ ᠠᠷᠠᠳ ᠢ

ᠪᠠᠶᠠᠵᠢᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠪᠠ᠃ 50 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠪᠥᠬᠦ ᠲᠤᠭ᠎ᠠ ᠶᠢ

4066 ᠲᠦᠮᠡᠨ ᠲᠥᠭᠦᠷᠢᠭ ᠲᠤ ᠬᠦᠷᠭᠡᠵᠦ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠰᠤ ᠶᠢ ᠨᠠᠩ ᠨᠢᠭᠲᠠ ᠪᠣᠯᠭᠠᠪᠠ᠃

         ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢ ᠲᠦᠷᠭᠡᠳᠪᠡ᠃ ᠠᠵᠤ ᠦᠢᠯᠡᠳᠪᠦᠷᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ

ᠪᠠ ᠠᠵᠤ ᠦᠢᠯᠡᠳᠪᠦᠷᠢ ᠶᠢᠨ ᠦᠢᠯᠡᠳᠬᠦᠨ ᠤ ᠲᠤᠭ᠎ᠠ ᠬᠡᠮᠵᠢᠶ᠎ᠡ᠂ ᠦᠢᠯᠡᠳᠬᠦᠨ ᠤ ᠬᠡᠮᠵᠢᠶ᠎ᠡ᠂ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠡᠷᠡᠰ

ᠭᠤᠶᠢᠪᠢᠰᠢ ᠦᠭᠡᠢ ᠴᠢᠩᠭ᠎ᠠ ᠠᠳᠬᠤᠪᠠ᠃ ᠾᠧᠢ ᠮᠣᠣ ᠶᠢᠨ ᠬᠤᠶᠠᠳᠤᠭᠠᠷ ᠬᠤᠭᠤᠴᠠᠭ᠎ᠠ᠂ ᠭᠥᠸᠧ ᠴᠧᠩ ᠡᠬᠢ ᠪᠠᠶᠠᠯᠢᠭ᠂ ᠶᠢᠨ ᠬᠦ᠋ ᠡᠨᠧᠷᠭᠢ ᠶᠢᠨ ᠰᠤᠷᠪᠤᠯᠵᠢ᠂

ᠳ᠋ᠧ ᠶᠤᠸᠠᠨ ᠤ ᠬᠤᠶᠠᠳᠤᠭᠠᠷ ᠬᠤᠭᠤᠴᠠᠭ᠎ᠠ᠂ ᠵᠢᠩ ᠨᠧᠩ ᠤᠨ ᠬᠤᠶᠠᠳᠤᠭᠠᠷ ᠬᠤᠭᠤᠴᠠᠭ᠎ᠠ᠂ ᠱᠠᠩᠬᠠᠢ ᠮᠢᠶᠣᠣ ᠶᠢᠨ ᠣᠨᠴᠠ ᠥᠨᠳᠥᠷ ᠳᠠᠷᠤᠯᠳᠠᠳᠤ ᠴᠠᠬᠢᠯᠭᠠᠨ

ᠵᠡᠷᠭᠡ ᠲᠣᠮᠣ ᠲᠦᠷᠦᠯ ᠵᠦᠢᠯ ᠵᠠᠯᠭᠠᠭᠠᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠮᠤᠤ ᠤᠨ ᠬᠡᠣᠳᠠᠰᠣ᠂ ᠰᠢᠶᠦ᠋ᠨ ᠨᠧᠩ ᠬᠠᠶᠠᠭᠳᠠᠮᠠᠯ ᠪᠣᠳᠠᠰ ᠢ ᠡᠬᠢ

ᠪᠠᠶᠠᠯᠢᠭᠵᠢᠭᠤᠯᠬᠤ᠂ ᠱᠤᠸᠠᠩ ᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃

ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 53 ᠬᠦᠷᠴᠦ᠂ ᠠᠳᠠᠯᠢ ᠬᠤᠭᠤᠴᠠᠭᠠᠨ ᠤ ᠬᠢ ᠠᠴᠠ 3 ᠨᠡᠮᠡᠭᠳᠡᠵᠡᠢ᠃ 13 ᠠᠵᠤ

ᠠᠬᠤᠶᠢᠯᠠᠯ ᠨᠢ ︽ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ᠢᠶᠠᠷ ᠦᠨᠡᠯᠡᠭᠳᠡᠵᠦ᠂ 4 ᠠᠵᠤ ᠠᠬᠤᠶᠢᠯᠠᠯ ᠨᠢ ︽ᠲᠤᠰᠬᠠᠢ

ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠨᠥᠭᠡᠴᠡ ᠶᠢᠨ ᠬᠥᠮᠥᠷᠭᠡ ᠳᠤ ᠰᠣᠩᠭᠤᠭᠳᠠᠵᠤ᠂ 2 ᠠᠵᠤ ᠠᠬᠤᠶᠢᠯᠠᠯ ᠨᠢ ᠪᠣᠬᠢᠷᠲᠤᠯ

ᠦᠭᠡᠢ ᠦᠢᠯᠡᠳᠪᠦᠷᠢ ᠶᠢ ᠡᠭᠦᠳᠦᠨ ᠪᠠᠶᠢᠭᠤᠯᠵᠤ᠂ 10 ᠠᠵᠤ ᠠᠬᠤᠶᠢᠯᠠᠯ ᠨᠢ ᠪᠣᠬᠢᠷᠲᠤᠯ ᠦᠭᠡᠢ ᠪᠠᠷᠢᠮᠵᠢᠶ᠎ᠠ ᠳᠤ ᠬᠦᠷᠴᠦ᠂ 4 ᠰᠢᠨ᠎ᠡ ᠶᠢ ᠡᠭᠦᠳᠬᠦ ᠬᠡᠯᠪᠡᠷᠢ ᠶᠢᠨ

ᠳᠤᠮᠳᠠ ᠵᠢᠵᠢᠭ ᠠᠵᠤ ᠠᠬᠤᠶᠢᠯᠠᠯ ᠢ ᠡᠭᠦᠳᠦᠨ ᠪᠠᠶᠢᠭᠤᠯᠪᠠ᠃ ᠨᠠᠷᠠᠨ ᠭᠤᠤ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢ ᠲᠦᠷᠬᠡᠨ ᠠᠬᠢᠭᠤᠯᠪᠠ᠃

ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠳᠠᠬᠢᠨ ᠢᠶᠠᠷ ᠨᠡᠮᠡᠭᠳᠡᠭᠦᠯᠵᠦ᠂ 321 ᠲᠦᠮᠡᠨ

ᠺᠢᠯᠣᠸᠠᠲ ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 36 ᠳ᠋ᠦᠩᠰᠢᠭᠤᠷ ᠭᠷᠡᠳᠦ᠋ᠰ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 45% ᠪᠠᠷ

ᠨᠡᠮᠡᠭᠳᠡᠪᠡ᠃ ᠲᠢᠲ᠋ᠠᠨ ᠤ ᠴᠠᠭᠠᠨ ᠨᠤᠨᠳᠠᠭ᠂ ᠨᠡᠶᠢᠯᠡᠮᠡᠯ ᠪᠣᠷᠳᠣᠭᠤᠷ ᠵᠡᠷᠭᠡ ᠦᠢᠯᠡᠳᠬᠦᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠨᠡᠭᠡᠭᠡᠵᠦ᠂ 30

ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠠᠵᠤ ᠦᠢᠯᠡᠳᠪᠦᠷᠢ ᠶᠢᠨ ᠦᠢᠯᠡᠳᠬᠦᠨ ᠤ 67% ᠨᠢ ᠭᠠᠷᠤᠯᠲᠠ ᠪᠠᠨ ᠨᠡᠮᠡᠭᠳᠡᠭᠦᠯᠪᠡ᠃ ᠠᠵᠤ ᠦᠢᠯᠡᠳᠪᠦᠷᠢ ᠶᠢᠨ

ᠲᠤᠭᠤᠷᠢᠭ ᠤᠨ ᠲᠠᠲᠠᠬᠤ ᠬᠦᠴᠦᠨ ᠪᠠ ᠳᠠᠭᠠᠭᠠᠴᠠ ᠶᠢ ᠢᠯᠡᠳᠲᠡ ᠨᠡᠮᠡᠭᠳᠡᠭᠦᠯᠵᠦ᠂ ᠤᠯᠤᠰ ᠤᠨ ᠲᠠᠰ ᠤᠨ ᠪᠣᠬᠢᠷᠲᠤᠯ ᠦᠭᠡᠢ ᠲᠤᠭᠤᠷᠢᠭ᠂ ᠡᠩ ᠤᠨ ᠠᠮᠤᠷ

ᠲᠦᠪᠰᠢᠨ ᠤ ᠠᠶᠤᠯ ᠲᠦᠭᠰᠢᠭᠦᠷᠢ ᠶᠢᠨ ᠳᠡᠰ ︵C ᠳᠡᠰ︶ ᠤᠨ ᠬᠢᠮᠢ ᠶᠢᠨ ᠠᠵᠤ ᠦᠢᠯᠡᠳᠪᠦᠷᠢ ᠶᠢᠨ ᠳᠣᠭᠤᠷᠢᠭ ᠢᠶᠠᠷ ᠮᠠᠭᠠᠳᠯᠠᠨ ᠲᠣᠭᠲᠠᠭᠠᠵᠤ᠂ ᠣᠶᠤᠨᠲᠤ

ᠲᠣᠭᠤᠷᠢᠭ ᠤᠨ ᠬᠠᠮᠢᠶᠠᠷᠤᠯᠲᠠ ᠶᠢᠨ ᠲᠠᠪᠴᠠᠩ᠂ ᠴᠠᠬᠢᠯᠭᠠᠨ ᠬᠠᠩᠭᠠᠬᠤ᠂ ᠵᠠᠮ᠂ ᠪᠤᠬᠢᠷ ᠤᠰᠤ ᠶᠢ ᠰᠢᠢᠳᠪᠦᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ

ᠰᠢᠢᠳᠪᠦᠷᠢᠯᠡᠬᠦ᠂ ᠭᠠᠯ ᠤᠨᠲᠠᠷᠠᠭᠠᠬᠤ ᠵᠡᠷᠭᠡ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃

         ᠭᠤᠷᠪᠠᠳᠤᠭᠠᠷ ᠠᠵᠤ ᠦᠢᠯᠡᠰ ᠤᠨ ᠭᠡᠷᠡᠯ ᠭᠢᠯᠪᠠᠭ᠎ᠠ ᠶᠢ ᠶᠡᠬᠡᠪᠡᠷ ᠪᠠᠳᠠᠷᠠᠭᠤᠯᠪᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ

ᠭᠤᠶᠢᠪᠢᠰᠢ ᠦᠭᠡᠢ ᠠᠬᠢᠭᠤᠯᠵᠤ᠂ ︽ᠤᠷᠠᠳ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠶᠢᠳᠡ 42 ᠤᠳᠠᠭ᠎ᠠ ᠨᠡᠪᠳᠡᠷᠡᠬᠦᠯᠤᠨ᠂

ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ 5.18 ᠲᠦᠮᠡᠨ ᠲᠣᠨ ᠪᠡᠶᠡᠯᠡᠭᠦᠯᠵᠦ᠂ ᠠᠷᠠᠯᠵᠢᠶᠠᠨ ᠤ ᠬᠡᠮᠵᠢᠶ᠎ᠡ ᠶᠢ 5.3 ᠳ᠋ᠦᠩᠰᠢᠭᠤᠷ

ᠲᠥᠭᠦᠷᠢᠭ ᠪᠡᠶᠡᠯᠡᠭᠦᠯᠵᠦ᠂ 1 ᠰᠢᠶᠠᠩᠭᠠᠩ ᠤᠨ ᠪᠡᠯᠡ ᠮᠦᠩᠬᠦ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠭᠠᠳᠠᠭᠠᠳᠤ ᠪᠡᠯᠡ ᠮᠦᠩᠬᠦ 1491 ᠲᠦᠮᠡᠨ

ᠲᠥᠭᠦᠷᠢᠭ ᠶᠢ ᠪᠣᠳᠠᠲᠠᠢ ᠠᠰᠢᠭᠯᠠᠪᠠ᠃ ᠰᠣᠶᠣᠯ ᠤᠨ ᠵᠢᠭᠤᠯᠴᠢᠯᠠᠯ ᠡᠷᠡᠭᠦᠯᠵᠢᠯ ᠤᠨ ᠠᠵᠤ ᠦᠢᠯᠡᠰ ᠤᠨ ᠰᠢᠨ᠎ᠡ ᠪᠠᠶᠢᠳᠠᠯ ᠡᠷᠡᠰ ᠭᠤᠶᠢᠪᠢᠰᠢ ᠦᠭᠡᠢ ᠴᠤᠭᠴᠠᠯᠠᠵᠦ᠂

ᠨᠠᠷᠠᠨ ᠠᠭᠤᠯᠠ ᠠᠮᠢ ᠠᠬᠤᠢ ᠶᠢᠨ ᠦᠵᠡᠮᠵᠢ ᠶᠢᠨ ᠣᠷᠣᠨ ᠢ ᠡᠳᠦᠷ ᠢᠷᠡᠬᠦᠶ᠎ᠡ ᠲᠡᠭᠦᠯᠳᠡᠷᠵᠢᠭᠦᠯᠦᠨ᠂ ᠬᠤᠳᠠᠯᠳᠤᠭᠠᠨ ᠤ ᠶᠠᠪᠠᠭᠠᠨ ᠵᠡᠭᠡᠯᠢ ᠶᠢ ᠪᠥᠬᠦ ᠲᠠᠯ᠎ᠠ ᠪᠠᠷ

ᠪᠠᠶᠢᠭᠤᠯᠵᠤ᠂ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠬᠦᠷ ᠬᠦᠭᠵᠢᠶᠡᠨ ᠲᠠᠢ ᠪᠠᠷ ᠵᠢᠭᠤᠯᠴᠢᠳ ᠢᠶᠠᠨ ᠣᠭᠳᠣᠪᠠ᠃ ︽ᠪᠥᠬᠦ ᠤᠯᠤᠰ ᠤᠨ ᠴᠢᠨᠠᠷ

ᠰᠠᠶᠢᠲᠠᠢ ᠬᠤᠪᠣᠷ ᠨᠠᠨᠳᠢᠨ ᠬᠠᠯᠠᠭᠤᠨ ᠷᠠᠰᠢᠶᠠᠨ︾ ᠢ ᠠᠮᠵᠢᠯᠲᠠ ᠲᠠᠢ ᠪᠠᠷ ᠮᠠᠭᠠᠳᠯᠠᠨ ᠲᠣᠭᠲᠠᠭᠠᠵᠤ᠂ ᠮᠣᠩᠭᠤᠯ ᠡᠮᠨᠡᠯᠭᠡ ᠶᠢᠨ ᠣᠨᠴᠠᠯᠢᠭᠲᠤ ᠡᠷᠡᠭᠦᠯᠵᠢᠯ

ᠰᠤᠪᠢᠯᠠᠯᠲᠠ ᠶᠢᠨ ᠦᠢᠯᠡᠴᠢᠯᠡᠭᠡᠨ ᠤ ᠲᠥᠪ ᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠠᠵᠢᠯᠲᠠᠨ ᠠᠵᠢᠯᠴᠢᠨ ᠤ

ᠰᠤᠪᠢᠯᠠᠯᠲᠠ ᠶᠢᠨ ᠰᠠᠭᠤᠷᠢᠨ ᠭᠠᠵᠠᠷ ᠢᠶᠠᠷ ᠪᠠᠳᠤᠯᠠᠵᠦ᠂ ᠤᠣ ᠶᠢᠨ ᠭᠤᠤᠯ ᠮᠣᠩᠭᠤᠯ ᠬᠤᠭᠤᠯᠠ ᠶᠢ ︽ᠥᠪᠥᠷ ᠮᠣᠩᠭᠤᠯ ᠤᠨ ᠦᠨᠦᠷ ᠠᠮᠲᠠ︾ ᠶᠢᠨ ᠨᠡᠶᠢᠲᠡ ᠶᠢᠨ

ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠪᠡ᠃ ᠤᠯᠠᠭᠠᠨᠮᠥ᠋ᠴᠢᠷ ᠲᠥᠪ ᠤᠨ ᠵᠠᠭᠤᠴᠢᠯᠠᠭᠤᠷ ᠲᠤ ᠭᠤᠷᠪᠠᠨᠲᠠ ᠨᠡᠶᠢᠳᠡᠯᠡᠭᠳᠡᠵᠦ᠂

ᠠᠷᠠᠳ ᠤᠨ ᠵᠦᠴᠦᠭᠡ ᠶᠢᠨ ᠲᠢᠶᠠᠲᠷ ᠰᠣᠶᠣᠯ ᠤᠨ ᠰᠢᠨ᠎ᠡ ᠰᠠᠭᠤᠷᠢᠨ ᠭᠠᠵᠠᠷ ᠪᠣᠯᠪᠠ᠃ ︽ᠳᠡᠭᠵᠢᠨ ᠳᠠᠣᠯᠠᠢ ᠶᠢᠨ ᠦᠰᠦᠷᠬᠢᠯᠡᠯᠳᠡ᠂ ᠬᠡᠰᠢᠭ ᠬᠤᠷᠤᠶᠢᠯᠠᠭᠰᠠᠨ

ᠤᠷᠠᠳ ᠤᠨ ᠬᠤᠶᠢᠲᠤ ᠬᠤᠰᠢᠭᠤ︾ ᠰᠢᠷᠢᠰ ᠬᠦᠳᠡᠯᠭᠡᠭᠡᠨ ᠬᠥᠮᠥᠰ ᠤᠨ ᠪᠠᠭ᠋ᠠᠷᠬᠠᠯ ᠢ ᠲᠠᠲᠠᠵᠤ᠂ ᠪᠦᠬᠦ ᠤᠯᠤᠰ ᠤᠨ ᠦᠵᠡᠮᠦᠷᠢ ᠶᠢᠨ ᠬᠠᠴᠢᠨ ᠴᠢᠯᠠᠭᠤᠨ ᠤ

ᠦᠵᠡᠰᠬᠦᠯᠡᠩ᠂ ᠮᠦᠩᠭᠦᠨ ᠡᠪᠦᠯ ᠤᠨ ᠨᠠᠶᠢᠷ᠂ ᠥᠯᠵᠡᠶᠢᠲᠦ ᠡᠳᠦᠷ ᠤᠨ ᠪᠠᠶᠠᠷ ᠵᠡᠷᠭᠡ ᠠᠵᠢᠯᠯᠠᠭ᠎ᠠ ᠶᠢ ᠦᠪᠡᠳᠡᠭᠰᠢ ᠶᠡᠬᠡᠪᠡᠷ ᠶᠠᠪᠤᠭᠳᠠᠭᠤᠯᠵᠤ᠂ ᠪᠦᠬᠦ ᠵᠢᠯ ᠳᠤ

176 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃

          ᠨᠢᠭᠡ ᠵᠢᠯ ᠤᠨ ᠲᠤᠷᠰᠢ᠂ ᠪᠢᠳᠡ ᠬᠠᠮᠳᠤᠪᠡᠷ ᠬᠦᠴᠦᠯᠡᠵᠦ᠂ ᠴᠢᠷᠮᠡᠶᠢᠨ ᠳᠡᠮᠡᠴᠡᠵᠤ᠂ ᠠᠮᠢ ᠠᠬᠤᠢ ᠶᠢᠨ ᠣᠷᠴᠢᠨ ᠲᠤᠭᠤᠷᠢᠨ ᠦᠷᠭᠦᠯᠵᠢᠯᠡᠨ

ᠰᠠᠶᠢᠵᠢᠷᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠭᠤᠯᠠ ᠤᠰᠤ ᠤᠢ

ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠢᠶᠠᠷ

ᠲᠦᠯᠬᠢᠨ ᠠᠬᠢᠭᠤᠯᠪᠠ᠃ ᠬᠠᠲᠤᠨ ᠭᠤᠣᠯ ᠤᠨ ᠲᠤᠬᠤᠢ ᠪᠤᠯᠤᠩ ᠤᠨ ᠪᠤᠭᠤᠮᠳᠠ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ 12.95

ᠲᠦᠮᠡᠨ ᠮᠦ ᠶᠢ ᠣᠶᠢᠵᠢᠭᠤᠯᠵᠤ᠂ 22.7 ᠲᠦᠮᠡᠨ ᠮᠦ ᠶᠢᠨ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠮᠤᠨᠢ ᠠᠭᠤᠯᠠ ᠶᠢᠨ ᠠᠷᠤ

ᠬᠤᠷᠮᠣᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠣᠣᠯ ᠤᠨ ᠦᠯᠡᠳᠡᠭᠳᠡᠭᠰᠡᠨ ᠠᠭᠤᠷᠬᠠᠢ ᠶᠢᠨ

ᠠᠮᠢ ᠠᠬᠤᠢ ᠶᠢ ᠰᠡᠷᠭᠦᠭᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠢ ᠰᠢᠯᠭᠠᠨ ᠳ᠋ᠦᠩᠨᠡᠵᠣ᠂ ᠲᠣᠰ ᠬᠤᠭᠤᠴᠠᠭᠠᠨ ᠳᠤ ᠪᠠᠶᠢᠭ᠎ᠠ ᠠᠭᠤᠷᠬᠠᠢ ᠶᠢᠨ

︽ᠨᠢᠭᠡ ᠠᠭᠤᠷᠬᠠᠢ ᠳᠤ ᠨᠢᠭᠡ ᠠᠷᠭ᠎ᠠ ᠪᠣᠳᠣᠯᠭ᠎ᠠ︾ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠦᠬᠦᠨ ᠢ ᠪᠡᠶᠡᠯᠡᠬᠦᠯᠪᠡ᠃ ᠨᠡᠶᠢᠲᠡ 1.

53 ᠲᠦᠮᠡᠨ ᠣᠩᠭᠤᠨ ᠪᠤᠯᠠᠰᠢ ᠶᠢ ᠴᠡᠪᠡᠷᠯᠡᠨ ᠨᠡᠭᠦᠯᠭᠡᠵᠦ᠂ 2 ᠲᠦᠮᠡ ᠭᠠᠷᠤᠢ ᠮᠦ ᠨᠤᠲᠤᠭ ᠪᠡᠯᠴᠢᠭᠡᠷ ᠤᠨ ᠴᠢᠳᠠᠮᠵᠢ ᠶᠢ ᠰᠡᠷᠭᠦᠭᠡᠵᠦ᠂ ᠠᠷᠠᠳ ᠤᠨ ᠶᠠᠪᠤᠳᠠᠯ ᠤᠨ

ᠶᠠᠮᠤᠨ ᠠᠴᠠ ︽ᠪᠥᠬᠦ ᠤᠯᠤᠰ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ

ᠲᠤᠷᠰᠢᠯᠲᠠ ᠶᠢᠨ ᠭᠠᠵᠠᠷ ᠣᠷᠣᠨ︾ ᠢᠶᠠᠷ ᠵᠢᠭᠰᠠᠭᠠᠭᠳᠠᠪᠠ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠢᠪᠳᠤᠯᠤᠯᠳᠠ ᠶᠢᠨ ᠲᠠᠶᠢᠨ ᠢ

ᠡᠷᠡᠰ ᠰᠠᠶᠢᠲᠤᠷ ᠬᠢᠵᠦ᠂ ︽ᠲᠦᠷᠪᠡᠨ ᠤᠰᠤ ᠶᠢ ᠬᠤᠯᠪᠣᠯᠳᠤᠭᠤᠯᠬᠤ︾ ᠤᠰᠤ ᠠᠷᠪᠢᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠤᠨ ᠪᠦᠲᠦᠭᠡᠵᠦ᠂ ︽

ᠬᠤᠳᠳᠤᠭ ᠨᠢᠬᠡᠪᠤᠷᠢ ᠳᠤ ᠬᠦᠰᠦᠨᠦᠭᠲᠦ ᠳᠣᠬᠢᠷᠠᠭᠤᠯᠤᠨ ᠳᠣᠭᠳᠠᠮᠠᠯ ᠢᠯᠡᠳᠬᠡᠮᠵᠢ ᠢᠶᠠᠷ ᠵᠢᠯᠤᠭᠤᠳᠴᠣ ᠳᠣᠭᠳᠠᠭᠰᠠᠨ ᠲᠠᠯᠠᠪᠠᠢ ᠲᠠᠢ ᠪᠠᠶᠢᠬᠤ︾ ᠶᠢ ᠤᠷᠢᠳᠠᠪᠠᠷ

ᠬᠡᠷᠡᠭᠵᠢᠭᠦᠯᠵᠦ᠂ ᠲᠠᠷᠢᠶᠠᠯᠠᠩ ᠤᠨ ᠬᠡᠷᠡᠭᠯᠡᠬᠦ ᠤᠰᠤ ᠶᠢ ᠨᠠᠷᠢᠯᠢᠭ ᠤᠨᠤᠪᠴᠢᠳᠠᠢ ᠪᠠᠷ ᠬᠡᠮᠵᠢᠬᠦ ᠶᠢ ᠪᠡᠶᠡᠯᠡᠭᠦᠯᠵᠦ᠂ 400 ᠲᠦᠮᠡᠨ ᠺᠦᠪ ᠮᠧᠲᠷ ᠤᠨ ᠤᠰᠤ

ᠠᠷᠪᠢᠯᠠᠬᠤ ᠴᠢᠳᠠᠮᠵᠢ ᠶᠢ ᠰᠢᠨ᠎ᠡ ᠪᠠᠷ ᠨᠡᠮᠡᠭᠳᠡᠭᠦᠯᠪᠡ᠃ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠠᠯᠠᠪᠠᠶ ᠶᠢ 12.2 ᠲᠦᠮᠡᠨ ᠮᠦ

ᠪᠡᠶᠡᠯᠡᠭᠦᠯᠵᠦ᠂ 441.63 ᠲᠣᠨ ᠬᠠᠶᠠᠭᠳᠠᠮᠠᠯ ᠪᠦᠷᠬᠦᠭᠦᠯ ᠢ ᠬᠤᠷᠢᠶᠠᠨ ᠠᠪᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ

ᠡᠷᠡᠰ ᠰᠠᠶᠢᠲᠤᠷ ᠬᠢᠵᠦ᠂ ᠠᠭᠠᠷ᠂ ᠤᠰᠤ᠂ ᠬᠥᠷᠥᠰᠥ ᠰᠢᠷᠣᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ ᠤ

ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠴᠡᠭᠴᠡᠯᠡᠨ ᠵᠠᠰᠠᠬᠤ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠣᠯᠠᠨ

ᠲᠦᠮᠡᠨ ᠤ ᠲᠤᠰᠬᠠᠭᠰᠠᠨ ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠯ ᠤᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃

         ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠨ᠂ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡ

ᠴᠣᠭᠴᠠᠵᠢᠭᠤᠯᠤᠨ ᠠᠬᠢᠭᠤᠯᠪᠠ᠃ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠡᠷᠡᠰ ᠭᠤᠶᠢᠪᠢᠰᠢ ᠦᠭᠡᠢ ᠳᠡᠭᠡᠭᠰᠢᠯᠡᠭᠦᠯᠵᠦ᠂ ᠷᠦᠨ

ᠹᠧᠩ ᠬᠠᠭᠤᠴᠢᠨ ᠰᠠᠭᠤᠭᠠᠯᠢ ᠳᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠤ

ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ

ᠲᠦᠪᠰᠢᠨ ᠢ ᠳᠡᠭᠡᠭᠰᠢᠯᠡᠭᠦᠯᠬᠦ ᠳᠤ ᠬᠦᠴᠦ ᠭᠠᠷᠭᠠᠨ᠂ 413 ᠮᠦ ᠭᠠᠵᠠᠷ ᠢ ᠰᠢᠨ᠎ᠡ ᠪᠠᠷ ᠨᠤᠭᠤᠭᠠᠷᠠᠭᠤᠯᠵᠦ᠂ 29.4 ᠺᠢᠯᠣᠮᠧᠲᠷ ᠡᠯ᠎ᠡ ᠲᠥᠷᠥᠯ ᠤᠨ

ᠬᠤᠭᠤᠯᠠᠢ ᠶᠢᠨ ᠲᠣᠣᠷ ᠢ ᠳᠡᠪᠢᠰᠪᠡ᠃ ᠲᠤᠩᠭᠠᠯᠠᠭ ᠦᠵᠡᠮᠦᠷᠢ ᠶᠢᠨ ᠭᠤᠣᠯ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ᠰᠤᠮᠤ ᠪᠠᠯᠭᠠᠰᠤᠨ ᠤ ᠬᠤᠭ ᠨᠣᠪᠰᠢ

ᠳᠠᠮᠵᠢᠭᠤᠯᠤᠨ ᠲᠡᠭᠡᠭᠡᠪᠦᠷᠢᠯᠡᠬᠦ 10 ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠥᠬᠦ ᠬᠤᠲᠠ ᠳᠤ ᠮᠠᠯᠵᠢᠬᠤ ᠲᠠᠷᠢᠶᠠᠯᠠᠬᠤ ᠣᠷᠣᠨ ᠤ 3130 ᠡᠷᠦᠬᠡ ᠶᠢᠨ

ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ

 ᠶᠢᠨ ᠳᠠᠬᠢᠨ ᠬᠢᠨᠠᠯᠲᠠ ᠶᠢ ᠥᠩᠭᠡᠷᠡᠭᠡᠪᠡ᠃ ᠤᠤᠭᠤᠬᠤ ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 327 ᠡᠷᠦᠬᠡ ᠶᠢᠨ

1226 ᠬᠥᠮᠥᠨ ᠳᠤ ᠠᠰᠢᠭ ᠬᠦᠷᠲᠡᠭᠡᠪᠡ᠃ ᠬᠤᠷᠭᠤ ᠵᠡᠷᠭᠡ ᠭᠤᠷᠪᠠᠨ ᠭᠠᠴᠠᠭᠠᠨ ᠤ ᠪᠠᠷᠢᠭᠠᠳᠠ ᠳᠤ ᠰᠦᠯᠵᠢᠶ᠎ᠡ ᠴᠠᠬᠢᠯᠭᠠᠨ ᠨᠡᠪᠲᠡᠷᠡᠭᠦᠯᠬᠦ ᠬᠠᠷᠠᠯᠲᠠ ᠶᠢ

ᠪᠠᠶᠠᠯᠠᠬᠦᠯᠤᠨ᠂ 50 ᠭᠠᠴᠠᠭ᠎ᠠ ᠲᠣᠰᠬᠤᠨ ᠤ ᠪᠠᠷᠢᠭᠠᠳᠠ ᠳᠤ ᠰᠦᠯᠵᠢᠶ᠎ᠡ ᠴᠠᠬᠢᠯᠭᠠᠨ ᠨᠡᠪᠲᠡᠷᠡᠭᠦᠯᠪᠡ᠃ 21 ᠴᠢᠮᠡᠭᠡ ᠨᠠᠪᠳᠡᠷᠡᠯᠬᠡ ᠶᠢᠨ ᠰᠤᠪᠤᠷᠭ᠎ᠠ ᠶᠢ ᠰᠢᠨ᠎ᠡ ᠪᠠᠷ

ᠪᠠᠶᠢᠭᠤᠯᠵᠤ᠂ ᠮᠠᠯᠵᠢᠬᠤ ᠣᠷᠣᠨ ᠤ ᠭᠤᠣᠯ ᠵᠠᠮ ᠳᠠᠭᠠᠤ ᠴᠢᠮᠡᠭᠡ ᠨᠠᠪᠳᠡᠷᠡᠯᠬᠡ ᠶᠢᠨ ᠳᠣᠬᠢᠶ᠎ᠠ ᠶᠢ ᠢᠯᠡᠳᠲᠡ ᠰᠠᠶᠢᠵᠢᠷᠠᠭᠤᠯᠵᠤ᠂ 1732 ᠡᠷᠦᠬᠡ ᠲᠠᠷᠠᠬᠠᠢ

ᠰᠠᠭᠤᠷᠢᠰᠢᠭᠰᠠᠨ ᠮᠠᠯᠴᠢᠳ ᠲᠤ ᠣᠶᠤᠨᠴᠢ ᠷᠠᠳᠢᠣ᠋ ᠲᠧᠯᠸᠢᠰ ᠤᠨ ᠦᠢᠯᠡᠴᠢᠯᠡᠭᠡ ᠶᠢ ᠬᠦᠷᠲᠡᠭᠡᠪᠡ᠃ ᠠᠷᠪᠠᠨ ᠲᠠᠪᠤᠨ ᠵᠢᠯ ᠤᠨ ᠳᠣᠷᠰᠢ ︽ᠳᠣᠷᠭᠤᠨ ᠬᠠᠶᠠᠭᠳᠠᠭᠰᠠᠨ

︾ ᠢᠨᠵᠧᠨᠧᠷᠢᠩ ᠤᠨ ᠬᠦᠬᠡᠦ᠌ᠨᠳᠦᠷ ᠠᠴᠠ ᠣᠤ ᠶᠢᠨ ᠭᠤᠤᠯ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠪᠥᠬᠦ ᠲᠠᠯ᠎ᠠ ᠪᠠᠷ ᠳᠠᠭᠤᠰᠬᠠᠵᠤ᠂ ᠮᠦᠷᠡᠨ ᠠᠴᠠ

ᠪᠠᠶᠠᠨᠨᠠᠭᠤᠷ ᠠᠯᠠᠱᠠ ᠶᠢᠨ ᠵᠠᠭᠠᠭ ᠬᠦᠷᠬᠦ ᠵᠠᠰᠠᠮᠠᠯ ᠵᠠᠮ ᠤᠨ ᠲᠣᠣᠷ ᠢ ᠰᠠᠶᠢᠵᠢᠷᠠᠭᠤᠯᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 174.

9 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠥᠬᠦ ᠣᠷᠣᠨ ᠤ ︽ᠳᠥᠷᠪᠡᠨ ᠰᠠᠶᠢᠨ ᠬᠥᠳᠡᠭᠡ

ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃

         ᠨᠢᠭᠡ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠪᠥᠬᠦ ᠬᠦᠴᠦᠨ ᠢᠶᠠᠷ ᠴᠢᠷᠮᠠᠶᠢᠵᠤ᠂ ᠠᠷᠠᠳ ᠤᠨ ᠠᠮᠢᠳᠤᠷᠠᠯ  ᠲᠠᠰᠤᠷᠠᠯᠲᠠ

ᠦᠭᠡᠢ ᠰᠠᠶᠢᠵᠢᠷᠠᠪᠠ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠦᠷᠭᠦᠯᠵᠢᠯᠡᠨ ᠥᠷᠭᠡᠳᠬᠡᠵᠦ᠂ ᠬᠦᠴᠢᠷᠳᠡᠯᠳᠠᠢ ᠤᠯᠠᠨ ᠲᠦᠮᠡᠨ ᠤ ᠦᠨᠳᠦᠰᠦᠨ ᠵᠦᠢᠯ ᠢ

ᠪᠠᠲᠤᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠯᠥᠰᠦᠨ ᠠᠵᠢᠯᠴᠢᠨ ᠤ ᠴᠠᠯᠢᠩ ᠢ ᠪᠦᠲᠦᠮᠵᠢᠲᠡᠶ ᠪᠠᠷ ᠪᠠᠲᠤᠯᠠᠵᠤ᠂ ᠲᠡᠭ ᠠᠵᠢᠯ

ᠤᠯᠭᠤᠯᠳᠠ ᠲᠠᠢ ᠭᠡᠷ ᠪᠦᠯᠢ ᠶᠢ ᠠᠭᠠᠵᠢᠮ ᠢᠶᠠᠷ ᠦᠭᠡᠶᠢᠰᠭᠡᠵᠦ᠂ ᠬᠤᠲᠠ ᠪᠠᠯᠭᠠᠰᠤᠨ ᠳᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.1% ᠶᠢᠨ

ᠳᠣᠲᠣᠷ᠎ᠠ ᠬᠢᠵᠠᠭᠠᠷᠯᠠᠪᠠ᠃5600 ᠡᠯ᠎ᠡ ᠲᠦᠷᠤᠯ ᠤᠨ ᠪᠡᠯᠡ ᠮᠦᠩᠬᠦ ᠶᠢ ᠨᠡᠶᠢᠯᠡᠬᠦᠯᠤᠨ᠂ 3 ᠳ᠋ᠦᠩᠰᠢᠭᠤᠷ ᠲᠦᠬᠦᠷᠢᠭ ᠤᠨ ᠳᠠᠯᠳᠠ ᠬᠦᠤ ᠮᠦᠩᠬᠦ ᠲᠠᠢ ᠵᠢᠬᠡᠯᠡᠯᠬᠡ

 ᠶᠢ ᠭᠠᠩ ᠬᠠᠭᠰᠠᠷᠭᠠᠨ ᠲᠠᠢ ᠳᠡᠮᠡᠴᠡᠬᠦ ᠠᠵᠢᠯ ᠳᠤ ᠵᠠᠷᠣᠴᠠᠭᠤᠯᠪᠠ᠃ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠨᠠᠢᠮᠠᠨ ᠠᠷᠭ᠎ᠠ︾ ᠶᠢ

ᠨᠡᠶᠢᠲᠡᠯᠡᠨ ᠬᠡᠷᠡᠭᠵᠢᠭᠦᠯᠵᠦ᠂ ᠥᠨᠳᠥᠷ ᠴᠠᠯᠢᠩ ᠢᠶᠠᠷ 9 ︽ᠬᠤᠣᠰ ᠲᠡᠷᠢᠭᠦᠨ ᠲᠠᠰ︾ ᠰᠢᠯᠢᠳᠡᠭ ᠵᠢᠩᠬᠢᠨᠢ ᠠᠩᠬᠢ ᠪᠠ ᠮᠠᠰᠲ᠋ᠧᠷ ᠲᠡᠭᠦᠰᠦᠭᠰᠡᠨ ᠰᠣᠷᠣᠭᠴᠢ ᠶᠢ

ᠡᠯᠰᠡᠵᠦ᠂ 8 ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢ ᠣᠷᠣᠭᠤᠯᠤᠨ ᠠᠪᠴᠢᠷᠠᠵᠤ᠂ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠪᠠ

ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠠᠵᠢᠯ ᠢ ᠤᠷᠤᠭᠰᠢᠲᠠᠢ ᠳᠠᠭᠤᠰᠬᠠᠵᠤ᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠨᠡᠶᠢᠭᠡᠮ ᠤᠨ

ᠦᠢᠯᠡᠳᠦᠯᠭᠡ ᠶᠢᠨ ᠰᠠᠭᠤᠷᠢᠨ ᠭᠠᠵᠠᠷ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ︽ᠬᠤᠪᠢᠰᠬᠠᠯ ᠤᠨ ᠲᠦᠯᠦ — ᠵᠤᠯᠵᠠᠭ᠎ᠠ ᠮᠤᠳᠤ︾ ᠵᠠᠯᠭᠠᠭ᠎ᠠ ᠪᠠᠷ

ᠪᠠᠶᠢᠭᠤᠯᠤᠭᠳᠠᠵᠤ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂

ᠰᠣᠷᠣᠭᠴᠢ ᠶᠢᠨ ᠢᠷᠡᠯᠲᠡ ᠮᠡᠳᠡᠭᠳᠡᠮ᠎ᠡ ᠳᠡᠭᠡᠭᠰᠢᠯᠡᠪᠡ᠃ ᠡᠮᠴᠢᠯᠡᠭᠡᠨ ᠤ ᠶᠡᠷᠦᠩᠬᠡᠶᠢᠯᠡᠭᠰᠡᠨ ᠲᠣᠭᠤᠷᠢᠭ ᠢ ᠪᠥᠬᠦ ᠲᠠᠯ᠎ᠠ ᠪᠠᠷ ᠪᠠᠶᠢᠭᠤᠯᠵᠦ᠂ ᠨᠢᠭᠲᠠ ᠬᠡᠯᠪᠡᠷᠢ ᠶᠢᠨ

ᠰᠢᠶᠠᠨ ᠢ ᠡᠮᠴᠢᠯᠡᠭᠡᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠨᠡᠯᠬᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠦᠨ᠂ ᠮᠣᠩᠭᠤᠯ ᠡᠮᠨᠡᠯᠭᠡ ᠶᠢᠨ ᠬᠤᠷᠢᠶ᠎ᠠ 5 ᠭᠤᠷᠪᠠᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠲᠠᠢ ᠡᠮᠨᠡᠯᠬᠡ ᠶᠢᠨ ᠬᠤᠯᠪᠣᠭᠠᠲᠤ ᠴᠣᠭᠴᠠ ᠶᠢ

ᠪᠦᠷᠢᠯᠳᠦᠭᠦᠯᠵᠦ᠂ ᠤᠯᠤᠰ ᠤᠨ ᠬᠢᠳᠠᠳ ᠡᠮᠨᠡᠯᠭᠡ ᠶᠢᠨ ᠤᠬᠠᠭᠠᠨ ᠤ ᠡᠷᠳᠡᠮᠲᠡᠨ ᠤᠯᠠᠭᠠᠨ ᠤ ᠠᠵᠢᠯ ᠤᠨ ᠥᠷᠲᠡᠭᠡ ᠵᠡᠷᠭᠡ 3 ᠤᠯᠠᠮᠵᠢᠯᠠᠨ ᠵᠠᠯᠭᠠᠮᠵᠢᠯᠠᠬᠤ

ᠠᠵᠢᠯ ᠤᠨ ᠥᠷᠲᠡᠭᠡᠨ ᠤ ᠫᠠᠶᠢᠰᠠ ᠶᠢ ᠡᠯᠭᠦᠪᠡ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠥᠬᠦᠭᠡᠷᠦᠮᠵᠢ ᠶᠢ ᠪᠠᠶᠢᠭᠤᠯᠤᠨ ᠠᠰᠢᠭᠯᠠᠯᠲᠠ ᠳᠤ

ᠣᠷᠣᠭᠤᠯᠵᠤ᠂ ᠣᠷᠣᠰᠢᠭᠤᠯᠭ᠎ᠠ ᠶᠢᠨ ᠭᠠᠵᠠᠷ᠂ ᠴᠢᠨᠳᠠᠷ ᠤᠨ ᠲᠠᠩᠬᠢᠮ ᠢ ᠪᠠᠶᠢᠭᠤᠯᠵᠤ ᠳᠠᠭᠤᠰᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ

 ᠶᠢ ᠡᠭᠦᠳᠦᠨ ᠪᠠᠶᠢᠭᠤᠯᠬᠤ ︽ᠨᠠᠢᠮᠠ + ᠳᠤ ᠭᠦᠨᠵᠡᠭᠡᠶᠢᠷᠡᠬᠦ︾ ᠬᠦᠳᠡᠯᠭᠡᠭᠡᠨ ᠶᠢ ᠬᠦᠨᠵᠡᠭᠡᠢ ᠳᠠᠭᠠᠭᠠᠮᠠᠭᠠᠢ ᠠᠬᠢᠭᠤᠯᠵᠤ᠂ 76 ᠡᠯ᠎ᠡ ᠱᠠᠲᠤᠨ ᠤ ᠵᠢᠱᠢᠶ᠎ᠡ

ᠦᠵᠡᠭᠦᠯᠬᠦ ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ︽1+3+5︾ ᠵᠡᠷᠭᠡ ᠲᠤᠰᠬᠠᠢ ᠴᠡᠭᠴᠡᠯᠡᠨ ᠵᠠᠰᠠᠬᠤ

ᠠᠵᠢᠯᠯᠠᠭ᠎ᠠ ᠶᠢ ᠬᠦᠴᠦᠲᠡᠢ ᠲᠦᠯᠬᠢᠨ ᠠᠬᠢᠭᠤᠯᠵᠤ᠂ ᠡ᠊ᠨᠳᠡᠯ ᠭᠠᠷᠤᠭᠰᠠᠨ ᠲᠤᠭ᠎ᠠ ᠪᠠ ᠠᠳᠡᠭᠳᠡᠭᠰᠡᠳ ᠤᠨ ᠲᠤᠭ᠎ᠠ ᠶᠢ ᠲᠤᠰ ᠲᠤᠰ 50% ᠪᠠ 60% ᠪᠠᠷ

ᠪᠠᠭᠤᠷᠠᠭᠤᠯᠪᠠ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ ᠲᠦᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠮ

ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠨᠡᠶᠢᠭᠡᠮ ᠤᠨ ᠠᠮᠤᠷ ᠲᠦᠪᠰᠢᠨ᠂ ᠵᠠᠬᠢᠳᠠᠯ

ᠰᠣᠷᠪᠤᠯᠵᠢᠯᠠᠯ ᠤᠨ ᠲᠤᠭᠳᠠᠭᠤᠨ ᠢ ᠬᠠᠮᠠᠭᠠᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂

ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯᠳᠤ ᠲᠣᠭᠲᠠᠭᠤᠨ ᠪᠠᠶᠢᠳᠠᠯ ᠢ ᠪᠠᠲᠤᠯᠠᠪᠠ᠃

         ᠨᠢᠭᠡ ᠵᠢᠯ ᠤᠨ ᠲᠤᠷᠰᠢ᠂ ᠪᠢᠳᠡ ᠡᠭᠦᠷᠭᠡᠯᠡᠨ ᠠᠵᠢᠯᠯᠠᠵᠤ᠂ ᠪᠣᠳᠠᠲᠠᠢ ᠠᠵᠢᠯᠯᠠᠬᠤ ᠶᠢ ᠡᠷᠬᠢᠮᠯᠡᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ

ᠲᠠᠯ᠎ᠠ ᠪᠠᠷ ᠴᠢᠩᠭᠠᠳᠬᠠᠪᠠ᠃ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ᠂ ︽ᠬᠤᠶᠠᠷ ᠢ ᠪᠠᠳᠤᠯᠠᠬᠤ︾ ᠶᠢᠨ ᠰᠢᠢᠳᠪᠦᠷᠢᠯᠡᠬᠦ ᠴᠢᠨᠠᠷᠲᠠᠢ

ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠪᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ

ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠪᠠ᠃ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾

ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽ᠨᠠᠢᠮᠠᠳᠤᠭᠠᠷ ᠲᠠᠪᠤᠨ

ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ

ᠵᠢᠱᠢᠶ᠎ᠡ ᠦᠵᠡᠭᠦᠯᠬᠦ ᠬᠤᠰᠢᠭᠤ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠢᠯᠡ ᠲᠣᠳᠣ ᠵᠠᠰᠠᠭ ᠤᠨ ᠶᠠᠪᠤᠳᠠᠯ ᠢ ᠶᠡᠬᠡᠪᠡᠷ ᠬᠡᠷᠡᠭᠵᠢᠭᠦᠯᠵᠦ᠂ ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 100% ᠪᠠᠷ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠭᠤᠯᠵᠤ ᠰᠠᠭᠤᠯᠭᠠᠨ᠂ 1553 ᠵᠠᠰᠠᠭ ᠤᠨ

ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠭᠠᠷᠠᠭ ᠤᠨ ᠰᠡᠭᠦᠯᠴᠢ ᠡᠭᠦᠳᠡ ᠪᠠᠨ ᠬᠠᠭᠠᠬᠤ ᠦᠭᠡᠢ︾ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠡᠬᠢ

ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠣᠷᠣᠭᠤᠯᠬᠤ ᠵᠤᠬᠢᠰᠳᠠᠢ ᠶᠢ ᠡᠷᠭᠡᠪᠰᠢ ᠤᠷᠤᠭᠤᠯᠪᠠ᠃ 68 ᠬᠤᠪᠢ ᠠᠷᠠᠳ ᠤᠨ ᠲᠦᠯᠦᠭᠡᠯᠡᠭᠴᠢᠳ ᠤᠨ ᠶᠡᠭᠡ

ᠬᠤᠷᠠᠯ ᠤᠨ ᠲᠦᠯᠦᠭᠡᠯᠡᠭᠴᠢᠳ ᠤᠨ ᠰᠠᠨᠠᠯ ᠵᠥᠪᠯᠡᠯᠭᠡ᠂ 79 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ᠂

ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠨᠢ 100% ᠳᠤ ᠬᠦᠷᠪᠡ᠃

       ᠲᠥᠯᠥᠭᠡᠯᠡᠭᠴᠢᠳ ᠠ᠋︕ ᠦᠨᠦ ᠵᠢᠯ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠᠷ ᠪᠥᠬᠦ ᠲᠠᠯ᠎ᠠ ᠶᠢ ᠡᠵᠡᠮᠳᠡᠨ᠂ ᠡᠷᠡᠯᠬᠡᠭᠯᠡᠨ

ᠤᠷᠤᠭᠰᠢᠯᠠᠬᠤ ᠬᠠᠷᠠᠯᠲᠠ ᠪᠠ ᠴᠢᠭᠯᠡᠯ ᠢ ᠵᠢᠭᠠᠨ ᠵᠢᠯᠣᠭᠤᠳᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠦᠷᠦ ᠶᠢᠨ ᠵᠥᠪᠯᠡᠯᠭᠡᠨ

ᠪᠦᠲᠦᠮᠵᠢᠲᠡᠶ ᠪᠠᠷ ᠬᠢᠨᠠᠯᠲᠠ ᠲᠠᠯᠪᠢᠵᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠵᠦ᠂ ᠬᠦᠴᠦᠷᠬᠡᠭ ᠶᠡᠭᠡ ᠤᠶᠤᠨ ᠤᠬᠠᠭᠠᠨ ᠤ

ᠳᠡᠮᠵᠢᠯᠭᠡ ᠬᠠᠩᠭᠠᠪᠠ︔ ᠪᠦᠬᠦ ᠺᠠᠳ᠋ᠷᠴᠤᠳ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠦᠨᠡᠨᠴᠢ ᠰᠢᠳᠤᠷᠭᠤ ᠪᠠᠷ ᠠᠵᠢᠯᠯᠠᠬᠤ ᠳᠠᠭᠠᠨ ᠬᠤᠶᠢᠷᠭᠤᠰᠢᠬᠤ

ᠦᠭᠡᠢ ᠪᠠᠶᠢᠵᠤ᠂ ᠬᠢᠵᠠᠭᠠᠯᠠᠰᠢ ᠦᠭᠡᠢ ᠦᠨᠡᠨᠴᠢ ᠰᠢᠳᠤᠷᠭᠤ ᠬᠠᠷᠢᠭᠤᠴᠠᠯᠭ᠎ᠠ ᠶᠢ ᠬᠠᠷᠠᠭᠤᠯᠵᠤ ᠴᠢᠳᠠᠭᠰᠠᠨ ᠪᠠᠶᠢᠨ᠎ᠠ᠃ ᠪᠥᠬᠦ ᠬᠤᠰᠢᠭᠤᠨ ᠤ ᠠᠷᠠᠳ ᠲᠦᠮᠡᠨ

ᠰᠡᠳᠬᠢᠯ ᠨᠢᠭᠡᠳᠦᠨ᠂ ᠵᠣᠷᠢᠭᠲᠠᠢ ᠪᠠᠷ ᠤᠷᠤᠭᠰᠢᠯᠠᠵᠤ᠂ ᠬᠢᠵᠠᠭᠠᠯᠠᠰᠢ ᠦᠭᠡᠢ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠪᠠ︔ ᠡᠯ᠎ᠡ ᠡᠲᠡᠭᠡᠳ ᠤᠨ ᠬᠥᠮᠥᠰ

ᠶᠡᠭᠡ ᠲᠠᠯ᠎ᠠ ᠶᠢ ᠬᠠᠷᠠᠭᠠᠯᠵᠠᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠢᠵᠠᠭᠠᠯᠠᠰᠢ ᠦᠭᠡᠢ ᠬᠠᠶᠢᠷ᠎ᠠ ᠬᠠᠯᠠᠮᠵᠢ ᠪᠠᠨ ᠵᠣᠷᠢᠭᠤᠯᠤᠭᠰᠠᠨ ᠪᠠᠶᠢᠨ᠎ᠠ᠃

ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠭᠦ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ

ᠭᠡᠰᠢᠭᠦᠤᠨ᠂ ᠤᠷᠠᠳ ᠤᠨ ᠬᠤᠶᠢᠲᠤ ᠬᠤᠰᠢᠭᠤᠨ ᠤ ᠪᠦᠳᠦᠭᠡᠨ ᠪᠠᠶᠢᠭᠤᠯᠤᠯᠲᠠ ᠪᠠ ᠬᠦᠭᠵᠢᠯᠳᠡ ᠶᠢ ᠬᠠᠯᠠᠮᠵᠢᠯᠠᠨ ᠲᠠᠮᠵᠢᠵᠤ ᠪᠠᠶᠢᠭ᠎ᠠ ᠪᠤᠢ ᠪᠦᠬᠦᠢ ᠨᠠᠶᠢᠵᠠ ᠨᠠᠷ ᠲᠤ

ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃

        ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠬᠦᠴᠢᠷᠳᠡᠯ ᠪᠠ ᠠᠰᠠᠭᠤᠳᠠᠯ

ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠵᠠᠢ᠂ ᠡᠭᠦᠨ ᠳᠤ ᠭᠤᠣᠯᠳᠠᠭᠤ᠄ ᠨᠢᠭᠡ ᠳᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ

ᠪᠠᠳᠠᠷᠠᠭᠤᠯᠤᠭᠰᠠᠨ ᠦᠭᠡᠢ᠂ ᠪᠣᠬᠢᠷᠲᠤᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠪᠠᠷ ᠪᠠᠭᠤᠷᠠᠢ ᠪᠠᠶᠢᠵᠤ᠂ ᠤᠯᠠᠮᠵᠢᠯᠠᠯᠲᠤ ᠠᠵᠤ

ᠦᠢᠯᠡᠰ ᠯᠦᠭᠡ ᠪᠦᠲᠦᠮᠵᠢᠲᠡᠶ ᠵᠣᠯᠭᠠᠯᠳᠤᠭᠰᠠᠨ ᠦᠭᠡᠢ᠃ ᠵᠠᠷᠢᠮ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠳᠠᠷᠤᠯᠲᠠ ᠨᠡᠯᠢᠶᠡᠳ

ᠶᠡᠭᠡ ᠪᠠᠶᠢᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠡᠯ ᠤᠨ ᠨᠥᠯᠥᠭᠡ ᠠᠴᠠ ᠪᠣᠯᠵᠤ᠂ ᠵᠠᠷᠢᠮ ᠠᠵᠤ ᠠᠬᠤᠶᠢᠯᠠᠯ ᠤᠨ ᠠᠰᠢᠭ ᠬᠤᠨᠵᠢᠪᠤᠷᠢ

ᠪᠠᠭᠤᠷᠠᠵᠤ᠂ ᠦᠢᠯᠡᠳᠪᠦᠷᠢᠯᠡᠬᠦ ᠴᠢᠳᠠᠪᠤᠷᠢ ᠪᠠᠨ ᠪᠠᠳᠠᠷᠠᠭᠤᠯᠵᠤ ᠴᠢᠳᠠᠭᠰᠠᠨ ᠦᠭᠡᠢ ᠪᠠᠶᠢᠨ᠎ᠠ᠃ ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠮᠥᠨ ᠯᠡ

ᠬᠡᠪᠡᠷᠡᠭ ᠪᠠᠶᠢᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ ᠮᠦᠨ ᠬᠦ ᠬᠦᠨᠳᠦ ᠪᠠᠶᠢᠨ᠎ᠠ᠃ ᠭᠤᠷᠪᠠ ᠳᠤ᠂ ᠰᠤᠷᠭᠠᠨ ᠬᠥᠮᠦᠵᠢᠯ᠂ ᠡᠮ ᠡᠮᠨᠡᠯᠭᠡ᠂

ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠳᠤ ᠪᠠᠰᠠ ᠲᠤᠳᠠᠭᠳᠠᠯ ᠪᠠ ᠪᠠᠭᠤᠷᠠᠢ ᠳᠠᠯ᠎ᠠ ᠣᠷᠣᠰᠢᠵᠤ᠂ ᠮᠥᠨ ᠬᠦ ᠠᠷᠠᠳ ᠤᠨ

ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠵᠢᠷᠭᠠᠯᠲᠤ ᠠᠮᠢᠳᠤᠷᠠᠯ ᠢ ᠪᠠᠳᠤᠵᠢᠭᠤᠯᠤᠨ᠎ᠠ᠃ ᠲᠦᠷᠪᠡ ᠳᠤ᠂ ᠤᠨᠴᠠᠭᠠᠢ ᠵᠠᠷᠢᠮ

ᠺᠠᠳ᠋ᠷ ᠲᠤ ᠪᠤᠳᠠᠳᠠᠢ ᠶᠢ ᠠᠳᠬᠤᠬᠤ ᠶᠠᠪᠤᠴᠠ ᠲᠤᠮᠳᠠ ᠪᠠᠰᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠵᠢᠯ ᠤᠨ ᠰᠤᠷᠲᠠᠯ ᠲᠠᠢ ᠪᠠᠶᠢᠵᠤ᠂ ᠴᠢᠨᠠᠷ ᠰᠠᠶᠢᠲᠠᠢ

ᠬᠥᠭᠵᠢᠯᠲᠡ ᠶᠢᠨ ᠪᠠᠶᠢᠳᠠᠯ ᠲᠠᠢ ᠵᠣᠬᠢᠴᠠᠬᠤ ᠦᠭᠡᠢ ᠪᠠᠶᠢᠨ᠎ᠠ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷ

ᠠᠰᠠᠭᠤᠳᠠᠯ ᠢ ᠰᠢᠢᠳᠪᠤᠷᠢᠯᠡᠬᠦ ᠰᠡᠳᠬᠢᠬᠦᠢ ᠶᠢ ᠪᠤᠢ ᠪᠣᠯᠭᠠᠵᠤ᠂ ᠵᠣᠷᠢᠭᠲᠠᠢ ᠪᠠᠷ ᠴᠢᠷᠮᠠᠶᠢᠨ ᠠᠵᠢᠯᠯᠠᠵᠤ᠂ ᠨᠢᠭᠡ  ᠨᠢᠬᠡᠳ ᠢᠶᠠᠷ ᠰᠢᠢᠳᠪᠦᠷᠢᠯᠡᠵᠦ᠂ ᠪᠥᠬᠦ

ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ︕

          ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ

       2024 ᠣᠨ ᠪᠣᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠮᠥᠨᠴᠦ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠳᠤᠮᠳᠠᠳᠤ

ᠤᠯᠤᠰ ᠤᠨ ᠣᠨᠴᠠᠯᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠰᠢᠪᠳᠤᠯᠤᠯᠳᠠ ᠶᠢᠨ ᠵᠢᠯ ᠪᠣᠯᠣᠨ᠎ᠠ᠃

ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂

ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂

ᠥᠴᠥᠬᠡᠨ ᠴᠦ ᠭᠤᠶᠢᠪᠢᠰᠢ ᠦᠭᠡᠢ ᠪᠠᠷ ᠪᠠᠲᠤ ᠪᠠᠬᠢ ᠪᠤᠶ ᠪᠣᠯᠭᠠᠵᠤ᠂ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ

ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠵᠤ᠂

ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠳᠠᠪᠠᠨ ᠭᠠᠷᠴᠦ᠂ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ

ᠬᠦᠴᠦᠷᠬᠡᠭᠵᠢᠭᠦᠯᠵᠦ᠂ ᠲᠥᠷᠥᠯ ᠵᠦᠢᠯ ᠢ ᠠᠳᠬᠤᠨ᠂ ᠠᠵᠤ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ

ᠠᠬᠢᠭᠤᠯᠵᠤ᠂ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠳᠤᠮᠳᠠ ᠤᠷᠤᠰᠬᠠᠯ ᠳᠤ ᠪᠥᠬᠦ ᠬᠦᠴᠦᠨ ᠢᠶᠠᠷ ᠢᠶᠠᠨ ᠭᠠᠪᠰᠢᠭᠠᠶᠢᠯᠠᠨ

ᠣᠷᠣᠵᠤ᠂ ︽ᠰᠢᠨ᠎ᠡ ᠬᠤᠶᠢᠲᠤ ᠬᠤᠰᠢᠭᠤ︾ ᠶᠢ ᠪᠠᠶᠢᠭᠤᠯᠤᠨ᠂ ᠳᠤᠮᠳᠠᠳᠤ ᠤᠯᠤᠰ ᠤᠨ ᠣᠨᠴᠠᠯᠢᠭ ᠤᠨ ᠣᠳᠣᠬᠢᠴᠢᠯᠠᠭᠰᠠᠨ ᠤᠷᠠᠳ ᠤᠨ ᠬᠤᠶᠢᠲᠤ ᠬᠤᠰᠢᠭᠤᠨ ᠤ

ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃

        ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠨᠢ

6% ᠠᠴᠠ ᠳᠡᠭᠡᠭᠰᠢ ᠨᠡᠮᠡᠭᠳᠡᠭᠦᠯᠦᠨ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠭᠡᠪᠴᠢᠶᠡᠵᠢᠯ ᠠᠴᠠ

ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ

ᠬᠤᠳᠠᠯᠳᠤᠬᠤ ᠶᠡᠷᠦᠩᠬᠡᠢ ᠲᠤᠭ᠎ᠠ ᠶᠢ 6% ᠠᠴᠠ ᠳᠡᠭᠡᠭᠰᠢ ᠨᠡᠮᠡᠭᠳᠡᠭᠦᠯᠦᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ

ᠪᠣᠯᠬᠤ ᠣᠷᠣᠯᠭ᠎ᠠ ᠶᠢ ᠲᠤᠰ ᠲᠤᠰ 6.5% ᠪᠠ 8.5% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 80

ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠴᠢᠷᠮᠠᠶᠢᠨ᠎ᠠ᠃

         ᠳᠡᠭᠡᠷ᠎ᠡ ᠶᠠᠷᠢᠭᠰᠠᠨ ᠬᠠᠷᠠᠯᠳᠠ ᠶᠢᠨ ᠲᠤᠭᠤᠷᠢᠨ ᠳᠤ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄

        ︵ᠨᠢᠭᠡ︶ ᠭᠤᠣᠯᠳᠠᠯᠭ᠎ᠠ ᠲᠠᠢ ᠲᠥᠷᠥᠯ ᠵᠦᠢᠯ ᠢᠶᠠᠷ ᠬᠥᠲᠥᠯᠥᠮᠵᠢ ᠪᠣᠯᠭᠠᠵᠤ᠂ ᠭᠠᠪᠰᠢᠭᠠᠶᠢᠯᠠᠨ ᠴᠢᠷᠮᠠᠶᠢᠵᠤ ᠰᠢᠨ᠎ᠡ ᠬᠢᠷᠢ ᠲᠦᠪᠰᠢᠨ ᠳᠤ ᠣᠷᠣᠬᠤ ᠪᠠᠷ

ᠴᠢᠷᠮᠠᠶᠢᠨ᠎ᠠ᠃ ︽ᠲᠥᠷᠥᠯ ᠵᠦᠢᠯ ᠢᠶᠠᠷ ᠭᠤᠣᠯ ᠪᠣᠯᠭᠠᠵᠤ᠂ ᠣᠷᠴᠢᠨ ᠲᠣᠭᠤᠷᠢᠨ ᠴᠢᠬᠤᠯᠠ ᠠᠴᠠ ᠴᠢᠬᠤᠯᠠ︾ ᠬᠥᠭᠵᠢᠯᠲᠡ ᠶᠢᠨ ᠦᠵᠡᠯᠳᠡ ᠶᠢ ᠢᠮᠠᠭᠲᠠ

ᠪᠠᠷᠢᠮᠲᠠᠯᠠᠵᠤ᠂ ᠠᠯᠢᠪᠠ ᠠᠰᠢᠭᠯᠠᠵᠤ ᠪᠣᠯᠬᠤ ᠡᠬᠢ ᠪᠠᠶᠠᠯᠢᠭ ᠢ ᠠᠰᠢᠭᠯᠠᠨ᠂ ᠠᠯᠢᠪᠠ ᠠᠪᠴᠤ ᠪᠣᠯᠬᠤ ᠠᠷᠭ᠎ᠠ ᠬᠡᠮᠵᠢᠶ᠎ᠡ ᠶᠢ ᠠᠪᠴᠤ᠂ ᠪᠥᠬᠦ ᠬᠤᠰᠢᠭᠤᠨ ᠤ

ᠬᠦᠴᠦᠨ ᠢ ᠪᠠᠳᠠᠷᠠᠭᠤᠯᠤᠨ᠂ ᠲᠥᠷᠥᠯ ᠵᠦᠢᠯ ᠢ ᠪᠣᠳᠠᠲᠠᠶᠢᠵᠢᠭᠤᠯᠤᠨ ᠳᠡᠯᠭᠡᠷᠡᠭᠦᠯᠬᠦ ᠶᠢ ᠠᠬᠢᠭᠤᠯᠤᠨ᠎ᠠ᠃

        ᠨᠢᠭᠡᠳᠦᠭᠡᠷ ᠨᠣᠮᠧᠷᠲᠤ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠨ᠎ᠠ᠃ ᠬᠥᠭᠵᠢᠯᠲᠡ ᠳᠤ ᠲᠥᠷᠥᠯ ᠵᠦᠢᠯ

ᠬᠡᠷᠡᠭᠴᠡᠭᠡ ᠲᠠᠢ᠂ ᠲᠥᠷᠥᠯ ᠵᠦᠢᠯ ᠳᠤ ᠲᠣᠯᠣᠭᠠᠶᠢᠯᠠᠭᠴᠢ ᠬᠡᠷᠡᠭᠲᠡᠢ᠂ 2024 ᠣᠨ ᠳᠤ ᠤᠯᠠᠨ ᠤᠯᠤᠰ ᠤᠨ ᠲᠠᠷᠢᠶᠠᠯᠠᠩ ᠠᠵᠤ ᠠᠬᠤᠢ ᠶᠢᠨ ᠦᠵᠡᠰᠬᠦᠯᠡᠩ ᠤᠨ

ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ︽ᠲᠠᠷᠢᠶᠠᠯᠠᠩ ᠠᠵᠤ ᠠᠬᠤᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠴᠤᠭ᠋ᠦ᠌ᠨᠳᠦᠷ ᠤᠨ ᠲᠡᠮᠡᠭᠡ ᠨᠠᠶᠢᠳᠠᠨ

ᠦᠷᠡᠵᠢᠭᠦᠯᠬᠦ ᠭᠠᠵᠠᠷ ᠤᠨ ︽ᠬᠦᠳᠡᠭᠡ ᠠᠵᠤ ᠠᠬᠤᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠨᠠᠷᠠᠨ ᠭᠤᠤ ᠶᠢᠨ 120 ᠲᠦᠮᠡᠨ ᠺᠢᠯᠣᠸᠠᠲ ᠤᠨ ᠤᠰᠤ

ᠲᠠᠲᠠᠵᠤ ᠡᠨᠧᠷᠭᠢ ᠬᠠᠳᠠᠭᠠᠯᠠᠬᠤ ︽ᠠᠵᠤ ᠦᠢᠯᠡᠳᠪᠦᠷᠢ ᠶᠢᠨ ᠨᠢᠭᠡᠳᠦᠭᠡᠷ ᠨᠣᠮᠧᠷᠲᠤ ᠢᠨᠵᠧᠨᠧᠷᠢᠩ︾᠂ ᠬᠠᠯᠠᠭᠤᠨ ᠷᠠᠰᠢᠶᠠᠨ ᠪᠠᠯᠭᠠᠰᠤᠨ ᠤ ︽ᠰᠣᠶᠣᠯ

ᠵᠢᠭᠤᠯᠴᠢᠯᠠᠯ ᠤᠨ ᠨᠢᠭᠡᠳᠦᠭᠡᠷ ᠨᠣᠮᠧᠷᠲᠤ ᠢᠨᠵᠧᠨᠧᠷᠢᠩ︾᠂ ᠣᠰᠣᠨ ᠤ ᠡᠬᠢ ᠪᠠᠶᠠᠯᠢᠭ ᠢ ᠶᠠᠷᠣᠩᠬᠡᠶᠢᠯᠡᠨ ᠠᠰᠢᠭᠯᠠᠬᠤ ᠲᠦᠷᠤᠯ ᠵᠦᠢᠯ ᠤᠨ ︽ᠣᠰᠣᠨ

ᠠᠰᠢᠭᠯᠠᠯᠳᠠ ᠶᠢᠨ ᠨᠢᠬᠡᠳᠣᠬᠡᠷ ᠨᠤᠮᠧᠷᠳᠣ ᠢᠨᠵᠧᠨᠧᠷᠢᠩ︾᠂ ᠵᠠᠭᠤᠨ ᠲᠦᠮᠡᠨ ᠮᠤ᠋ ᠡᠯᠡᠰᠣ ᠶᠢ ᠰᠡᠷᠬᠡᠶᠢᠯᠡᠨ ᠵᠠᠰᠠᠬᠤ ᠵᠢᠱᠢᠶ᠎ᠡ ᠦᠵᠡᠬᠦᠯᠬᠦ ᠣᠷᠣᠨ ᠤ ︽ᠠᠮᠢ ᠠᠬᠤᠢ

 ᠶᠢᠨ ᠨᠢᠬᠡᠳᠣᠬᠡᠷ ᠨᠤᠮᠧᠷᠳᠣ ᠢᠨᠵᠧᠨᠧᠷᠢᠩ︾᠂ ᠳᠣᠯᠠᠭᠠᠯᠠᠬᠤ ᠢᠨᠵᠧᠨᠧᠷᠢᠩ ᠤᠨ ︽ᠬᠤᠳᠠ ᠶᠢᠨ ᠪᠦᠳᠣᠬᠡᠨ ᠪᠠᠶᠢᠭᠤᠯᠤᠯᠳᠠ ᠶᠢᠨ ᠨᠢᠬᠡᠳᠣᠬᠡᠷ ᠨᠤᠮᠧᠷᠳᠣ

ᠢᠨᠵᠧᠨᠧᠷᠢᠩ︾ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠦ᠂ ᠨᠢᠭᠡ ᠪᠦᠯᠦᠭ ᠲᠦᠯᠦᠬᠡᠯᠡᠬᠦ ᠴᠢᠨᠠᠷᠲᠠᠢ ᠦᠷ᠎ᠡ ᠪᠦᠳᠣᠮᠵᠢ ᠣᠯᠬᠤ ᠶᠢ ᠪᠠᠲᠤᠯᠠᠵᠤ᠂

ᠳᠣᠯᠣᠭᠠᠨ ︽ᠨᠢᠭᠡᠳᠦᠭᠡᠷ ᠢᠨᠵᠧᠨᠧᠷᠢᠩ︾ ᠤᠨ ᠬᠡᠷᠡᠭᠵᠢᠭᠦᠯᠦᠯᠲᠡ ᠪᠠᠷ ᠪᠥᠬᠦ ᠬᠤᠰᠢᠭᠤᠨ ᠤ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ

ᠦᠷ᠎ᠡ ᠪᠦᠲᠦᠮᠵᠢ ᠣᠯᠬᠤ ᠶᠢ ᠳᠠᠶᠢᠴᠢᠯᠠᠵᠤ᠂ ᠲᠥᠷᠥᠯ ᠵᠦᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ

ᠭᠦᠢᠴᠡᠳ ᠪᠠᠳᠠᠷᠠᠭᠤᠯᠤᠨ᠎ᠠ᠃

         ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠰᠦᠪᠡᠭᠴᠢᠯᠡᠨ᠎ᠡ᠃ ᠤᠯᠤᠰ ᠤᠨ ᠥᠪᠥᠷ ᠮᠣᠩᠭᠤᠯ ᠤᠨ ᠴᠢᠨᠠᠷ

ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ

ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠣᠨᠣᠪᠴᠢᠲᠠᠶ ᠪᠥᠭᠡᠳ ᠪᠦᠲᠦᠮᠵᠢᠲᠡᠶ ᠡᠵᠡᠮᠳᠡᠵᠦ᠂ ᠨᠢᠭᠡ ᠪᠦᠯᠦᠭ ᠠᠮᠢ

ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠦᠭᠦᠭᠡᠷᠦᠮᠵᠢ ᠶᠢᠨ ᠲᠠᠯ᠎ᠠ ᠪᠠᠷ ᠬᠢ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠷᠢᠨ

ᠨᠢᠮᠪᠠᠢ ᠲᠥᠯᠥᠪᠯᠡᠨ᠎ᠡ᠃ ᠬᠤᠳᠠ ᠶᠢᠨ ᠲᠡᠰ ᠤᠨ ᠴᠢᠬᠤᠯᠠ ᠶᠡᠭᠡ 20 ᠲᠦᠷᠦᠯ ᠵᠦᠢᠯ ᠢ ᠲᠣᠬᠢᠷᠠᠭᠤᠯᠵᠤ᠂ ᠪᠦᠬᠦ ᠵᠢᠯ ᠳᠤ 60 ᠳ᠋ᠦᠩᠰᠢᠭᠤᠷ ᠲᠥᠭᠦᠷᠢᠭ ᠠᠴᠠ

ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠳᠡᠭᠡᠳᠦ ᠱᠠᠲᠤᠨ ᠤ ᠪᠡᠯᠡ ᠮᠥᠩᠭᠦ 18 ᠳ᠋ᠦᠩᠰᠢᠭᠤᠷ ᠲᠥᠭᠦᠷᠢᠭ ᠢ ᠴᠢᠷᠮᠠᠶᠢᠨ ᠣᠯᠵᠤ᠂ ᠬᠤᠰᠢᠭᠤᠨ ᠤ

ᠲᠠᠰ ᠤᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠶᠢᠨ ᠲᠤᠭ᠎ᠠ ᠬᠡᠮᠵᠢᠶ᠎ᠡ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠠᠷᠠᠯᠵᠢᠶᠠᠴᠢᠨ ᠤᠷᠢᠬᠤ

ᠦᠢᠯᠡᠴᠢᠯᠡᠭᠡ ᠶᠢ ᠴᠢᠩᠭᠠᠳᠬᠠᠵᠤ᠂ ᠰᠢᠯᠢᠳᠡᠭ ᠠᠷᠠᠯᠵᠢᠶᠠᠴᠢᠨ ᠣᠷᠢᠭᠴᠢᠳ ᠤᠨ ᠭᠠᠳᠠᠭᠠᠳᠤ ᠲᠠᠢ ᠬᠤᠯᠪᠣᠭᠠᠯᠠᠬᠤ ᠦᠢᠯᠡᠳᠦᠯ ᠢ ᠪᠠᠳᠠᠷᠠᠭᠤᠯᠵᠤ᠂ ᠤᠯᠠᠮᠵᠢᠯᠠᠯᠲᠤ

ᠠᠵᠤ ᠦᠢᠯᠡᠰ ᠤᠨ ᠲᠠᠰ ᠳᠡᠪᠰᠢᠬᠦ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠬᠠᠷᠠᠭᠠᠯᠠᠨ᠂ ᠠᠵᠢᠯ ᠲᠥᠷᠥᠯ ᠤᠨ ᠲᠤᠯᠤᠭᠠᠶᠢᠯᠠᠭᠴᠢ᠂

ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠵᠡᠷᠭᠡ ᠠᠵᠤ ᠠᠬᠤᠶᠢᠯᠠᠯ ᠢ ᠨᠠᠷᠢᠯᠢᠭ ᠣᠨᠣᠪᠴᠢᠳᠠᠢ ᠪᠠᠷ ᠮᠠᠨ ᠤ ᠬᠤᠰᠢᠭᠤᠨ ᠳᠤ ᠪᠠᠶᠢᠭᠤᠯᠤᠭᠳᠠᠨ᠎ᠠ᠃

1500 ᠲᠦᠮᠡᠨ ᠲᠥᠭᠦᠷᠢᠭ ᠤᠨ ᠠᠵᠢᠯ ᠤᠨ ᠵᠠᠷᠤᠳᠠᠯ ᠢ ᠦᠷᠭᠦᠯᠵᠢᠯᠡᠨ ᠲᠣᠬᠢᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ

ᠤᠨᠤᠪᠴᠢᠳᠠᠢ ᠪᠠᠷ ᠤᠷᠢᠳᠴᠢᠯᠠᠨ ᠬᠢᠬᠦ ᠶᠢ ᠦᠨᠡᠨᠬᠦ ᠪᠠᠲᠤᠯᠠᠨ᠎ᠠ᠃

         ᠴᠢᠨᠠᠷ ᠰᠠᠶᠢᠲᠠᠢ ᠣᠷᠴᠢᠨ ᠲᠤᠭᠤᠷᠢᠨ ᠳᠤ ᠠᠩᠬᠠᠷᠤᠯ ᠢᠶᠠᠨ ᠲᠦᠪᠯᠡᠷᠡᠭᠦᠯᠵᠦ ᠲᠦᠷᠦᠯ ᠵᠦᠢᠯ ᠢ ᠪᠠᠳᠤᠯᠠᠨ᠎ᠠ᠃ ᠠᠵᠤ ᠦᠢᠯᠡᠳᠪᠦᠷᠢ ᠶᠢᠨ

ᠲᠣᠭᠤᠷᠢᠭ ᠤᠨ ᠴᠢᠳᠠᠮᠵᠢᠳᠤ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠭᠤᠷ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠭᠤᠷᠢ ᠲᠦᠭᠦᠭᠡᠷᠦᠮᠵᠢ ᠶᠢ

ᠨᠥᠬᠦᠪᠦᠷᠢᠯᠡᠨ᠂ ︽ᠠᠷᠪᠠᠨ ᠨᠢᠭᠡ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ

ᠪᠣᠳᠠᠲᠤ ᠬᠦᠴᠦᠨ ᠢ ᠪᠥᠬᠦ ᠣᠷᠣᠨ ᠤ 83 ᠠᠵᠤ ᠦᠢᠯᠡᠳᠪᠦᠷᠢ ᠶᠢᠨ ᠲᠣᠭᠤᠷᠢᠭ ᠤᠨ ᠡᠮᠦᠨ᠎ᠡ 30 ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃ ᠬᠠᠤᠯᠢ ᠪᠠᠷ

ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠪᠦᠬᠦ ᠲᠠᠯ᠎ᠠ ᠪᠠᠷ᠂

ᠥᠷᠭᠡᠨ ᠬᠦᠷᠢᠶ᠎ᠡ ᠬᠡᠪᠴᠢᠶ᠎ᠡ ᠪᠠᠷ ᠥᠨᠳᠥᠷ ᠪᠦᠲᠦᠮᠵᠢᠲᠡᠶ ᠳᠥᠭᠦᠮ ᠳᠥᠲᠡ ᠵᠢᠷᠤᠮᠵᠢᠭᠰᠠᠨ ᠦᠢᠯᠡᠴᠢᠯᠡᠭᠡ ᠬᠠᠩᠭᠠᠵᠤ᠂ ᠭᠤᠣᠯᠴᠢ ᠥᠷᠢᠰᠦᠯᠳᠦᠭᠡᠨ ᠤ ᠬᠢᠨᠠᠨ

ᠪᠠᠶᠢᠴᠠᠭᠠᠯᠲᠠ ᠶᠢ ᠲᠡᠭᠦᠯᠳᠡᠷᠵᠢᠭᠦᠯᠦᠨ᠂ ᠤᠶᠠᠨ ᠵᠥᠭᠡᠯᠡᠨ ᠬᠠᠤᠯᠢ ᠬᠡᠷᠡᠭᠵᠢᠭᠦᠯᠦᠯᠲᠡ ᠶᠢ ᠳᠡᠯᠭᠡᠷᠡᠭᠦᠯᠵᠦ᠂ ᠲᠣᠷᠭᠠᠭᠤᠯᠢ ᠪᠠᠷ ᠬᠠᠮᠢᠶᠠᠷᠤᠯᠲᠠ ᠶᠢ ᠤᠷᠤᠯᠠᠬᠤ ᠠᠴᠠ

ᠵᠠᠶᠢᠯᠠᠰᠬᠢᠨ᠎ᠡ᠃ ᠲᠡᠷᠢᠭᠦᠨ ᠵᠡᠷᠭᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠨᠢᠭᠡ

ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠲᠦᠷᠭᠡᠳᠬᠡᠨ ᠠᠬᠢᠭᠤᠯᠵᠤ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠲᠠᠰ ᠳᠡᠪᠰᠢᠭᠰᠡᠨ ᠬᠡᠪ ᠢ

ᠪᠣᠶ ᠪᠣᠯᠭᠠᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠭᠡ ᠬᠠᠮᠤᠭ ᠤᠨ ᠰᠠᠶᠢᠨ᠂ ᠣᠷᠣᠰᠢᠨ ᠠᠮᠢᠳᠣᠷᠠᠬᠤ ᠳᠤ ᠬᠠᠮᠤᠭ ᠤᠨ ᠲᠠᠭᠠᠯᠠᠮᠵᠢᠲᠠᠢ᠂ ᠪᠡᠯᠡ

ᠣᠷᠣᠭᠤᠯᠤᠯᠲᠠ ᠬᠠᠮᠤᠭ ᠤᠨ ᠨᠠᠶᠢᠳᠠᠪᠤᠷᠢᠳᠠᠢ ᠪᠠᠶᠢᠬᠤ ᠰᠡᠳᠬᠢᠭᠳᠡᠯ ᠢ ᠲᠦᠷᠦᠭᠳᠡᠬᠦᠯᠤᠨ᠎ᠠ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ

ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ

ᠡᠷᠬᠡ ᠲᠡᠭᠰᠢ ᠪᠠᠷ ᠬᠠᠨᠳᠤᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠤᠨ᠎ᠠ᠃

ᠤᠳᠤᠷᠢᠳᠤᠯᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭᠠᠳᠬᠠᠵᠤ᠂ ᠲᠦᠰᠦᠪᠯᠡᠭᠰᠡᠨ ᠲᠦᠷᠦᠯ ᠵᠦᠢᠯ ᠢ

ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠢ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠡᠬᠢᠯᠡᠭᠦᠯᠦᠭᠰᠡᠨ

ᠲᠦᠷᠦᠯ ᠵᠦᠢᠯ ᠤᠨ ᠠᠵᠢᠯ ᠳᠠᠭᠤᠰᠬᠠᠬᠤ ᠶᠢ ᠠᠳᠬᠤᠬᠤ᠂ ᠠᠵᠢᠯ ᠳᠠᠭᠤᠰᠬᠠᠬᠤ ᠲᠦᠷᠦᠯ ᠵᠦᠢᠯ ᠤᠨ ᠦᠢᠯᠡᠳᠪᠦᠷᠢᠯᠡᠯ ᠳᠤ ᠣᠷᠣᠭᠤᠯᠬᠤ ᠶᠢ ᠠᠳᠬᠤᠬᠤ ᠶᠢ

ᠲᠤᠪᠤᠶᠢᠯᠭᠠᠵᠦ᠂ ᠲᠦᠷᠤᠯ ᠵᠦᠢᠯ ᠤᠳ ᠵᠠᠯᠭ᠎ᠠ ᠪᠠᠷ ᠪᠠᠶᠢᠭᠤᠯᠤᠭᠳᠠᠨ᠂ ᠲᠦᠮᠡᠨ ᠦᠢᠯᠡᠰ ᠣᠷᠣᠭᠰᠢᠳᠠᠢ ᠶᠠᠪᠤᠭᠳᠠᠬᠤ ᠪᠠᠶᠢᠳᠠᠯ ᠢ ᠴᠢᠷᠮᠠᠶᠢᠨ ᠪᠤᠢ ᠪᠣᠯᠭᠠᠨ᠎ᠠ᠃

         ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠥᠲᠥᠯᠥᠨ ᠳᠠᠭᠠᠭᠤᠯᠵᠤ᠂ ᠰᠢᠭᠤᠷᠬᠠᠶᠢᠯᠠᠨ ᠣᠷᠣᠭᠰᠢᠯᠠᠬᠤ ᠰᠢᠨ᠎ᠡ

ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ᠨᠢᠭᠡᠳᠦᠯᠲᠡᠢ ᠲᠥᠯᠥᠪᠵᠢᠭᠦᠯᠭᠡ᠂ ᠵᠦᠢ ᠵᠣᠬᠢᠰᠲᠠᠢ ᠪᠠᠶᠢᠷᠢᠰᠢᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢ

ᠠᠭᠤᠰᠤᠯᠴᠠᠭᠤᠯᠬᠤ ᠶᠢ ᠪᠠᠷᠢᠮᠲᠠᠯᠠᠵᠤ᠂ ᠠᠭᠤᠯᠠᠨ ᠡᠮᠦᠨᠡᠬᠢ ︽ᠲᠦᠭ ᠲᠦᠮᠡᠨ︾ ᠢᠨᠵᠧᠨᠧᠷᠢᠩ ᠪᠠ ᠠᠭᠤᠯᠠᠨ ᠠᠷᠤ ᠶᠢᠨ ︽ᠵᠢᠷᠭᠤᠭᠠᠨ ᠶᠡᠭᠡ ᠢᠨᠵᠧᠨᠧᠷᠢᠩ︾

 ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃

         ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ

ᠴᠢᠩᠭ᠎ᠠ ᠨᠠᠶᠢᠳᠠᠪᠤᠷᠢᠵᠢᠭᠤᠯᠵᠦ᠂ ᠬᠡᠪᠴᠢᠶᠡᠵᠢᠭᠦᠯᠦᠨ ᠳᠠᠷᠢᠬᠤ᠂ ᠮᠠᠰᠢᠨᠴᠢᠯᠠᠨ ᠠᠵᠢᠯᠯᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠨᠠᠷᠠᠲᠤ ᠲᠡᠮᠳᠡᠭᠵᠢᠭᠦᠯᠦᠨ

ᠪᠣᠷᠣᠯᠠᠭᠤᠯᠬᠤ ︽ᠳᠥᠷᠪᠡᠨ ᠣᠳᠣᠬᠢᠴᠢᠯᠠᠯᠲᠠ︾ ᠶᠢᠨ ᠱᠠᠭᠠᠷᠳᠠᠯᠭ᠎ᠠ ᠶᠣᠰᠣᠭᠠᠷ᠂ ᠭᠠᠵᠠᠷ ᠰᠢᠷᠣᠢ ᠶᠢ ᠲᠥᠪᠯᠡᠷᠡᠭᠦᠯᠦᠨ ᠡᠷᠭᠢᠯᠲᠡ ᠳᠤ ᠣᠷᠣᠭᠤᠯᠬᠤ ᠶᠢ ᠤᠯᠠᠮ

ᠨᠢᠭᠡ ᠠᠯᠬᠤᠮ ᠵᠢᠯᠤᠭᠤᠳᠴᠤ᠂ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠤᠶᠠᠳᠤᠭᠠᠷ ᠬᠤᠭᠤᠴᠠᠭ᠎ᠠ ᠶᠢ ᠥᠨᠳᠥᠷ ᠪᠠᠷᠢᠮᠵᠢᠶ᠎ᠠ ᠪᠠᠷ

ᠴᠣᠭᠴᠠᠯᠠᠬᠤ ᠪᠠᠷ ᠵᠢᠯᠣᠭᠤᠳᠤᠯᠭ᠎ᠠ ᠪᠣᠯᠭᠠᠵᠤ᠂ 1000 ᠮᠦ ᠣᠶᠤᠨᠲᠤ ᠬᠦᠯᠡᠮᠵᠢ᠂ 1.6 ᠲᠦᠮᠡᠨ ᠮᠦ ᠥᠨᠳᠥᠷ ᠪᠠᠷᠢᠮᠵᠢᠶᠠᠲᠤ ᠣᠲᠣ ᠦᠶ᠎ᠡ ᠶᠢᠨ

ᠲᠦᠭᠦᠭᠡᠷᠦᠮᠵᠢᠳᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ︽ᠮᠢᠩᠭᠠᠨ ᠮᠦ ᠪᠠᠷ ᠵᠢᠱᠢᠶ᠎ᠡ ᠦᠵᠡᠭᠦᠯᠵᠦ᠂ ᠲᠦᠮᠡᠨ ᠮᠦ ᠪᠠᠷ ᠵᠠᠯᠭᠠᠯᠳᠤᠭᠤᠯᠬᠤ︾

ᠬᠡᠪᠴᠢᠶᠡᠵᠢᠭᠦᠯᠦᠨ ᠳᠠᠷᠢᠬᠤ ᠰᠢᠨ᠎ᠡ ᠪᠠᠶᠢᠳᠠᠯ ᠢ ᠪᠣᠶ ᠪᠣᠯᠭᠠᠨ᠎ᠠ᠃ ᠪᠦᠬᠦ ᠰᠢᠶᠠᠨ ᠤ ᠬᠡᠪᠴᠢᠶ᠎ᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ 5000 ᠲᠣᠨ

ᠯᠠᠵᠤᠤ ᠶᠢᠨ ᠤᠯᠠᠭᠠᠨ ᠥᠩᠭᠡ ᠶᠢᠨ ᠡᠳ᠋ ᠤᠨ ᠲᠥᠷᠥᠯ ᠵᠦᠢᠯ ᠢ ᠪᠠᠶᠢᠭᠤᠯᠤᠭᠳᠠᠬᠤ ᠶᠢ ᠲᠦᠷᠭᠡᠳᠬᠡᠵᠦ᠂ ᠪᠥᠬᠦ ᠬᠤᠲᠠ ᠶᠢᠨ ᠯᠠᠵᠤᠤ ᠶᠢᠨ ᠠᠩᠬ᠎ᠠ ᠵᠡᠷᠭᠡ ᠶᠢᠨ

ᠲᠠᠷᠢᠶᠠᠯᠠᠩ ᠤᠨ ᠪᠦᠲᠦᠭᠡᠭᠳᠡᠬᠦᠨ ᠢ ᠮᠠᠨ ᠤ ᠬᠤᠰᠢᠭᠤᠨ ᠳᠤ ᠪᠥᠬᠦ ᠬᠡᠯᠬᠢᠶ᠎ᠡ ᠪᠠᠷ ᠡᠳ᠋ᠰᠢᠭᠦᠯᠦᠨ ᠦᠷᠳᠡᠭ ᠢ ᠨᠡᠮᠡᠭᠳᠡᠭᠦᠯᠦᠨ᠎ᠡ᠂ ︽ᠲᠡᠮᠡᠭᠡᠨ ᠤ ᠲᠤᠭ᠎ᠠ ᠶᠢ

ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠬᠢᠵᠠᠭᠠᠷᠯᠠᠵᠤ᠂ ᠬᠤᠨᠢ ᠢᠮᠠᠭ᠎ᠠ ᠠᠳᠤᠭᠤ ᠡᠯᠵᠢᠭᠡ ᠶᠢ ᠴᠥᠭᠡᠳᠬᠡᠬᠦ︾ ᠶᠢ ᠲᠦᠷᠭᠡᠳᠬᠡᠨ᠂ ᠥᠨᠳᠥᠷ

ᠪᠠᠷᠢᠮᠵᠢᠶ᠎ᠠ ᠪᠠᠷ ᠴᠤᠭ᠋ᠦ᠌ᠨᠳᠦᠷ ᠤᠨ ᠲᠡᠮᠡᠭᠡ ᠨᠠᠶᠢᠳᠠᠨ ᠦᠷᠡᠵᠢᠬᠦᠯᠬᠦ ᠭᠠᠵᠠᠷ ᠢ ᠪᠠᠶᠢᠭᠤᠯᠬᠤ ᠪᠠᠷ ᠬᠥᠲᠥᠯᠥᠨ ᠳᠠᠭᠠᠭᠤᠯᠵᠤ᠂ 24 ︽ᠨᠠᠶᠢᠳᠠᠨ ᠦᠷᠡᠵᠢᠭᠦᠯᠬᠦ ᠭᠠᠵᠠᠷ

︾ ᠤᠨ ᠠᠴᠢᠶ᠎ᠠ ᠳᠦᠭᠦᠷᠡᠩ ᠠᠵᠢᠯᠯᠠᠬᠤ ᠶᠢ ᠠᠬᠢᠭᠤᠯᠤᠨ᠂ ᠣᠤ ᠶᠢᠨ ᠭᠤᠤᠯ ᠶᠢᠨ ᠲᠦᠮᠡᠨ ᠲᠣᠯᠣᠭᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ

ᠦᠵᠡᠭᠦᠯᠬᠦ ᠳᠣᠭᠤᠷᠢᠭ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠥᠪᠯᠡᠷᠡᠭᠦᠯᠦᠨ ᠬᠠᠰᠢᠶᠠᠯᠠᠨ ᠲᠡᠵᠢᠭᠡᠬᠦ ᠶᠢ ᠶᠡᠬᠡᠪᠡᠷ ᠬᠥᠭᠵᠢᠭᠦᠯᠵᠦ᠂

ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠵᠣᠬᠢᠴᠠᠩᠭᠤᠢ ᠪᠠᠷ ᠬᠥᠭᠵᠢᠭᠦᠯᠦᠨ᠎ᠡ᠃

         ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠎ᠡ᠃ ᠢᠩᠭᠡᠨ ᠰᠦ᠂ ᠳ᠋ᠠ ᠱᠠᠨ᠂ ᠶᠢᠨ ᠼᠣᠣ ᠶᠤᠸᠠᠨ ᠵᠡᠷᠭᠡ

ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠯᠤᠭ᠎ᠠ ᠨᠠᠩ ᠨᠢᠭᠲᠠ ᠲᠠᠷᠢᠶᠠᠯᠠᠩ ᠠᠵᠤ

ᠠᠬᠤᠶᠢᠯᠠᠯ ᠤᠨ ᠠᠰᠢᠭ ᠲᠤᠰᠠ ᠶᠢ ᠤᠶᠠᠯᠳᠤᠭᠤᠯᠬᠤ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ

᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠬᠢᠯᠳᠠ ᠪᠠᠳᠤᠯᠠᠨ᠎ᠠ᠃ ᠭᠤᠪᠢ ᠶᠢᠨ ᠤᠯᠠᠭᠠᠨ ᠲᠡᠮᠡᠭᠡ᠂ ᠬᠤᠶᠠᠷ ᠪᠤᠭᠳᠠ ᠠᠭᠤᠯᠠᠨ ᠤ ᠴᠠᠭᠠᠨ

ᠨᠣᠯᠤᠥᠷ ᠤᠨ ᠢᠮᠠᠭ᠎ᠠ᠂ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠬᠡᠷᠡᠭᠵᠢᠭᠦᠯᠦᠨ᠎ᠡ᠃ ︽ᠤᠷᠠᠳ ᠤᠨ ᠬᠤᠶᠢᠳᠤ

ᠬᠤᠰᠢᠭᠤᠨ ᠤ ᠴᠢ ᠯᠢᠨ ᠲᠠᠷᠪᠤᠰ︾᠂ ︽ᠢᠩᠭᠡᠨ ᠰᠦ︾ ︽ᠣᠤ ᠶᠢᠨ ᠭᠤᠤᠯ ᠮᠤᠩᠭᠤᠯ ᠬᠤᠭᠤᠯᠠ︾ ᠵᠡᠷᠭᠡ ᠨᠠᠷᠠᠲᠤ ᠲᠡᠮᠳᠡᠭᠲᠦ ᠶᠢᠨ ᠠᠯᠳᠠᠷᠰᠢᠯ ᠢ

ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠠᠩᠬᠠᠳᠠᠭᠴᠢ ︽ᠹᠷᠦ᠋ᠼᠧᠯ ᠡᠪᠡᠳᠴᠢᠨ ᠢ ᠦᠯᠦ ᠬᠠᠯᠳᠠᠭᠠᠬᠤ ᠣᠷᠣᠨ︾ ᠢ ᠡᠭᠦᠳᠦᠨ ᠪᠠᠶᠢᠭᠤᠯᠬᠤ

ᠠᠵᠢᠯ ᠢ ᠢᠳᠡᠪᠬᠢᠲᠡᠢ ᠪᠠᠷ ᠠᠬᠢᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ

ᠬᠠᠮᠢᠶᠠᠷᠤᠯᠲᠠ ᠶᠢ ᠴᠢᠩᠭᠠᠳᠬᠠᠨ᠂ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ︾ ᠢ ᠴᠢᠷᠮᠠᠶᠢᠨ ᠡᠭᠦᠳᠦᠨ᠎ᠡ᠃

          ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠲᠠᠭᠤᠳᠠᠯ ᠢ ᠨᠥᠬᠦᠪᠦᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ

ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ

᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ︽ᠭᠤᠷᠪᠠᠨ ᠪᠠᠳᠣᠯᠠᠭ᠎ᠠ ᠨᠢᠭᠡ ᠠᠮᠤᠷ ᠲᠦᠪᠰᠢᠨ︾ ᠤ ᠬᠢᠷᠢ ᠲᠦᠪᠰᠢᠨ ᠢ

ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠥᠮᠥᠨ᠂

ᠭᠠᠵᠠᠷ᠂ ᠪᠡᠯᠡ ᠮᠦᠩᠬᠦ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠶ ᠠᠮᠢᠯᠠᠭᠤᠯᠵᠤ᠂ ᠲᠣᠰᠬᠤᠨ ᠤ ᠬᠠᠮᠲᠤ ᠶᠢᠨ ᠦᠮᠴᠢᠯᠡᠯ ᠤᠨ ᠠᠰᠢᠭ ᠣᠷᠣᠯᠭ᠎ᠠ ᠶᠢ

10% ᠠᠴᠠ ᠳᠡᠭᠡᠭᠰᠢ ᠨᠡᠮᠡᠭᠳᠡᠭᠦᠯᠦᠨ᠎ᠡ᠃ ᠠᠭᠤᠯᠠᠨ ᠠᠷᠣ ᠳᠤ 1 ᠰᠣᠮᠣ ᠪᠠᠯᠭᠠᠰᠣᠨ ᠤ ᠪᠠᠶᠢᠭᠤᠯᠤᠯᠳᠠ ᠶᠢ ᠰᠡᠷᠬᠦᠬᠡᠵᠤ᠂ ᠪᠠᠶᠠᠨᠴᠢᠨᠳᠠᠮᠤᠨᠢ ᠰᠤᠮᠤᠨ ᠤ ᠨᠡᠶᠢᠭᠡᠮ

ᠲᠣᠭᠤᠷᠢᠭ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠴᠤᠭ᠋ᠦ᠌ᠨᠳᠦᠷ ᠪᠠᠯᠭᠠᠰᠤᠨ ᠤ ᠰᠤᠯᠠ ᠡᠳ᠋ ᠬᠥᠷᠥᠩᠭᠡ ᠶᠢ

ᠠᠮᠢᠳᠤᠯᠢᠭᠵᠢᠭᠤᠯᠤᠨ ᠲᠥᠯᠥᠪᠵᠢᠭᠦᠯᠵᠦ᠂ ᠮᠠᠯᠴᠢᠨ ᠲᠦᠮᠡᠨ ᠳᠤ ᠨᠠᠩ ᠰᠠᠶᠢᠨ ᠦᠢᠯᠡᠴᠢᠯᠡᠨ᠎ᠡ᠃ ᠨᠡᠶᠢᠭᠡᠮ ᠲᠣᠭᠤᠷᠢᠭ ᠤᠨ ᠬᠤᠳᠠ ᠶᠢᠨ ᠬᠠᠮᠢᠶᠠᠷᠣᠯᠳᠠ ᠶᠢᠨ

ᠦᠢᠯᠡᠴᠢᠯᠡᠭᠡᠨ ᠤ ᠲᠥᠪ ᠢ ᠢᠳᠡᠪᠬᠢᠲᠡᠢ ᠪᠡᠯᠡᠳᠬᠡᠨ ᠪᠠᠶᠢᠭᠤᠯᠵᠤ᠂ ︽ᠬᠤᠳᠠ ᠶᠢᠨ ᠲᠣᠭᠤᠷᠢᠭ ᠤᠨ ᠬᠡᠷᠡᠭ ᠶᠠᠪᠤᠳᠠᠯ ᠢ ᠨᠡᠶᠢᠭᠡᠮ ᠲᠣᠭᠤᠷᠢᠭ ᠲᠤ ᠰᠢᠢᠳᠪᠦᠷᠢᠯᠡᠵᠦ᠂

ᠮᠠᠯᠵᠢᠬᠤ ᠲᠠᠷᠢᠶᠠᠯᠠᠬᠤ ᠣᠷᠣᠨ ᠤ ᠲᠤᠬᠠᠶᠢᠯᠠᠭᠰᠠᠨ ᠠᠵᠢᠯ ᠢ ᠰᠢᠶᠠᠩ ᠪᠠᠯᠭᠠᠰᠤᠨ ᠳᠤ ᠰᠢᠢᠳᠪᠦᠷᠢᠯᠡᠬᠦ︾ ᠦᠨᠳᠦᠰᠦᠨ ᠱᠠᠳᠤ ᠶᠢ ᠵᠠᠰᠠᠬᠤ ᠰᠢᠰᠲ᠋ᠧᠮ ᠶᠢ

ᠪᠡᠶᠡᠯᠡᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ

ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠲᠦᠷᠭᠡᠳᠬᠡᠨ

ᠠᠬᠢᠭᠤᠯᠤᠨ᠎ᠠ᠃ 30 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 40 ᠺᠢᠯᠣᠮᠧᠲᠷ ᠠᠷᠠᠴᠢᠯᠠᠨ

ᠬᠠᠮᠠᠭᠠᠯᠠᠬᠤ ᠢᠨᠵᠧᠨᠧᠷᠢᠩ ᠢ ᠨᠠᠶᠢᠳᠠᠪᠤᠷᠢᠵᠢᠭᠤᠯᠵᠦ᠂ ᠤᠯᠤᠰ ᠤᠨ ᠪᠠ ᠮᠤᠵᠢ ᠶᠢᠨ ᠵᠠᠰᠠᠮᠠᠯ ᠵᠠᠮ ᠤᠨ ︽ᠶᠡᠷᠦᠩᠬᠡᠶᠢᠯᠡᠭᠰᠡᠨ ᠦᠢᠯᠡᠴᠢᠯᠡᠭᠡᠨ ᠤ ᠨᠤᠲᠤᠭ

ᠪᠡᠯᠴᠢᠭᠡᠷ ᠤᠨ ᠥᠷᠲᠡᠭᠡ︾ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠤᠨ

ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ 1 ᠶᠢ ᠥᠷᠭᠡᠳᠬᠡᠨ ᠪᠠᠶᠢᠭᠤᠯᠵᠤ᠂

589 ᠡᠷᠦᠭᠡ ᠶᠢᠨ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠲᠡᠰ ᠳᠡᠪᠰᠢᠭᠦᠯᠦᠨ ᠥᠭᠡᠷᠡᠴᠢᠯᠡᠵᠦ᠂ ᠬᠦᠳᠡᠭᠡ ᠳᠣᠰᠬᠤᠨ ᠤ

ᠴᠢᠮᠡᠭᠡ ᠨᠠᠪᠳᠠᠷᠠᠯᠬᠡ ᠶᠢᠨ ᠦᠷᠳᠡᠭᠡ ᠶᠢ ᠦᠷᠬᠦᠯᠵᠢᠯᠡᠨ ᠨᠡᠮᠡᠭᠳᠡᠬᠦᠯᠵᠤ᠂ ᠣᠯᠣᠰ ᠮᠤᠵᠢ ᠣᠷᠣᠨ ᠤ ᠭᠤᠤᠯ ᠵᠠᠮ ᠳᠠᠭᠠᠣ ᠴᠢᠮᠡᠭᠡ ᠨᠡᠪᠳᠡᠷᠡᠯᠬᠡ ᠶᠢᠨ ᠪᠦᠷᠬᠦᠴᠡ ᠶᠢ

ᠨᠡᠮᠡᠭᠳᠡᠬᠦᠯᠤᠨ᠎ᠠ᠃

        ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠪᠠᠷ ᠤᠳᠤᠷᠢᠳᠤᠮᠵᠢ ᠪᠣᠯᠭᠠᠵᠤ᠂ ᠰᠢᠭᠤᠷᠬᠠᠶᠢᠯᠠᠨ ᠣᠷᠣᠶᠢᠯᠠᠬᠤ ᠰᠢᠨ᠎ᠡ ᠲᠤᠯᠭᠠᠭᠤᠷᠢᠯᠠᠯ ᠢ

ᠪᠠᠲᠤᠳᠬᠠᠨ᠎ᠠ᠃ ᠶᠡᠷᠦᠩᠬᠡᠢ ᠬᠡᠮᠵᠢᠶ᠎ᠡ ᠶᠢ ᠶᠡᠬᠡᠰᠬᠡᠬᠦ ᠪᠠᠷ ᠭᠤᠣᠯ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠳᠡᠭᠡᠳᠦ ᠳᠡᠰ ᠤᠨ᠂ ᠣᠶᠤᠨᠴᠢᠯᠠᠬᠰᠠᠨ᠂ ᠪᠣᠬᠢᠷᠲᠤᠯ

ᠦᠭᠡᠢ ᠪᠠᠷ ᠤᠷᠤᠭᠰᠢᠯᠠᠬᠤ ᠴᠢᠭᠯᠡᠯ ᠢᠶᠠᠨ ᠪᠣᠯᠭᠠᠵᠤ᠂ ᠳᠥᠷᠪᠡᠨ ᠶᠡᠭᠡ ᠲᠤᠯᠭᠠᠭᠤᠷᠢ ᠠᠵᠤ ᠦᠢᠯᠡᠰ ᠤᠨ ᠲᠣᠭᠤᠷᠢᠨ ᠳᠤ᠂ ᠦᠯᠡᠳᠡᠭᠳᠡᠯ ᠠᠵᠤ ᠠᠬᠤᠶᠢᠯᠠᠯ ᠤᠨ

ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠴᠢᠷᠮᠠᠶᠢᠵᠤ᠂ ᠲᠠᠮᠫᠣᠷᠠᠭᠰᠠᠨ ᠠᠵᠤ ᠠᠬᠤᠶᠢᠯᠠᠯ ᠤᠨ ᠳᠠᠬᠢᠨ ᠠᠮᠢᠯᠠᠬᠤ ᠶᠢ ᠠᠬᠢᠭᠤᠯᠵᠤ᠂

ᠨᠡᠮᠡᠭᠳᠡᠯ ᠤᠨ ᠲᠥᠷᠥᠯ ᠵᠦᠢᠯ ᠤᠨ ᠬᠡᠯᠬᠢᠶᠡᠵᠢᠯ ᠢ ᠤᠷᠳᠤᠳᠬᠠᠨ ᠨᠦᠬᠦᠪᠦᠷᠢᠯᠡᠵᠦ᠂ ᠠᠵᠤ ᠦᠢᠯᠡᠳᠪᠦᠷᠢ ᠶᠢᠨ ᠭᠤᠣᠯᠯᠠᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ

ᠪᠠᠬᠢᠵᠢᠭᠦᠯᠦᠨ᠎ᠡ᠃ 

        ᠠᠭᠤᠷᠬᠠᠢ ᠶᠢ ᠮᠠᠯᠳᠠᠨ ᠰᠤᠩᠭᠤᠵᠤ ᠬᠠᠶᠢᠯᠤᠭᠤᠯᠤᠨ ᠨᠥᠭᠡᠴᠡ ᠶᠢ ᠨᠡᠮᠡᠭᠳᠡᠭᠦᠯᠵᠤ ᠦᠢᠯᠡᠳᠪᠦᠷᠢᠯᠡᠯ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠲᠣᠮᠣ

ᠬᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠬᠤᠰᠢᠭᠤᠨ ᠤ ᠬᠡᠪᠴᠢᠶᠡᠨ ᠳᠣᠲᠣᠷ᠎ᠠ ᠠᠭᠤᠷᠬᠠᠢ ᠬᠠᠶᠢᠨ ᠰᠢᠨᠵᠢᠬᠦ ᠠᠵᠢᠯᠯᠠᠭ᠎ᠠ ᠥᠷᠨᠢᠭᠦᠯᠬᠦ ᠶᠢ

ᠵᠣᠷᠢᠭᠵᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠡᠷᠴᠢᠮ ᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ

ᠥᠩᠭᠡᠲᠦ ᠲᠡᠮᠦᠷᠯᠢᠭ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠢᠳᠡᠪᠬᠢᠳᠠᠢ ᠪᠠᠷ ᠪᠠᠶᠢᠭᠤᠯᠤᠨ᠎ᠠ᠃ ᠳ᠋ᠦᠩᠰᠢᠭᠤᠷ ᠤᠨ ᠠᠭᠤᠷᠬᠠᠢ ᠶᠢᠨ 350 ᠲᠦᠮᠡᠨ

ᠲᠣᠨ᠂ ᠱᠤᠸᠠᠩ ᠯᠢ ᠶᠢᠨ 340 ᠲᠦᠮᠡᠨ ᠲᠣᠨ᠂ ᠽᠢ ᠶᠢᠨ ᠤ ᠠᠭᠤᠷᠬᠠᠢ ᠶᠢᠨ ᠦᠢᠯᠡᠰ ᠤᠨ 297 ᠲᠦᠮᠡᠨ ᠲᠤᠨ ᠠᠭᠤᠷᠬᠠᠢ ᠮᠠᠯᠲᠠᠵᠤ ᠥᠷᠭᠡᠳᠬᠡᠨ

ᠪᠠᠶᠢᠭᠤᠯᠬᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠷᠠᠭᠤᠨ ᠣᠷᠣᠨ ᠤ ᠵᠡᠰ ᠤᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠤᠨ ᠲᠠᠰ

ᠳᠡᠪᠰᠢᠭᠦᠯᠬᠦ ᠲᠥᠷᠥᠯ ᠵᠦᠢᠯ ᠢ ᠲᠣᠰ ᠵᠢᠯ ᠳᠤ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠣᠯᠠᠨ ᠵᠦᠢᠯ ᠤᠨ ᠠᠷᠭ᠎ᠠ

ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠽᠢ ᠶᠢᠨ ᠥᠩᠭᠡᠲᠦ ᠲᠡᠮᠦᠷᠯᠢᠭ᠂ ᠹᠧᠢ ᠱᠠᠩ ᠵᠡᠰ ᠤᠨ ᠦᠢᠯᠡᠰ᠂ ᠰᠠᠨ ᠶᠢᠩ ᠬᠤᠩ ᠶᠧ ᠵᠡᠷᠭᠡ ᠲᠡᠮᠦᠷᠯᠢᠭ ᠬᠠᠶᠢᠯᠤᠭᠤᠯᠬᠤ

ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠭᠤᠷᠬᠠᠢ ᠪᠣᠯᠪᠠᠰᠤᠷᠠᠭᠤᠯᠬᠤ ᠦᠢᠯᠡᠳᠪᠦᠷᠢᠯᠡᠯ ᠤᠨ

ᠴᠢᠳᠠᠪᠤᠷᠢ ᠶᠢᠨ ᠪᠦᠷᠢᠨ ᠳᠠᠭᠠᠭᠠᠴᠠ ᠲᠠᠢ ᠠᠵᠢᠯᠯᠠᠬᠤ ᠶᠢ ᠦᠨᠡᠨᠬᠦ ᠪᠠᠲᠤᠯᠠᠨ᠎ᠠ᠃ ᠦᠩᠬᠡᠳᠣ ᠳᠠᠮᠦᠷᠯᠢᠭ ᠢ ᠬᠠᠶᠢᠯᠤᠭᠤᠯᠬᠤ ᠠᠵᠤ ᠠᠬᠤᠶᠢᠯᠠᠯ ᠤᠨ ᠬᠡᠪᠴᠢᠶᠡᠵᠢᠯ ᠢ

ᠦᠷᠭᠡᠳᠭᠡᠨ ᠬᠡᠯᠬᠢᠶ᠎ᠡ ᠶᠢ ᠣᠷᠳᠣᠳᠬᠠᠬᠤ ᠶᠢ ᠢᠳᠡᠪᠬᠢᠳᠡᠢ ᠠᠬᠢᠭᠤᠯᠵᠤ᠂ ᠵᠠᠰ ᠬᠠᠶᠢᠯᠤᠭᠤᠯᠬᠤ ᠵᠡᠷᠭᠡ ᠲᠡᠮᠦᠷᠯᠢᠭ ᠬᠠᠶᠢᠯᠤᠭᠤᠯᠬᠤ ᠰᠢᠨ᠎ᠠ ᠲᠥᠷᠥᠯ ᠵᠦᠢᠯ ᠤᠨ

ᠪᠠᠯᠠᠳᠭᠡᠯ ᠬᠤᠭᠤᠴᠠᠭᠠᠨ ᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ᠃

        ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠲᠥᠪᠯᠡᠷᠡᠩᠭᠦᠢ ᠬᠦᠭᠵᠢᠯᠳᠠ ᠶᠢ ᠠᠬᠢᠭᠤᠯᠤᠨ᠎ᠠ᠃ ᠬᠦᠬᠦᠷ ᠬᠦᠴᠢᠯ ᠦᠢᠯᠡᠳᠪᠦᠷᠢᠯᠡᠬᠦ᠂

ᠤᠰᠠᠳᠬᠠᠬᠤ᠂ ᠬᠠᠳᠠᠭᠠᠯᠠᠬᠤ᠂ ᠵᠥᠭᠡᠭᠡᠪᠦᠷᠢᠯᠡᠬᠦ ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂

ᠤᠯᠤᠰ ᠤᠨ ᠬᠤᠳᠠ ᠶᠢᠨ ᠡᠬᠢ ᠪᠠᠶᠠᠯᠢᠭ ᠤᠨ 20 ᠲᠦᠮᠡᠨ ᠲᠣᠨ ᠲᠢᠲ᠋ᠠᠨ ᠤ ᠴᠠᠭᠠᠨ ᠨᠤᠨᠳᠠᠭ ᠤᠨ ᠲᠦᠷᠦᠯ ᠵᠦᠢᠯ ᠢ ᠦᠳᠳᠤᠷ ᠪᠠᠶᠢᠭᠤᠯᠤᠨ ᠠᠰᠢᠭᠯᠠᠯᠳᠠ ᠳᠤ

ᠤᠷᠤᠭᠤᠯᠤᠨ᠂ ᠶᠢᠨ ᠭᠦ᠋ ᠶᠢᠨ ᠨᠡᠶᠢᠯᠡᠮᠡᠯ ᠪᠣᠷᠳᠣᠭᠤᠷ ᠢ ᠪᠦᠷᠢᠨ ᠲᠠᠭᠠᠭᠠᠴᠠ ᠲᠠᠢ ᠪᠠᠷ ᠦᠢᠯᠡᠳᠪᠤᠷᠢᠯᠡᠬᠦ ᠶᠢ ᠪᠠᠶᠠᠯᠡᠬᠦᠯᠵᠤ᠂ ᠺᠧ ᡂᠢ ᠲᠠᠷᠢᠶᠠᠨ ᠡᠮ

ᠦᠢᠯᠡᠳᠪᠤᠷᠢᠯᠡᠬᠦ ᠲᠦᠷᠤᠯ ᠵᠤᠶᠢᠯ ᠢ ᠲᠣᠭᠲᠠᠭᠰᠠᠨ  ᠬᠤᠭᠤᠴᠠᠭᠠᠨ ᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠦᠬᠦᠷ ᠤᠨ ᠨᠠᠷᠢᠯᠢᠭ ᠬᠢᠮᠢ ᠶᠢᠨ ᠠᠵᠤ

ᠦᠢᠯᠡᠳᠪᠦᠷᠢ ᠶᠢᠨ ᠠᠵᠤ ᠠᠬᠤᠶᠢᠯᠠᠯ ᠢ ᠶᠡᠬᠡᠪᠡᠷ ᠤᠷᠢᠨ ᠤᠷᠤᠭᠤᠯᠵᠤ᠂ ︽ᠠᠽᠢᠶ᠎ᠠ ᠲᠢᠪ ᠤᠨ ᠬᠦᠬᠦᠷ ᠤᠨ ᠨᠡᠶᠢᠰᠯᠡᠯ︾ ᠤᠨ ᠨᠡᠷ᠎ᠡ ᠶᠢᠨ ᠬᠠᠭᠤᠳᠠᠰᠤ ᠶᠢ

ᠲᠠᠭᠤᠷᠢᠰᠢᠭᠤᠯᠤᠨ᠎ᠠ᠃ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢᠨ ᠵᠢᠭᠠᠯᠳᠠ ᠲᠤᠭ᠎ᠠ ᠶᠢ ᠢᠳᠡᠪᠬᠢᠯᠡᠨ ᠲᠡᠮᠡᠴᠠᠨ ᠣᠯᠵᠤ᠂ ᠾᠧᠢ ᠮᠤᠤ ᠶᠢᠨ ᠬᠤᠶᠠᠳᠤᠭᠠᠷ

ᠬᠤᠭᠤᠴᠠᠭᠠᠨ ᠤ ᠬᠤᠶᠠᠳᠤᠭᠠᠷ ᠪᠦᠯᠦᠭ ᠤᠨ 160 ᠲᠦᠮᠡᠨ ᠲᠣᠨ ᠬᠡᠦᠷᠰᠢᠭᠦᠯᠬᠦ ᠲᠥᠷᠥᠯ ᠵᠦᠢᠯ ᠢ ᠱᠠᠯᠠᠪᠳᠠᠭᠤᠯᠤᠨ ᠡᠬᠢᠯᠡᠭᠦᠯᠵᠤ᠂ ᠾᠧᠢ ᠮᠤᠤ ᠶᠢᠨ 10

ᠲᠦᠮᠡᠨ ᠲᠣᠨ LNG᠂ ᠶᠢᠨ ᠮᠤᠤ ᠶᠢᠨ 12 ᠲᠦᠮᠡᠨ ᠲᠣᠨ ᠨᠡᠭᠦᠷᠡᠰᠦᠨ ᠬᠡᠤᠳᠠᠰᠤ᠂ ᠰᠢᠶᠦ᠋ᠨ ᠨᠧᠩ ᠬᠠᠲᠠᠭᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ

ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠾᠧᠢ ᠮᠤᠤ ᠨᠡᠭᠦᠷᠡᠰᠤᠨ ᠬᠢᠮᠢ ᠶᠢᠨ ᠠᠵᠤ ᠦᠢᠯᠡᠳᠪᠦᠷᠢ ᠪᠠᠷ ᠬᠡᠯᠬᠢᠶ᠎ᠡ ᠪᠣᠯᠭᠠᠭᠰᠠᠨ ᠨᠡᠭᠦᠷᠡᠰᠤᠨ ᠬᠢᠮᠢ ᠶᠢᠨ

ᠠᠵᠤ ᠦᠢᠯᠡᠳᠪᠦᠷᠢ ᠶᠢ ᠬᠦᠴᠣᠷᠭᠡᠭᠵᠢᠬᠦᠯᠬᠦ ᠶᠢ ᠬᠥᠲᠥᠯᠥᠨ ᠵᠢᠯᠣᠭᠤᠳᠤᠨ᠎ᠠ᠃ ᠵᠥᠩ ᠲᠢᠶᠠᠨ ᠤ 40 ᠲᠦᠮᠡᠨ ᠲᠣᠨ ᠣᠷᠭᠠᠨᠢᠭ ᠴᠠᠬᠢᠭᠤᠷ᠂ 20 ᠲᠦᠮᠡᠨ ᠲᠣᠨ

ᠠᠵᠤ ᠦᠢᠯᠡᠳᠪᠤᠷᠢ ᠶᠢᠨ ᠴᠠᠬᠢᠭᠤᠷ ᠤᠨ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠦᠢ ᠭᠤᠸᠠᠩ ᠤᠨ ᠲᠦᠮᠡᠨ ᠲᠣᠨ ᠣᠯᠠᠨ ᠲᠠᠯᠠᠰᠲᠤ

ᠴᠠᠬᠢᠭᠤᠷ ᠤᠨ ᠲᠥᠷᠥᠯ ᠵᠦᠢᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠢᠶᠠᠷ ᠴᠡᠪᠡᠷ ᠲᠠᠯᠠᠰᠲᠤ ᠴᠠᠬᠢᠭᠤᠷ ᠤᠨ

ᠲᠥᠷᠥᠯ ᠵᠦᠢᠯ ᠢ ᠣᠷᠣᠯᠠᠭᠤᠯᠬᠤ ᠶᠢ ᠢᠳᠡᠪᠬᠢᠳᠡᠢ ᠪᠠᠷ ᠣᠷᠢᠨ ᠣᠷᠣᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ C ᠲᠠᠰ ᠢ D

ᠲᠠᠰ ᠲᠤ ᠳᠡᠪᠰᠢᠭᠦᠯᠬᠦ ᠬᠠᠷᠠᠯᠲᠠ ᠶᠢ ᠲᠦᠷᠭᠡᠳᠬᠡᠨ ᠲᠣᠭᠲᠠᠭᠠᠵᠤ᠂ ᠠᠵᠤ ᠦᠢᠯᠡᠳᠪᠤᠷᠢ ᠶᠢᠨ ᠳᠣᠭᠤᠷᠢᠭ ᠤᠨ ᠪᠣᠬᠢᠷ ᠤᠰᠤ ᠶᠢ ᠡᠷᠬᠢᠯᠳᠣᠬᠦᠯᠣᠨ ᠶᠡᠷᠣᠩᠬᠡᠶᠢᠯᠡᠨ

ᠠᠰᠢᠭᠯᠠᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠭᠠᠯ ᠤᠨᠲᠠᠷᠠᠭᠠᠬᠤ ᠤᠨᠴᠠᠭᠠᠢ ᠡᠬᠦᠷᠭᠡ ᠶᠢᠨ ᠥᠷᠲᠡᠭᠡ ᠶᠢ ᠲᠡᠭᠦᠯᠳᠡᠷᠵᠢᠭᠦᠯᠦᠨ᠂ ᠳᠠᠳᠤᠯᠭ᠎ᠠ ᠶᠢᠨ

ᠰᠠᠭᠤᠷᠢᠨ ᠭᠠᠵᠠᠷ᠂ ᠣᠯᠠᠨ ᠨᠡᠶᠢᠳᠡ ᠶᠢᠨ ᠬᠤᠭᠤᠯᠠᠢ ᠰᠣᠪᠠᠭ ᠤᠨ ᠬᠤᠩᠬᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠳᠪᠤᠷᠢ ᠶᠢᠨ ᠳᠣᠭᠤᠷᠢᠭ

 ᠤᠨ ᠳᠠᠰᠣᠷᠬᠠᠢ ᠵᠠᠮ ᠢ ᠨᠠᠪᠳᠠᠷᠠᠬᠦᠯᠤᠨ᠂ ᠮᠠᠰᠢᠨ ᠳᠡᠷᠬᠡ ᠰᠠᠯᠪᠢᠨ ᠵᠠᠰᠠᠬᠤ ᠵᠡᠬᠡᠯᠢ ᠶᠢ ᠲᠦᠯᠦᠪᠵᠢᠬᠦᠯᠤᠨ᠂ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ

ᠬᠠᠮᠢᠶᠠᠷᠤᠯᠲᠠ ᠶᠢᠨ ᠠᠵᠢᠯᠲᠠᠨ ᠢ ᠪᠦᠷᠢᠨ ᠲᠣᠬᠢᠷᠠᠭᠤᠯᠵᠤ᠂ ᠰᠠᠭᠤᠷᠢ ᠲᠦᠬᠦᠭᠡᠷᠤᠮᠵᠢ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠲᠦᠪᠰᠢᠨ ᠢ

ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃

        ᠰᠢᠨ᠎ᠡ ᠡᠨᠧᠷᠭᠢ ᠪᠤᠯᠤᠨ ᠥᠨᠳᠥᠷ ᠠᠴᠢᠶᠠᠯᠠᠯᠳᠤ ᠠᠵᠤ ᠦᠢᠯᠡᠰ ᠤᠨ ᠤᠶᠠᠯᠳᠤᠯ ᠢ ᠲᠦᠯᠬᠢᠨ ᠠᠬᠢᠭᠤᠯᠤᠨ᠎ᠠ᠃ ᠨᠠᠷᠠᠨ ᠭᠤᠤ ᠶᠢᠨ 120 ᠲᠦᠮᠡᠨ

ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠢᠯ ᠢᠶᠠᠷ ᠲᠤᠯᠤᠭᠠᠶᠢᠯᠠᠭᠴᠢ ᠪᠣᠯᠭᠠᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ᠂

ᠴᠠᠬᠢᠯᠭᠠᠨ ᠬᠦᠷᠭᠡᠨ ᠬᠦᠴᠦᠳᠡᠯ ᠥᠭᠡᠷᠡᠴᠢᠯᠡᠬᠦ᠂ ᠴᠠᠬᠢᠯᠠᠭᠠᠨ ᠤ ᠦᠨᠳᠤᠷ ᠠᠴᠢᠶᠠᠯᠠᠪᠤᠷᠢ ᠶᠢ ᠲᠣᠬᠢᠷᠠᠭᠤᠯᠬᠤ ᠵᠢᠴᠢ ᠠᠵᠤ ᠦᠢᠯᠡᠳᠪᠦᠷᠢ ᠶᠢᠨ ᠴᠠᠬᠢᠭᠤᠷ᠂

ᠣᠷᠭᠠᠨᠢᠭ ᠴᠠᠬᠢᠭᠤᠷ᠂ ᠨᠣᠭᠤᠭᠠᠨ ᠤᠰᠤᠲᠥ᠋ᠷᠥᠭᠴᠢ᠂ ᠨᠣᠭᠤᠭᠠᠨ ᠰᠢᠪᠲᠦᠷ᠂ ᠨᠣᠭᠤᠭᠠᠨ ᠮᠧᠲ᠋ᠢᠯ ᠠᠯᠺᠣᠣᠯ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ

ᠰᠢᠨ᠎ᠠ ᠪᠠᠷ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠴᠢᠬᠤᠯᠠ ᠶᠡᠭᠡ ᠲᠥᠷᠥᠯ ᠵᠦᠢᠯ ᠤᠳ ᠢ ᠬᠤᠯᠪᠣᠵᠤ᠂ ᠥᠨᠳᠥᠷ ᠠᠴᠢᠶᠠᠲᠤ ᠡᠨᠧᠷᠭᠢ ᠶᠢᠨ ᠠᠵᠤ

ᠦᠢᠯᠡᠰ ᠢ ᠥᠨᠳᠥᠷ ᠬᠠᠷᠢᠴᠠᠯ ᠲᠠᠢ ᠪᠠᠷ ᠪᠤᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠲᠦᠷᠭᠡᠳᠬᠡᠨ᠎ᠡ᠃ ᠮᠧᠩ ᠨᠧᠩ 100 ᠲᠦᠮᠡᠨ ᠺᠢᠯᠣᠸᠠᠲ

ᠪᠣᠯᠣᠨ ᠪᠥᠸᠧ ᠵᠥᠩ 5 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠡᠨᠡ ᠵᠢᠯ ᠤᠨ ᠳᠣᠲᠣᠷ᠎ᠠ

ᠪᠠᠶᠢᠭᠤᠯᠤᠨ ᠳᠠᠭᠤᠰᠬᠠᠵᠤ᠂ ᠲᠣᠣᠷ ᠲᠤ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ

ᠬᠡᠰᠡᠭ ᠤᠨ 350 ᠲᠦᠮᠡᠨ ᠺᠢᠯᠣᠸᠠᠲ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ᠂ ᠽᠢ ᠶᠢᠨ ᠤ ᠥᠩᠭᠡᠲᠦ ᠲᠡᠮᠦᠷᠯᠢᠭ ᠤᠨ ᠥᠪᠡᠰᠤᠪᠠᠨ ᠴᠠᠬᠢᠯᠭᠠᠨ

ᠬᠠᠩᠭᠠᠬᠤ ᠦᠢᠯᠡᠳᠪᠦᠷᠢ ᠶᠢᠨ ᠰᠢᠨᠡᠳᠴᠤ ᠪᠣᠯᠬᠤ ᠡᠨᠧᠷᠭᠢ ᠶᠢᠨ ᠣᠷᠤᠯᠠᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠨ

ᠰᠦᠯᠵᠢᠶᠡᠨ ᠳᠤ ᠨᠡᠶᠢᠯᠡᠭᠦᠯᠬᠦ 1 — 2 ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠤᠸᠠ ᠨᠧᠩ ᠤᠨ 30 ᠲᠦᠮᠡᠨ ᠺᠢᠯᠣᠸᠠᠲ ᠤᠨ ᠬᠡᠷᠡᠯ

ᠢᠯᠴᠢ ᠶᠢᠨ ᠲᠥᠷᠥᠯ ᠵᠦᠢᠯ ᠤᠨ ᠪᠡᠯᠡᠳᠭᠡᠯ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠤᠷᠠᠳ ᠤᠨ ᠬᠤᠶᠢᠳᠤ ᠬᠤᠰᠢᠭᠤᠨ ᠤ 500 ᠺᠢᠯᠣᠸ᠋ᠯᠲ

 ᠤᠨ ᠴᠠᠬᠢᠯᠭᠠᠨ ᠬᠦᠷᠭᠡᠨ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠴᠠᠬᠢᠯᠭᠠᠨ ᠤ ᠲᠣᠣᠷ ᠤᠨ ᠲᠦᠷᠤᠯ ᠵᠤᠶᠢᠯ ᠢ ᠱᠠᠯᠠᠪᠳᠠᠨ ᠬᠡᠷᠡᠭᠵᠢᠭᠦᠯᠬᠦ ᠶᠢ ᠲᠦᠯᠬᠢᠨ

ᠠᠬᠢᠭᠤᠯᠵᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠵᠤ ᠦᠯᠡᠳᠡᠭᠡᠨ ᠠᠪᠬᠤ ᠶᠢ ᠠᠬᠢᠭᠤᠯᠤᠨ᠎ᠠ᠃ ᠮᠢᠩᠭᠠᠨ ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ

ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠮᠢᠩᠭᠠᠨ ᠳ᠋ᠦᠩᠰᠢᠭᠤᠷ ᠦᠢᠯᠡᠳᠪᠤᠷᠢᠯᠠᠯ ᠤᠨ ᠥᠷᠲᠡᠭ ᠲᠠᠢ ᠪᠣᠬᠢᠷᠲᠤᠯ ᠦᠭᠡᠢ ᠠᠵᠤ ᠦᠢᠯᠡᠳᠪᠦᠷᠢ ᠶᠢᠨ

ᠪᠦᠯᠦᠭᠵᠢᠯ ᠢ ᠪᠣᠶᠢᠵᠢᠭᠤᠯᠤᠨ᠎ᠠ᠃

        ︵ᠳᠥᠷᠪᠡ︶ ᠭᠤᠷᠪᠠᠳᠤᠭᠠᠷ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠤᠷᠤᠶᠢᠯᠠᠨ ᠮᠠᠩᠯᠠᠶᠢᠯᠠᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃

ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠬᠢᠭᠡᠳ ᠠᠮᠢᠳᠤᠷᠠᠯ ᠤᠨ ᠴᠢᠨᠠᠷᠲᠠᠢ

ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂

ᠭᠤᠷᠪᠠᠳᠤᠭᠠᠷ ᠠᠵᠤ ᠦᠢᠯᠡᠰ ᠤᠨ ᠰᠢᠨ᠎ᠡ ᠤᠷᠤᠨ ᠵᠠᠢ ᠶᠢ ᠪᠣᠶ ᠪᠣᠯᠭᠠᠨ᠎ᠠ᠃

        ᠨᠡᠭᠡᠭᠡᠯᠲᠡ ᠪᠠᠷ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡᠨ ᠤ ᠬᠠᠮᠲᠤᠷᠠᠯ ᠬᠦᠴᠦᠨ ᠢ ᠨᠢᠠᠠᠳᠠᠷᠠᠭᠤᠯᠤᠨ᠎ᠠ᠃ ︽ᠤᠷᠠᠳ ᠨᠡᠷᠡᠮᠵᠢᠲᠦ︾ ᠳᠤᠮᠳᠠᠳᠤ

ᠡᠸᠦ᠋ᠷᠦᠫᠡ ᠶᠢᠨ ᠵᠢᠰᠢᠶᠠᠨ ᠤ ᠭᠠᠯᠲᠤ ᠳᠡᠷᠬᠡᠨ ᠤ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ

ᠠᠳᠬᠤᠵᠤ᠂ ᠶᠢᠨ ᠬᠤᠤ ᠲᠧ ᠭᠠᠶᠢᠯᠢ ᠪᠠᠲᠤᠯᠠᠬᠤ ᠬᠥᠮᠥᠷᠭᠡ ᠶᠢ ᠲᠦᠷᠭᠡᠳᠬᠡᠨ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠵᠡᠰ ᠤᠨ ᠨᠠᠷᠢᠯᠢᠭ ᠨᠤᠨᠳᠠᠭ ᠤᠨ

ᠭᠠᠶᠢᠯᠢ ᠪᠠᠲᠤᠯᠠᠬᠤ ᠬᠥᠮᠥᠷᠭᠡ ᠶᠢᠨ ᠲᠤᠬᠠᠶᠢᠯᠠᠭᠰᠠᠨ ᠠᠵᠢᠯ ᠢ ᠥᠷᠭᠡᠳᠬᠡᠨ᠂ ᠪᠠᠷᠠᠭ᠎ᠠ ᠴᠤᠭᠯᠠᠭᠤᠯᠬᠤ ᠶᠢ ᠵᠣᠬᠢᠴᠠᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢ

ᠴᠢᠩᠭᠠᠳᠬᠠᠵᠤ᠂ ᠬᠠᠮᠢᠶ᠎ᠠ ᠪᠦᠬᠦᠢ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ᠂ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ

ᠴᠢᠩᠭᠠᠳᠬᠠᠵᠤ᠂ ᠭᠦᠨ ᠳᠠᠪᠬᠤᠷᠭ᠎ᠠ ᠶᠢᠨ ᠣᠯᠠᠨ ᠬᠦᠷᠢᠶ᠎ᠡ ᠴᠠᠷᠠᠭ᠎ᠠ ᠶᠢᠨ ᠭᠠᠳᠠᠭᠠᠳᠤ ᠨᠡᠭᠡᠭᠡᠯᠲᠡ ᠶᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠢ ᠲᠠᠷᠢᠶᠠᠯᠠᠩ ᠤᠨ

ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠦᠪᠡᠷᠳᠡᠭᠡᠨ ᠠᠰᠢᠭᠯᠠᠵᠤ᠂ ᠵᠢᠯ ᠤᠨ ᠳᠣᠲᠣᠷ᠎ᠠ ᠡᠭᠡᠯᠵᠢ ᠶᠢᠨ

ᠭᠠᠯᠲᠤ ᠲᠡᠷᠭᠡ ᠶᠢ 50% ᠠᠴᠠ ᠳᠡᠭᠡᠭᠰᠢ ᠨᠡᠮᠡᠭᠳᠡᠭᠦᠯᠦᠨ᠎ᠡ᠃ ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ

ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ ᠬᠦᠭᠡᠦ᠌ᠨᠳᠤᠷ ᠤᠨ ᠲᠡᠮᠦᠷ ᠵᠠᠮ ᠤᠨ

ᠪᠠᠷᠠᠭᠠᠨ ᠤ ᠲᠡᠭᠡᠭᠡᠪᠦᠷᠢ ᠶᠢᠨ ᠦᠷᠳᠡᠬᠡᠨ ᠤ ᠨᠠᠢᠮᠠᠨ ᠲᠡᠷᠭᠡᠨ ᠵᠠᠮ ᠢ ᠥᠷᠭᠡᠳᠬᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠪᠠᠷᠠᠭᠤᠨ ᠣᠷᠣᠨ ᠤ ᠲᠣᠮᠣ

ᠬᠡᠯᠪᠡᠷᠢ ᠶᠢᠨ ᠨᠡᠭᠦᠷᠡᠰᠦᠨ ᠠᠷᠠᠯᠵᠢᠶᠠᠨ ᠤ ᠲᠥᠪ ᠤᠨ ᠲᠦᠷᠤᠯ ᠵᠦᠢᠯ ᠢ ᠡᠬᠢᠯᠡᠭᠦᠯᠬᠦ ᠪᠠᠷ ᠴᠢᠷᠮᠠᠶᠢᠵᠤ᠂ ᠠᠵᠤ ᠦᠢᠯᠡᠳᠪᠤᠷᠢ ᠶᠢᠨ ᠲᠣᠭᠤᠷᠢᠭ ᠠᠴᠠ ᠭᠠᠭᠴᠠᠮᠣᠳᠤ

ᠬᠦᠷᠬᠦ ᠪᠣᠭᠤᠮᠲᠠ ᠶᠢᠨ ᠨᠡᠭᠦᠷᠡᠰᠦ ᠲᠡᠭᠡᠭᠡᠪᠦᠷᠢᠯᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ᠂ ᠨᠡᠭᠦᠷᠡᠰᠣ ︽ᠲᠡᠭᠡᠭᠡᠪᠦᠷᠢᠯᠡᠨ ᠬᠠᠳᠠᠭᠠᠯᠠᠵᠤ

ᠲᠣᠬᠢᠷᠠᠭᠤᠯᠤᠨ ᠪᠣᠷᠣᠯᠠᠭᠤᠯᠵᠤ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢ ᠨᠠᠪᠲᠠᠷᠡᠭᠦᠯᠵᠦ᠂ ︽ᠰᠢᠨᠵᠢᠶᠠᠩ ᠤᠨ ᠨᠡᠭᠦᠷᠡᠰᠦ ᠶᠢ ᠵᠡᠭᠦᠨᠰᠢ ᠬᠦᠷᠭᠡᠬᠦ᠂ ᠥᠪᠥᠷ

ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ︾ ᠶᠢ ᠪᠠᠶᠠᠯᠡᠬᠦᠯᠵᠤ᠂ ︽ᠮᠢᠩᠭᠠᠨ ᠲᠦᠮᠡᠨ ᠲᠣᠨ ᠨᠡᠭᠦᠷᠡᠰᠦ ᠶᠢ ᠬᠤᠶᠢᠲᠤ ᠬᠤᠰᠢᠭᠤᠨ ᠳᠤ ᠣᠷᠣᠭᠤᠯᠬᠤ︾

 ᠶᠢ ᠪᠡᠶᠡᠯᠡᠭᠦᠯᠦᠨ᠎ᠡ᠃ ᠵᠠᠰᠠᠮᠠᠯ ᠵᠠᠮ ᠲᠡᠮᠦᠷ ᠵᠠᠮ ᠲᠡᠯᠡᠶ ᠶᠢᠨ ᠲᠡᠭᠡᠭᠡᠪᠦᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠤᠨ᠂

ᠠᠭᠤᠷᠬᠠᠢ ᠶᠢᠨ ᠦᠢᠯᠡᠰ ᠤᠨ ᠲᠦᠭᠦᠬᠡᠢ ᠮᠠᠲ᠋ᠧᠷᠢᠶᠠᠯ ᠤᠨ ᠲᠡᠮᠦᠷ ᠵᠠᠮ ᠤᠨ ᠲᠡᠭᠡᠭᠡᠪᠦᠷᠢᠯᠡᠨ ᠣᠷᠣᠭᠤᠯᠬᠤ ᠬᠡᠮᠵᠢᠶ᠎ᠡ ᠶᠢ 3 ᠳᠠᠬᠢᠨ ᠠᠴᠠ ᠳᠡᠭᠡᠭᠰᠢ ᠨᠡᠮᠡᠭᠳᠡᠭᠦᠯᠬᠦ ᠪᠠᠷ

ᠴᠢᠷᠮᠠᠶᠢᠨ᠎ᠠ᠃

        ᠰᠢᠨ᠎ᠡ ᠶᠢ ᠡᠭᠦᠳᠴᠤ ᠰᠣᠶᠣᠯ ᠵᠢᠭᠤᠯᠴᠢᠯᠠᠯ ᠡᠷᠡᠭᠦᠯ ᠮᠡᠨᠳᠦ ᠶᠢ ᠬᠠᠮᠠᠭᠠᠯᠠᠬᠤ ᠠᠮᠢᠵᠢᠷᠠᠯ ᠤᠨ ᠬᠦᠴᠦᠨ ᠢ ᠠᠮᠢᠯᠠᠭᠤᠯᠤᠨ᠎ᠠ᠃ ᠤᠮᠠᠷᠠᠲᠤ ᠬᠢᠯᠢ ᠶᠢᠨ

ᠰᠣᠶᠣᠯ ᠤᠨ ᠨᠠᠷᠠᠲᠤ ᠳᠡᠮᠳᠡᠭ ᠢ ᠡᠭᠦᠳᠦᠨ ᠪᠠᠶᠢᠭᠤᠯᠬᠤ ᠪᠠᠷ ᠵᠢᠯᠣᠭᠤᠳᠤᠯᠭ᠎ᠠ ᠪᠣᠯᠭᠠᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂

ᠳᠥᠷᠪᠡᠨ ᠤᠯᠠᠷᠢᠯ ᠤᠨ ᠲᠤᠰᠬᠠᠢ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠲᠥᠯᠥᠪᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ

ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠮᠤᠨᠢ ᠠᠭᠤᠯᠠᠨ ᠤ ᠵᠤᠭᠠᠴᠠᠯ︱ ᠭᠠᠶᠢᠬᠠᠮᠰᠢᠭᠳᠤ ᠤᠷᠠᠳ ᠤᠨ ᠬᠤᠶᠢᠲᠤ ᠬᠤᠰᠢᠭᠤ ᠪᠠᠷ ᠠᠶᠠᠯᠠᠬᠤᠢ︾ ᠬᠤᠪᠢ

 ᠶᠢᠨ ᠠᠶᠠᠯᠠᠯ ᠤᠨ ᠨᠠᠷᠠᠲᠤ ᠲᠡᠮᠳᠡᠭ ᠪᠠ  ᠪᠤᠷᠬᠠᠨᠳᠤ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠨᠠᠷᠢᠨ ᠨᠢᠮᠪᠠᠢ ᠪᠠᠶᠢᠭᠤᠯᠵᠤ᠂ ᠮᠦᠩᠬᠦᠨ ᠡᠪᠤᠯ ᠤᠨ

ᠵᠢᠭᠤᠯᠴᠢᠯᠠᠯ᠂ ᠡᠯᠡᠰᠦᠨ ᠴᠥᠯ ᠤᠨ ᠠᠶᠠᠯᠠᠯ ᠢ ᠶᠡᠬᠡᠪᠡᠷ ᠬᠥᠭᠵᠢᠭᠦᠯᠦᠨ᠎ᠡ᠃ ᠬᠠᠯᠠᠭᠤᠨ ᠷᠠᠰᠢᠶᠠᠨ ᠤ ᠵᠢᠵᠢᠭ ᠪᠠᠯᠭᠠᠰᠣᠨ ᠤ ᠪᠦᠳᠣᠬᠡᠨ ᠪᠠᠶᠢᠭᠤᠯᠤᠯᠳᠠ ᠪᠠᠷ

ᠵᠢᠯᠤᠭᠤᠳᠣᠮᠵᠢ ᠪᠤᠯᠭᠠᠵᠤ᠂ ᠵᠤᠭᠠᠴᠠᠯ ᠤᠨ ᠠᠮᠠᠷᠠᠯᠳᠠ ᠶᠢᠨ ᠣᠷᠣᠨ ᠤ ᠲᠦᠷᠤᠯ ᠵᠦᠢᠯ ᠢ ᠪᠦᠬᠦ ᠬᠦᠴᠣᠨ ᠢᠶᠠᠷ ᠠᠬᠢᠭᠤᠯᠵᠤ᠂ ᠬᠤᠲᠠ ᠶᠢᠨ ᠲᠠᠯ᠎ᠠ ᠨᠤᠲᠤᠭ ᠤᠨ

ᠶᠡᠷᠦᠩᠬᠡᠶᠢᠯᠡᠭᠰᠡᠨ ᠲᠣᠭᠤᠷᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠠᠷᠠᠨ ᠠᠭᠤᠯᠠᠨ ᠤ ᠠᠮᠢ ᠠᠬᠤᠢ ᠶᠢᠨ

ᠦᠵᠡᠮᠵᠢ ᠶᠢᠨ ᠣᠷᠣᠨ᠂ ᠬᠤᠳᠠᠯᠳᠤᠭᠠᠨ ᠤ ᠶᠠᠪᠠᠭᠠᠨ ᠵᠡᠭᠡᠯᠢ᠂ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠤ ᠢᠵᠢ ᠪᠦᠷᠢᠳᠦᠭᠦᠯᠬᠦ ᠴᠢᠳᠠᠮᠵᠢ ᠶᠢ

ᠦᠷᠭᠦᠯᠵᠢᠯᠡᠨ ᠲᠡᠭᠦᠯᠳᠡᠷᠵᠢᠭᠦᠯᠵᠦ᠂ 10 ᠠᠴᠠ ᠳᠡᠭᠡᠭᠰᠢ ᠲᠦᠷᠪᠡᠨ ᠣᠳᠣᠨ ᠳᠡᠰ ᠤᠨ ᠵᠢᠭᠤᠯᠴᠢᠳ ᠬᠦᠯᠢᠶᠡᠨ ᠠᠪᠬᠤ ᠭᠠᠵᠠᠷ ᠪᠠᠶᠢᠭᠤᠯᠤᠨ᠂ ᠬᠥᠳᠡᠭᠡ

ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ 1 — 2 ᠢ ᠪᠣᠶᠢᠵᠢᠭᠤᠯᠵᠤ᠂ ︽ᠵᠡᠬᠦᠨ᠎ᠠ ᠡᠷᠳᠡᠨ ᠤ ᠨᠠᠷᠡᠳᠤ ᠤᠣ ᠶᠢᠨ ᠭᠤᠤᠯ ᠢᠶᠠᠷ ᠠᠶᠠᠯᠠᠨ᠂

ᠪᠠᠷᠠᠭᠤᠨ᠎ᠠ ᠲᠤᠸᠠᠨ ᠵᠢᠶᠧ ᠠᠷᠠᠳ ᠤᠨ ᠰᠠᠭᠤᠴᠠ ᠶᠢᠨ ᠲᠣᠰᠬᠤᠨ ᠢᠶᠠᠷ ᠵᠤᠭᠠᠴᠠᠵᠤ᠂ ᠡᠮᠦᠨ᠎ᠡ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠢᠶᠠᠷ ᠲᠤᠭᠤᠷᠢᠨ᠂

ᠬᠤᠶᠢᠨ᠎ᠠ ᠬᠤᠳᠠᠯᠳᠤᠭᠠᠨ ᠤ ᠶᠠᠪᠠᠭᠠᠨ ᠵᠡᠭᠡᠯᠢ ᠪᠠᠷ ᠵᠤᠷᠴᠢᠵᠤ᠂ ᠳᠣᠮᠳᠠ‌ᠬᠠᠯᠠᠭᠤᠨ ᠷᠠᠰᠢᠶᠠᠨ ᠠᠮᠠᠷᠠᠯᠳᠠ ᠶᠢᠨ ᠭᠠᠵᠠᠷ ᠢᠶᠠᠷ ᠠᠮᠠᠷᠠᠬᠤ︾ ᠬᠤᠲᠠ ᠬᠥᠳᠡᠭᠡ ᠶᠢᠨ

ᠨᠢᠭᠡ ᠴᠣᠭᠴᠠᠵᠢᠭᠰᠠᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ︽ᠬᠦᠴᠤᠳᠤ ᠯᠤᠤ ᠶᠢᠨ ᠦᠰᠦᠷᠦᠯᠲᠡ · ᠭᠡᠰᠢᠭ ᠬᠤᠷᠤᠶᠢᠯᠠᠭᠰᠠᠠ ᠬᠤᠶᠢᠲᠤ

ᠬᠤᠰᠢᠭᠤ︾ ᠶᠢᠨ ᠰᠣᠶᠣᠯ ᠵᠢᠭᠤᠯᠴᠢᠯᠠᠯ ᠤᠨ ᠰᠢᠷᠢᠰ ᠬᠦᠳᠡᠯᠬᠡᠬᠡᠨ ᠢ ᠨᠠᠷᠢᠨ ᠨᠢᠮᠪᠠᠢ ᠡᠷᠬᠢᠯᠡᠵᠦ᠂ ᠵᠠᠭᠤᠨ ᠲᠦᠮᠡᠨ ᠵᠤᠭᠠᠴᠠᠭᠰᠠᠳ ᠢ ᠬᠤᠶᠢᠲᠤ ᠬᠤᠰᠢᠭᠤᠨ ᠳᠤ

ᠲᠠᠳᠠᠨ ᠠᠪᠴᠢᠷᠠᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠵᠢᠯ ᠤᠨ

ᠳᠣᠲᠣᠷ᠎ᠠ ᠪᠠᠶᠢᠭᠤᠯᠵᠤ᠂ ᠲᠤᠰᠬᠠᠢ ᠮᠡᠷᠭᠡᠵᠢᠯ ᠤᠨ ᠪᠦᠯᠬᠦᠮ ᠢ ᠣᠷᠣᠭᠤᠯᠤᠨ ᠠᠪᠴᠢᠷᠠᠵᠤ᠂ ᠮᠣᠩᠭᠤᠯ ᠡᠮᠨᠡᠯᠭᠡ ᠶᠢᠨ ᠣᠨᠴᠠᠯᠢᠭᠲᠤ ᠡᠷᠡᠭᠦᠯᠵᠢᠯ ᠤᠨ

ᠦᠢᠯᠡᠴᠢᠯᠡᠭᠡᠨ ᠤ ᠲᠥᠪ ᠢ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ︽ᠢᠯᠡᠷᠡᠭᠡᠳᠤᠢ ᠡᠪᠡᠳᠴᠢᠨ ᠢ ᠵᠠᠰᠠᠬᠤ︾ ᠪᠠᠷ ᠭᠠᠷᠳᠠᠴᠠ ᠪᠣᠯᠭᠠᠵᠤ᠂ ᠮᠣᠩᠭᠤᠯ

ᠡᠮᠨᠡᠯᠭᠡ ᠶᠢᠨ ᠣᠨᠴᠠᠯᠢᠭᠲᠤ ᠡᠮᠨᠡᠯᠬᠡ ᠶᠢᠨ ᠠᠷᠭ᠎ᠠ ᠶᠢ ᠨᠡᠭᠡᠭᠡᠨ ᠬᠥᠭᠵᠢᠭᠦᠯᠵᠦ᠂ ︽ᠵᠢᠭᠤᠯᠴᠢᠯᠠᠯ + ᠡᠷᠡᠭᠦᠯᠵᠢᠯ ᠤᠨ ᠰᠤᠪᠢᠯᠠᠯᠲᠠ︾ ᠶᠢᠨ ᠰᠢᠨ᠎ᠡ ᠡᠵᠡᠩᠨᠡᠯᠲᠡ ᠶᠢᠨ

ᠬᠡᠯᠪᠡᠷᠢ ᠶᠢ ᠪᠠᠶᠠᠯᠢᠭᠵᠢᠭᠤᠯᠤᠨ᠎ᠠ᠃

        ︵ᠲᠠᠪᠤ︶ ᠠᠮᠢ ᠠᠬᠤᠢ ᠶᠢᠨ ᠬᠠᠮᠠᠭᠠᠯᠠᠯᠲᠠ ᠪᠠᠷ ᠰᠠᠭᠤᠷᠢ ᠪᠣᠯᠭᠠᠵᠤ᠂ ᠭᠠᠪᠰᠢᠭᠠᠶᠢᠯᠠᠨ ᠲᠡᠷᠢᠬᠦᠯᠠᠡᠬᠦ ᠰᠢᠨ᠎ᠡ ᠬᠠᠯᠬᠠᠪᠴᠢ ᠶᠢ ᠪᠠᠬᠢᠵᠢᠭᠦᠯᠦᠨ᠎ᠡ᠃ ᠰᠢ ᠶᠢᠨ

ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ

ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠴᠢᠬᠤᠯᠠ ᠶᠡᠭᠡ ᠠᠷᠠᠳ ᠤ ᠠᠮᠢᠳᠤᠷᠠᠯ ᠤᠨ ᠢᠨᠵᠧᠨᠧᠷᠢᠩ ᠪᠣᠯᠭᠠᠵᠤ᠂ ᠬᠥᠬᠡᠮᠳᠦᠭ ᠨᠣᠭᠤᠭᠠᠨ ᠠᠭᠤᠯᠠ

ᠤᠰᠤ ᠶᠢ ᠰᠠᠶᠢᠲᠤᠷ ᠰᠠᠬᠢᠨ ᠬᠠᠮᠠᠭᠠᠯᠠᠨ᠎ᠠ᠃ 

        ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠲᠡᠶᠢᠨ ᠢ ᠰᠠᠶᠢᠲᠤᠷ ᠬᠢᠨ᠎ᠡ᠃ ᠡᠬᠢ ᠪᠠᠶᠠᠯᠢᠭ ᠣᠷᠴᠢᠨ ᠲᠣᠭᠤᠷᠢᠨ ᠤ

ᠳᠠᠭᠠᠭᠠᠴᠠ ᠶᠢ ᠴᠢᠩᠭ᠎ᠠ ᠵᠢᠷᠤᠮᠯᠠᠨ ᠠᠭᠤᠷᠬᠠᠢ ᠶᠢ ᠨᠡᠭᠡᠭᠡᠨ ᠠᠰᠢᠭᠯᠠᠵᠤ ᠬᠠᠮᠠᠭᠠᠯᠠᠨ᠎ᠠ᠃ ᠣᠣᠯ ᠤᠨ ᠦᠯᠡᠳᠡᠭᠳᠡᠭᠰᠡᠨ ᠬᠠᠶᠠᠭᠳᠠᠮᠠᠯ ᠠᠭᠤᠷᠬᠠᠢ ᠶᠢᠨ ᠣᠷᠴᠢᠨ

ᠲᠣᠭᠤᠷᠢᠨ ᠢ ᠵᠠᠰᠠᠵᠤ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠶᠢᠷ ᠴᠢᠯᠠᠭᠤᠨ ᠤ ᠮᠠᠲ᠋ᠧᠷᠢᠶᠠᠯ ᠢ ᠬᠤᠯᠠᠭᠠᠶᠢᠯᠠᠨ ᠮᠠᠯᠳᠠᠭᠰᠠᠨ ᠬᠠᠤᠯᠢ ᠪᠤᠰᠣ

ᠠᠵᠢᠯᠯᠠᠭ᠎ᠠ ᠳᠤ ᠬᠦᠴᠣᠳᠠᠢ ᠴᠣᠬᠢᠯᠳᠠ ᠦᠭᠬᠦᠨ᠎ᠠ᠃ ︽ᠳᠥᠷᠪᠡᠨ ᠵᠠᠭᠠᠭ ᠢᠶᠠᠷ ᠲᠣᠭᠲᠠᠭᠠᠬᠤ︾ ᠵᠠᠷᠴᠢᠮ ᠢ ᠪᠦᠬᠦ ᠲᠠᠯ᠎ᠠ  ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠣᠰᠣᠨ ᠤ ᠡᠬᠢ ᠪᠠᠶᠠᠯᠢᠭ ᠢ ᠶᠠᠷᠤᠩᠬᠡᠶᠢᠯᠡᠨ ᠠᠰᠢᠭᠯᠠᠬᠤ ᠲᠦᠷᠤᠯ ᠵᠦᠢᠯ ᠢ ᠠᠬᠢᠭᠤᠯᠬᠤ ᠪᠠᠷ ᠵᠢᠯᠤᠭᠤᠳᠣᠮᠵᠢ ᠪᠤᠯᠭᠠᠨ᠂ ︽ᠤᠰᠤᠨ ᠤ

ᠡᠬᠢ ᠪᠠᠶᠠᠯᠢᠭ ᠢ ᠲᠤᠮᠳᠠ ᠣᠷᠳᠣ ᠬᠤᠭᠤᠴᠠᠭ᠎ᠠ ᠪᠠᠷ ᠶᠡᠷᠦᠩᠬᠡᠶᠢᠯᠡᠨ ᠠᠰᠢᠭᠯᠠᠬᠤ ᠲᠥᠰᠥᠯ︾ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂

ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠣᠯᠭᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠬᠢᠵᠠᠭᠠᠷᠯᠠᠯ ᠢ

ᠴᠢᠩᠳᠠᠯᠠᠵᠤ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠡᠷᠬᠡᠪᠰᠢ ᠤᠰᠤᠨ ᠤ ᠡᠷᠬᠡ ᠶᠢᠨ ᠠᠷᠠᠯᠵᠢᠶᠠᠨ ᠤ

ᠭᠦᠢᠴᠡᠳᠬᠡᠯ ᠲᠤᠭ᠎ᠠ ᠶᠢ ᠬᠤᠳᠠᠯᠳᠤᠨ ᠠᠪᠴᠤ᠂ ᠵᠢᠯ ᠤᠨ ᠳᠣᠲᠣᠷ᠎ᠠ ᠬᠠᠩᠬᠢᠨ ᠬᠤᠶᠢᠳᠤ ᠬᠤᠰᠢᠭᠤᠨ ᠤ ᠴᠡᠪᠡᠷᠵᠢᠭᠰᠡᠨ ᠣᠰᠣ᠂ ᠶᠦᠩ ᠮᠢᠩ ᠬᠠᠢ ᠽᠢ᠂ ᠵᠡᠬᠦᠨ

ᠤᠣ ᠶᠢᠨ ᠭᠤᠣᠯ ᠤᠨ ᠦᠶᠡᠷ ᠤᠨ ᠣᠰᠣ ᠳᠣᠭᠳᠠᠭᠠᠬᠤ ᠣᠷᠣᠨ ᠤ ᠤᠰᠤ ᠬᠠᠩᠭᠠᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠷᠭᠠᠨ᠎ᠠ

ᠭᠤᠸ ᠶᠢᠨ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ

ᠨᠡᠮᠡᠭᠳᠡᠭᠦᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠬᠤᠳᠠ ᠪᠠᠯᠭᠠᠰᠤᠨ ᠤ ᠤᠰᠤ

ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠵᠤ᠂ ᠬᠤᠳᠳᠤᠭ᠂ ᠬᠠᠳᠤᠨ ᠭᠤᠤᠯ ᠤᠨ ᠬᠤᠣᠰ ᠤᠰᠤᠯᠠᠯᠲᠠ ᠤᠨ ᠠᠵᠢᠯ ᠢ ᠲᠤᠷᠰᠢᠨ ᠠᠬᠢᠭᠤᠯᠵᠤ᠂ ︽

ᠲᠦᠷᠪᠡᠨ ᠤᠰᠤ ᠶᠢ ᠬᠤᠯᠪᠣᠯᠳᠤᠭᠤᠯᠬᠤ︾ ᠪᠠᠷ ᠵᠢᠱᠢᠶ᠎ᠡ ᠦᠵᠡᠭᠦᠯᠦᠨ᠂ ᠲᠠᠷᠢᠶᠠᠯᠠᠩ ᠤᠨ ᠤᠰᠤ ᠠᠷᠪᠢᠯᠠᠵᠤ ᠤᠰᠤ ᠬᠢᠵᠠᠭᠠᠷᠯᠠᠬᠤ ᠰᠢᠨ᠎ᠡ ᠠᠷᠭ᠎ᠠ ᠵᠠᠮ ᠢ ᠬᠠᠶᠢᠨ

ᠰᠦᠪᠡᠭᠴᠢᠯᠡᠨ᠎ᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠬᠤ ᠪᠠ

ᠪᠡᠯᠴᠢᠬᠡᠷ ᠢ ᠠᠮᠠᠷᠠᠭᠤᠯᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠳᠠᠬᠢᠨ ᠵᠠᠰᠠᠪᠤᠷᠢᠯᠠᠵᠤ᠂ ᠲᠥᠪᠯᠡᠷᠡᠨ ᠵᠠᠯᠭᠠᠯᠳᠤᠭᠰᠠᠨ ᠪᠡᠯᠴᠢᠭᠡᠷᠯᠡᠭᠦᠯᠬᠦ ᠶᠢ ᠵᠤᠭᠰᠤᠭᠠᠬᠤ

ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ᢭ ᠢ ᠰᠢᠨ᠎ᠡ ᠪᠠᠷ ᠬᠤᠪᠢᠶᠠᠷᠢᠯᠠᠵᠤ᠂ ᠰᠤᠮᠤ ᠪᠠᠯᠭᠠᠰᠤᠨ ᠤ ᠭᠤᠣᠯ ᠬᠠᠷᠢᠭᠤᠴᠠᠯᠭ᠎ᠠ᠂ ᠤᠢ

ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠴᠢᠩᠭ᠎ᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠪᠠᠷ ︽ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ

ᠪᠢᠲᠡᠭᠦᠮᠵᠢᠯᠡᠵᠤ ᠪᠡᠯᠴᠢᠭᠡᠷᠯᠡᠭᠦᠯᠬᠦ ᠦᠭᠡᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠠᠮᠢᠶᠠᠷᠤᠯᠲᠠ ᠶᠢ ᠴᠢᠩᠭᠠᠳᠬᠠᠨ ᠬᠡᠳᠤ ᠮᠠᠯᠵᠢᠬᠤ ᠦᠭᠡᠢ︾

 ᠶᠢ ᠡᠷᠡᠰ ᠪᠡᠶᠡᠯᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ︽ᠨᠢᠭᠡ ᠠᠭᠤᠯᠠ ᠬᠤᠶᠠᠷ ᠡᠯᠡᠰᠦ︾

 ᠶᠢᠨ ᠳᠤᠮᠳᠠ ︽ᠲᠤᠯᠤᠭᠠᠨ ᠨᠢᠭᠡ︾ ᠶᠢᠨ ᠵᠠᠭᠪᠤᠷ ᠢ ᠬᠡᠷᠡᠭᠵᠢᠭᠦᠯᠵᠦ᠂ ︽ᠤᠮᠠᠷᠠᠰᠢᠬᠢ ᠶᠢ ᠪᠢᠲᠡᠭᠦᠮᠵᠢᠯᠡᠨ᠂ ᠡᠮᠦᠨᠡᠬᠢ ᠶᠢ ᠣᠶᠢᠵᠢᠭᠤᠯᠵᠤ᠂ ᠪᠠᠷᠠᠭᠤᠨᠳᠠᠢ ᠶᠢ

ᠨᠢᠰᠭᠡᠯ ᠢᠶᠠᠷ ᠲᠠᠷᠢᠵᠤ᠂ ᠵᠡᠭᠦᠨᠳᠠᠢ ᠶᠢ ᠬᠠᠮᠠᠭᠠᠯᠠᠬᠤ︾ ︽ᠭᠤᠷᠪᠠᠨ ᠤᠮᠠᠷᠠᠳᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠲᠦᠯᠬᠢᠨ

ᠠᠬᠢᠭᠤᠯᠤᠨ᠎ᠠ᠃ ᠮᠤᠨᠢ ᠠᠭᠤᠯᠠᠨ ᠤ ᠠᠷᠤ ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠪᠣᠯᠣᠨ ᠪᠤᠷᠬᠠᠨᠳᠤ ᠶᠢᠨ ᠤᠯᠤᠰ ᠤᠨ

ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠲᠥᠷᠥᠯ ᠵᠦᠢᠯ ᠢ ᠴᠢᠨᠠᠷ ᠰᠠᠶᠢᠲᠠᠢ

ᠠᠬᠢᠭᠤᠯᠵᠤ᠂ ᠬᠠᠲᠤᠨ ᠭᠤᠣᠯ ᠤᠨ ︽ᠪᠤᠯᠠᠩ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠤᠨ᠎ᠠ᠃ ᠵᠠᠭᠤᠨ ᠲᠦᠮᠡᠨ

ᠮᠦ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠠᠭᠤᠯᠠᠨ ᠠᠷᠣ ᠶᠢᠨ ᠡᠯ᠎ᠡ

ᠰᠤᠮᠤ ᠪᠠᠯᠭᠠᠰᠤ ᠳᠤ 30 ᠲᠦᠮᠡᠨ ᠮᠦ ᠴᠠᠭᠠᠨ ᠭᠤᠶᠣᠣ ᠨᠡᠮᠡᠨ ᠳᠠᠷᠢᠵᠤ᠂ ︽ᠳᠠᠷᠢᠵᠤ ᠲᠡᠵᠢᠭᠡᠨ ᠪᠤᠯᠪᠠᠰᠤᠷᠠᠭᠤᠯᠵᠤ ᠪᠣᠷᠣᠯᠠᠭᠤᠯᠬᠤ︾ ᠪᠥᠬᠦ ᠠᠵᠤ ᠦᠢᠯᠡᠰ ᠤᠨ

ᠬᠡᠯᠬᠢᠶ᠎ᠡ ᠶᠢ ᠪᠣᠶ ᠪᠣᠯᠭᠠᠵᠤ᠂ ᠵᠠᠭᠤᠨ ᠲᠦᠮᠡᠨ ᠮᠦ ᠶᠢᠨ ᠴᠦᠯᠯᠡᠷᠭᠡᠭᠵᠢᠯ ᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ︽ᠢᠨᠵᠧᠨᠧᠷᠢᠩ ᠢᠶᠠᠷ

ᠡᠯᠡᠰᠦ ᠶᠢ ᠲᠣᠭᠲᠠᠪᠤᠷᠢᠵᠢᠭᠤᠯᠬᠤ + ᠣᠶᠢᠵᠢᠭᠤᠯᠤᠨ ᠪᠢᠲᠡᠭᠦᠮᠵᠢᠯᠡᠵᠤ ᠨᠢᠰᠭᠡᠯ ᠢᠶᠠᠷ ᠲᠠᠷᠢᠬᠤ︾ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂ ᠪᠠᠷᠠᠭᠤᠨ ᠪᠤᠯᠤᠩ ᠣᠶ

ᠰᠢᠭᠤᠢ ᠶᠢᠨ ᠲᠠᠯᠠᠪᠠᠶ ᠶᠢ ᠤᠯᠤᠰ ᠤᠨ ᠲᠠᠰ ᠤᠨ ᠡᠯᠡᠰᠦ ᠰᠡᠷᠭᠡᠶᠢᠯᠡᠨ ᠡᠯᠡᠰᠦ ᠵᠠᠰᠠᠬᠤ ᠵᠢᠱᠢᠶ᠎ᠡ ᠦᠵᠡᠭᠦᠯᠬᠦ ᠣᠶ ᠰᠢᠭᠤᠢ ᠶᠢᠨ ᠲᠠᠯᠠᠪᠠᠶ ᠪᠣᠯᠭᠠᠨ ᠤᠯᠤᠰ ᠤᠨ

ᠳᠡᠰ ᠤᠨ ᠤᠢ ᠰᠢᠭᠤᠢ ᠨᠤᠳᠤᠭ ᠪᠡᠯᠴᠢᠭᠡᠷ ᠤᠨ ᠰᠢᠨᠵᠢᠯᠡᠬᠦ ᠮᠡᠷᠭᠡᠵᠢᠯ ᠤᠨ ᠵᠢᠱᠢᠶ᠎ᠠ ᠦᠵᠡᠬᠦᠯᠬᠦ ᠰᠠᠭᠤᠷᠢᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠨ ᠬᠤᠩ

ᠣᠶ ᠰᠢᠭᠤᠢ ᠶᠢᠨ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠪᠠ ᠣᠶ ᠰᠢᠭᠤᠢ ᠶᠢᠨ ᠬᠠᠷᠢᠶᠠᠨ ᠤ

ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠦᠲᠦᠭᠡᠨ ᠪᠠᠶᠢᠭᠤᠯᠤᠨ᠎ᠠ᠃ ︽ᠰᠢᠨ᠎ᠡ ᠡᠨᠧᠷᠭᠢ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ︾

 ᠶᠢ ᠨᠠᠶᠢᠷᠠᠭᠤᠯᠤᠨ ᠵᠣᠬᠢᠶᠠᠬᠤ ᠠᠵᠢᠯ ᠲᠠᠢ ᠤᠶᠠᠯᠳᠤᠭᠤᠯᠤᠨ᠂ ︽ᠬᠡᠷᠡᠯ ᠴᠠᠬᠢᠯᠭᠠᠨ + ᠠᠮᠢ ᠠᠬᠤᠢ ᠶᠢᠨ ᠵᠠᠰᠠᠯᠲᠠ︾ ︽ᠬᠡᠷᠡᠯ ᠴᠠᠬᠢᠯᠭᠠᠨ + ᠠᠮᠢ

ᠠᠬᠤᠢ ᠶᠢᠨ ᠰᠡᠷᠭᠦᠭᠡᠯᠲᠡ︾ ᠶᠢᠨ ᠲᠥᠷᠥᠯ ᠵᠦᠢᠯ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠯᠡᠰᠦ ᠰᠡᠷᠭᠡᠶᠢᠯᠡᠨ ᠡᠯᠡᠰᠦ ᠵᠠᠰᠠᠬᠤ

ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃

        ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠨ᠎ᠡ᠃ ᠣᠳᠣᠬᠢᠴᠢᠯᠠᠭᠰᠠᠨ ᠤᠯᠤᠰ ᠤᠨ

ᠨᠤᠲᠤᠭ ᠳᠡᠪᠢᠰᠬᠡᠷ ᠤᠨ ᠣᠷᠣᠨ ᠵᠠᠢ ᠶᠢᠨ ᠵᠠᠰᠠᠯᠲᠠ ᠶᠢᠨ ᠰᠢᠰᠲ᠋ᠧᠮ ᠢ  ᠱᠠᠯᠠᠪᠳᠠᠨ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ

ᠲᠥᠯᠦᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠭᠠᠵᠠᠷ ᠰᠢᠷᠣᠢ ᠶᠢ ᠠᠷᠪᠢᠯᠠᠨ ᠡᠷᠴᠢᠮᠯᠢᠭ ᠬᠡᠷᠡᠭᠯᠡᠬᠦ ᠲᠦᠷᠦ ᠶᠢᠨ ᠪᠣᠳᠣᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭ ᠪᠣᠯᠭᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ

ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠠᠰᠢᠭᠯᠠᠯᠳᠠ ᠳᠡᠯᠭᠡᠷᠡᠭᠦᠯᠦᠯᠲᠡ ᠶᠢ ᠲᠦᠷᠭᠡᠳᠬᠡᠨ᠂ ᠾᠧᠢ ᠮᠤᠤ ᠶᠢᠨ

ᠬᠠᠲᠠᠭᠠᠮᠠᠯ ᠬᠡᠦᠷᠡᠰᠦ ᠶᠢᠨ ᠢᠵᠢ ᠪᠦᠷᠢᠳᠦᠭᠰᠡᠨ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠪᠠᠷ ᠴᠠᠬᠢᠯᠭᠠᠨ ᠭᠠᠷᠭᠠᠬᠤ᠂ ᠤᠷᠠᠳ ᠤᠨ ᠬᠤᠶᠢᠳᠤ ᠬᠤᠰᠢᠭᠤᠨ ᠤ

ᠽᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠡᠨᠧᠷᠭᠢ ᠤᠰᠤ ᠠᠷᠪᠢᠯᠠᠬᠤ ᠲᠥᠷᠥᠯ ᠵᠦᠢᠯ ᠢ ᠭᠤᠣᠯᠳᠠᠯᠭ᠎ᠠ ᠲᠠᠢ

ᠬᠡᠷᠡᠭᠵᠢᠭᠦᠯᠦᠨ᠎ᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠡᠨᠧᠷᠭᠢ ᠠᠷᠪᠢᠯᠠᠬᠤ ᠠᠷᠭ᠎ᠠ ᠶᠢ

ᠲᠦᠭᠡᠮᠡᠯᠵᠢᠬᠦᠯᠤᠨ᠂ ᠠᠵᠤ ᠠᠬᠤᠶᠢᠯᠠᠯ ᠢ ᠱᠠᠭᠠᠷᠳᠠᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠡᠨᠧᠷᠭᠢ ᠶᠡᠭᠡ

ᠬᠤᠷᠣᠭᠳᠠᠭᠤᠯᠬᠤ ᠲᠥᠬᠦᠭᠡᠷᠦᠮᠵᠢ ᠶᠢᠨ ᠮᠠᠷᠭᠡᠵᠢᠯ ᠢ ᠲᠠᠶᠠᠭᠳᠠᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠥᠷᠥᠯ ᠤᠨ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ

ᠲᠥᠷᠥᠯ ᠵᠦᠢᠯ ᠢ ᠡᠬᠢᠯᠡᠭᠦᠯᠦᠨ᠎ᠡ᠃ ᠳᠥᠭᠦᠮ ᠪᠥᠭᠡᠳ ᠲᠣᠬᠢᠷᠠᠮᠵᠢᠲᠠᠢ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ ᠨᠡᠶᠢᠭᠡᠮ ᠤᠨ

ᠪᠣᠬᠢᠷᠲᠤᠯ ᠦᠭᠡᠢ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠪᠤᠢ ᠪᠣᠯᠭᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ

ᠰᠠᠶᠢᠲᠤᠷ ᠬᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠬᠤ ᠡᠯ᠎ᠡ ᠵᠦᠢᠯ ᠤᠨ

ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠡᠷᠦᠩᠬᠡᠢ ᠱᠠᠭᠠᠷᠳᠠᠯᠭ᠎ᠠ ᠶᠢ

ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠠᠭᠠᠷ ᠤᠨ

ᠴᠡᠪᠡᠷᠴᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠤᠰᠤᠨ ᠤ ᠣᠷᠴᠢᠨ

ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠣᠯᠠᠨ ᠡᠬᠢᠲᠦ ᠪᠣᠬᠢᠷᠲᠤᠯ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ

ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠨ᠎ᠡ᠃ ᠬᠥᠷᠥᠰᠥ ᠰᠢᠷᠣᠢ ᠶᠢᠨ ᠪᠣᠬᠢᠷᠲᠤᠯ ᠢ ᠨᠠᠷᠢᠨ ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂

ᠦᠯᠡᠳᠡᠭᠳᠡᠭᠰᠡᠨ ᠬᠠᠲᠠᠭᠤ ᠬᠠᠶᠠᠭᠳᠠᠮᠠᠯ ᠪᠣᠳᠠᠰ ᠢ ᠵᠠᠰᠠᠬᠤ ᠠᠵᠢᠯ ᠢ ᠴᠢᠩᠭᠠᠳᠬᠠᠵᠤ᠂ ᠬᠦᠨᠳᠦ ᠠᠵᠤ ᠠᠬᠤᠶᠢᠯᠠᠯ ᠳᠤ ᠬᠤᠯᠪᠣᠭᠳᠠᠭᠰᠠᠨ ᠪᠣᠬᠢᠷᠲᠤᠯ ᠢ ᠰᠡᠷᠭᠡᠶᠢᠯᠡᠨ

ᠡᠵᠡᠮᠳᠡᠬᠦ ᠪᠠ ᠡᠩ ᠤᠨ ᠬᠠᠲᠠᠭᠤ ᠬᠠᠶᠠᠭᠳᠠᠮᠠᠯ ᠪᠣᠳᠠᠰ ᠤᠨ ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃

        ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ ᠪᠠᠷ ᠬᠦᠰᠠᠯ ᠬᠥᠭᠡᠭᠡᠴᠡᠯᠳᠦᠯ ᠪᠣᠯᠭᠠᠵᠤ᠂ ᠬᠤᠰᠢᠭᠤᠴᠢᠯᠠᠨ ᠤᠷᠤᠶᠢᠯᠠᠬᠤ

ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠤᠯᠠᠨ ᠲᠦᠮᠡᠨ ᠳᠤ ᠵᠢᠷᠭᠠᠯᠲᠤ ᠠᠮᠢᠳᠤᠷᠠᠯ ᠡᠳ᠋ᠯᠡᠬᠦᠯᠬᠦ ᠪᠣᠯ ᠵᠠᠰᠠᠭ ᠤᠨ ᠣᠷᠳᠣᠨ ᠤ ᠲᠡᠷᠢᠭᠦᠨ ᠴᠢᠬᠤᠯᠠ

ᠶᠠᠪᠤᠳᠠᠯ ᠮᠥᠨ᠂ ᠪᠢᠳᠡ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠲᠠᠢ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠠᠷᠠᠳ

ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠦᠨ᠎ᠡ᠃

        ᠲᠠᠭᠠᠯᠠᠮᠵᠢᠳᠠᠢ ᠤᠷᠤᠰᠢᠨ ᠰᠠᠭᠤᠷᠢᠰᠢᠬᠤ ᠣᠷᠴᠢᠨ ᠨᠥᠬᠦᠴᠡᠯ ᠢ ᠪᠦᠳᠤᠭᠡᠨ ᠪᠠᠶᠢᠭᠤᠯᠤᠨ᠎ᠠ᠃ ᠡᠭᠦᠳᠦᠨ ᠪᠠᠶᠢᠭᠤᠯᠬᠤ ᠬᠢᠷᠢ ᠲᠦᠪᠰᠢᠨ ᠢᠶᠠᠨ

ᠳᠡᠭᠡᠭᠰᠢᠯᠡᠭᠦᠯᠵᠦ᠂ ᠬᠤᠳᠠ ᠶᠢᠨ ᠣᠨᠴᠠᠯᠢᠭ ᠢ ᠲᠤᠪᠤᠶᠢᠯᠭᠠᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃

ᠨᠣᠭᠤᠭᠠᠨ ᠤᠷᠭᠤᠮᠠᠯ ᠢ ᠰᠢᠨᠵᠢᠯᠡᠬᠦ ᠤᠬᠠᠭᠠᠨᠴᠢ ᠪᠠᠷ ᠰᠣᠯᠢᠵᠤ ᠨᠦᠬᠦᠨ ᠳᠠᠷᠢᠵᠤ᠂ ᠴᠡᠴᠡᠷᠯᠢᠭ᠂ ᠠᠭᠤᠳᠠᠮ ᠲᠠᠯᠠᠪᠠᠢ ᠶᠢᠨ ᠲᠡᠰ ᠳᠡᠪᠰᠢᠬᠦ ᠶᠢ ᠠᠯᠭᠤᠷ ᠠᠬᠢᠭᠤᠯᠵᠤ᠂

ᠨᠣᠭᠤᠭᠠᠷᠠᠭᠤᠯᠤᠯᠲᠠ ᠶᠢᠨ ᠤᠰᠤᠯᠠᠯᠲᠠ ᠶᠢᠨ ᠤᠰᠤ ᠠᠷᠪᠢᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠴᠡᠴᠡᠷᠯᠢᠭᠵᠢᠬᠦᠯᠤᠯᠳᠠ ᠶᠢᠨ

ᠰᠢᠶᠠᠨ ᠤ ᠬᠤᠳᠠ ᠶᠢᠨ ᠲᠠᠬᠢᠨ ᠬᠢᠨᠠᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ ᠬᠤᠲᠠ ᠶᠢᠨ ᠰᠠᠭᠤᠷᠢ ᠲᠦᠭᠦᠭᠡᠷᠤᠮᠵᠢ ᠶᠢ ᠰᠢᠨᠡᠳᠬᠡᠬᠦ ᠭᠤᠷᠪᠠᠨ ᠵᠢᠯ ᠤᠨ

ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠶᠠ ᠾᠧ ᠹᠦ᠋ ᠳ᠋ᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠪᠠᠶᠠᠠᠪᠤᠯᠠᠭ

ᠪᠠᠯᠭᠠᠰᠤᠨ ᠤ ᠵᠡᠭᠡᠯᠢ ᠳᠠᠭᠠᠤ ᠰᠠᠭᠤᠭᠤᠯᠢ ᠲᠣᠭᠤᠷᠢᠭ ᠠᠴᠠ ᠭᠠᠳᠠᠨᠠᠬᠢ ᠬᠡᠷᠡᠮ ᠬᠠᠰᠢᠶᠠᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠶᠠᠪᠠᠭᠠᠨ

ᠬᠥᠮᠥᠨ ᠤ ᠵᠠᠮ᠂ ᠵᠠᠮ ᠤᠨ ᠭᠠᠳᠠᠷᠭᠤ ᠶᠢ ᠲᠡᠭᠰᠢᠯᠠᠨ ᠲᠡᠪᠢᠰᠬᠦ᠂ ᠵᠠᠮ ᠤᠨ ᠬᠤᠶᠠᠷ ᠬᠠᠵᠠᠭᠤ ᠶᠢᠨ ᠬᠦᠪᠡᠭᠡ ᠶᠢ ᠠᠷᠠᠴᠢᠯᠠᠨ ᠰᠢᠨᠡᠳᠬᠡᠬᠦ ᠶᠢ ᠠᠬᠢᠭᠤᠯᠤᠨ᠂

ᠬᠤᠲᠠ ᠶᠢᠨ ᠤᠰᠤ ᠬᠠᠩᠭᠠᠨ ᠤᠰᠤ ᠵᠠᠯᠠᠬᠤ ᠬᠤᠭᠤᠯᠠᠢ ᠶᠢᠨ ᠲᠣᠣᠷ᠂ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠶᠢ ᠪᠥᠬᠦ ᠲᠠᠯ᠎ᠠ ᠪᠠᠷ

ᠬᠡᠷᠡᠭᠵᠢᠭᠦᠯᠦᠨ᠎ᠡ᠃ ᠳᠤᠯᠠᠭᠠᠯᠠᠬᠤ ᠢᠨᠵᠧᠨᠧᠷᠢᠩ ᠢ ᠬᠡᠷᠡᠭᠵᠢᠬᠦᠯᠬᠦ ᠪᠠᠷ ᠵᠢᠯᠤᠭᠤᠳᠣᠮᠵᠢ ᠪᠤᠯᠭᠠᠨ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠢᠯᠴᠢ

ᠬᠠᠩᠭᠠᠯᠭ᠎ᠠ ᠶᠢᠨ ᠲᠣᠭᠲᠠᠭᠤᠨ ᠢ ᠪᠠᠳᠤᠯᠠᠨ᠂ ᠬᠤᠭᠤᠯᠠᠢ ᠰᠣᠪᠠᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ

ᠪᠠᠲᠤᠯᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂

ᠲᠡᠷᠭᠡ ᠵᠣᠭᠰᠤᠭᠠᠬᠤ ᠵᠢᠴᠢ ᠴᠠᠬᠢᠯᠭᠠᠨ ᠴᠡᠨᠡᠭᠯᠡᠬᠦ ᠵᠡᠷᠭᠡ ᠢᠵᠢ ᠪᠦᠷᠢᠳᠦᠭᠰᠡᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ

ᠶᠠᠪᠤᠳᠠᠯ ᠤᠨ ᠬᠠᠮᠠᠭᠠᠯᠠᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ

ᠳᠡᠭᠡᠭᠰᠢᠯᠡᠭᠦᠯᠵᠦ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽

ᠵᠠᠮᠪᠠᠷᠠᠭ᠎ᠠ ᠦᠭᠡᠢ︾ ᠦᠵᠡᠭᠳᠡᠯ ᠢ ᠡᠷᠡᠰ ᠴᠡᠭᠴᠡᠯᠡᠨ ᠵᠠᠰᠠᠵᠤ᠂ ︽ᠴᠡᠪᠡᠷ ᠴᠡᠮᠴᠡᠭᠡᠷ︾ ᠬᠤᠳᠠ ᠶᠢᠨ ᠲᠦᠷᠢ ᠲᠦᠷᠬᠦ ᠶᠢᠨ ᠠᠵᠢᠯ ᠢ ᠯᠠᠪᠳᠠᠭᠤᠨ ᠪᠠᠲᠤᠲᠠᠢ

ᠰᠠᠶᠢᠲᠤᠷ ᠬᠢᠨ᠎ᠡ᠃

        ᠰᠡᠳᠬᠢᠯ ᠬᠠᠨᠤᠮᠵᠢᠳᠠᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠷᠢᠳᠦᠬᠦᠯᠤᠨ᠎ᠠ᠃ ᠲᠠᠪᠤᠨ ᠬᠥᠮᠦᠵᠢᠯ ᠢ ᠵᠡᠷᠭᠡᠪᠡᠷ

ᠠᠳᠬᠤᠬᠤ ᠶᠢ ᠪᠠᠷᠢᠮᠲᠠᠯᠠᠵᠤ᠂ ︽ᠬᠤᠶᠠᠷ ᠢ ᠬᠦᠩᠭᠡᠷᠡᠬᠦᠯᠬᠦ︾ ᠠᠵᠢᠯ ᠢ ᠭᠦᠨᠵᠡᠭᠡᠶᠢᠷᠡᠭᠦᠯᠦᠨ᠂ ︽ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ

ᠨᠠᠢᠮᠠᠨ ᠠᠷᠭ᠎ᠠ︾ ᠶᠢ ᠰᠠᠶᠢᠲᠤᠷ ᠠᠮᠢᠳᠤᠯᠢᠭ ᠬᠡᠷᠡᠭᠯᠡᠨ᠂ ᠪᠠᠭᠰᠢ ᠶᠢᠨ ᠣᠷᠣᠨ ᠲᠤᠭ᠎ᠠ᠂ ᠠᠵᠢᠯᠲᠠᠨ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠳᠡᠭᠡᠳᠦ

ᠵᠡᠷᠭᠡ ᠶᠢᠨ ᠮᠡᠷᠭᠡᠵᠢᠯ ᠤᠨ ᠴᠣᠯᠠ᠂ ᠠᠵᠢᠯ ᠤᠨ ᠪᠤᠳᠠᠳᠤ ᠪᠦᠲᠦᠮᠵᠢ ᠶᠢᠨ ᠴᠠᠯᠢᠩ ᠢ ᠵᠦᠪᠭᠡᠨ ᠨᠢᠭᠡᠳᠦᠭᠡᠷ ᠹᠷᠣᠨᠲ ᠤᠨ ᠪᠠᠭᠰᠢ ᠳᠤ ᠤᠯᠭᠤᠨ᠂ ᠰᠤᠷᠭᠠᠭᠤᠯᠢ ᠶᠢᠨ

ᠵᠠᠬᠢᠷᠤᠯ ᠤᠨ ᠬᠠᠷᠠᠯᠲᠠᠲᠤ ᠬᠢᠨᠠᠨ ᠰᠢᠯᠭᠠᠬᠤ ᠬᠠᠷᠢᠭᠤᠴᠠᠯᠭ᠎ᠠ ᠶᠢᠨ  ᠲᠦᠷᠢᠮ ᠢ ᠭᠡᠷᠡᠭᠵᠢᠬᠦᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ

ᠪᠥᠬᠦ ᠬᠦᠴᠦᠨ ᠢᠶᠠᠷ ᠰᠠᠶᠢᠲᠤᠷ ᠡᠷᠭᠢᠯᠡᠨ᠎ᠡ᠃ ᠦᠷᠭᠦᠯᠵᠢᠯᠡᠨ 4000 ᠲᠦᠮᠡᠨ ᠲᠥᠭᠦᠷᠢᠭ ᠪᠠᠯᠠ ᠤᠷᠤᠭᠤᠯᠤᠨ᠂ ᠰᠤᠷᠭᠠᠨ ᠬᠥᠮᠦᠵᠢᠯ ᠤᠨ ᠬᠥᠭᠵᠢᠯᠲᠡ ᠶᠢ

ᠳᠡᠮᠵᠢᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠤᠸᠠᠩᠭᠠᠩ ᠤᠨ ᠲᠤᠷᠰᠢᠯᠲᠠ ᠶᠢᠨ ᠠᠰᠠᠷ ᠢ

ᠪᠠᠶᠢᠭᠤᠯᠵᠤ᠂ ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠳᠡᠰ ᠳᠡᠪᠰᠢᠬᠦᠯᠤᠨ ᠦᠬᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂

ᠭᠤᠷᠪᠠᠳᠤᠭᠠᠷ ᠬᠡᠦᠬᠡᠳ ᠤᠨ ᠴᠡᠴᠡᠷᠯᠢᠭ ᠦᠨᠤ ᠬᠠᠪᠤᠷ ᠴᠡᠴᠡᠷᠯᠢᠭ ᠢᠶᠠᠨ ᠨᠡᠭᠡᠭᠡᠵᠦ ᠰᠣᠷᠣᠭᠴᠢ ᠡᠯᠰᠡᠬᠦ ᠶᠢ ᠦᠨᠡᠨ ᠬᠦ ᠪᠠᠲᠤᠯᠠᠵᠤ᠂ ᠰᠤᠷᠬᠤ ᠨᠠᠰᠤᠨ ᠠᠴᠠ

ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠠᠭᠰᠢ ᠶᠢᠨ ᠴᠢᠳᠠᠪᠤᠷᠢ ᠶᠢ

ᠲᠡᠭᠡᠭᠰᠢᠯᠡᠬᠦᠯᠤᠨ᠂ ᠪᠠᠭᠰᠢ ᠶᠢᠨ ᠡᠩᠨᠡᠭᠡ ᠶᠢ ᠭᠦᠢᠴᠡᠳ ᠨᠥᠬᠦᠪᠦᠷᠢᠯᠡᠨ ᠬᠦᠴᠦᠷᠬᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠳᠤ 24 ᠰᠢᠯᠢᠳᠡᠭ ᠪᠠᠭᠰᠢ

ᠡᠯᠰᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠪᠣᠯᠭᠠᠨ᠎ᠠ᠃ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠥᠷᠨᠢᠭᠦᠯᠵᠦ᠂ ᠬᠤᠸᠠᠩᠭᠠᠩ ᠯᠤᠭ᠎ᠠ ᠶᠢᠨ

ᠬᠠᠮᠲᠤᠷᠠᠯᠴᠠᠭ᠎ᠠ ᠰᠣᠯᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ 5 ᠪᠠᠭᠰᠢ᠂ 26 ᠰᠣᠷᠣᠭᠴᠢ ᠶᠢ ᠰᠣᠩᠭᠤᠨ ᠲᠣᠮᠢᠯᠠᠵᠤ ᠬᠤᠸᠠᠩᠭᠠᠩ ᠳᠤ ᠨᠢᠭᠡ ᠵᠢᠯ

ᠰᠣᠯᠢᠯᠴᠠᠭᠤᠯᠤᠨ ᠰᠤᠷᠤᠯᠴᠠᠭᠤᠯᠵᠤ᠂ ᠴᠤ᠋ ᠰᠢᠨ᠎ᠡ ᠰᠣᠷᠭᠠᠨ ᠬᠦᠮᠤᠵᠢᠯ ᠤᠨ ᠵᠠᠭᠪᠤᠷ ᠪᠠ ᠦᠢᠯᠡᠭᠠᠭᠳᠠᠬᠤᠨ ᠢᠶᠠᠷ ᠬᠤᠶᠢᠲᠤ ᠬᠤᠰᠢᠭᠤᠨ ᠤ ᠠᠷᠠᠳ ᠲᠦᠮᠠᠨ ᠤ

ᠰᠤᠷᠭᠠᠨ ᠬᠥᠮᠦᠵᠢᠯ ᠤᠨ ᠢᠲᠡᠭᠡᠯ ᠵᠣᠷᠢᠭ ᠢ ᠬᠥᠪᠴᠢᠯᠡᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ᠴᠢᠳᠠᠪᠤᠷᠢ ᠳᠡᠭᠡᠭᠰᠢᠯᠡᠬᠦᠯᠬᠦ ᠶᠢ

ᠴᠢᠩᠭᠠᠳᠬᠠᠵᠤ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠯᠦᠭᠡ ᠶᠢᠨ ᠮᠡᠷᠭᠡᠵᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠤᠶᠢᠵᠢᠭᠤᠯᠬᠤ ᠲᠥᠪ ᠪᠠᠶᠢᠭᠤᠯᠬᠤ ᠶᠢ ᠬᠠᠶᠢᠨ ᠰᠦᠪᠡᠭᠴᠢᠯᠡᠵᠦ

᠂ ᠵᠥᠩ ᠨᠠᠨ ᠶᠡᠭᠡ ᠰᠤᠷᠭᠠᠭᠤᠯᠢ ᠶᠢᠨ ᠴᠢᠨᠠᠷ ᠰᠠᠶᠢᠲᠠᠢ ᠡᠬᠢ ᠪᠠᠶᠠᠯᠢᠭ ᠢ ᠣᠷᠢᠨ ᠣᠷᠣᠭᠤᠯᠵᠤ ᠥᠩᠭᠡᠲᠦ ᠲᠡᠮᠦᠷᠯᠢᠭ ᠤᠨ ᠠᠵᠤ ᠦᠢᠯᠡᠰ ᠤᠨ ᠮᠡᠷᠭᠡᠵᠢᠯ

ᠰᠢᠯᠵᠢᠭᠦᠯᠬᠦ ᠲᠥᠪ ᠢ ᠬᠠᠮᠲᠤᠪᠠᠷ ᠪᠠᠶᠢᠭᠤᠯᠬᠤ ᠪᠠᠷ ᠴᠢᠷᠮᠠᠶᠢᠵᠤ᠂ ᠥᠩᠭᠡᠲᠦ ᠲᠡᠮᠦᠷᠯᠢᠭ ᠬᠠᠶᠢᠯᠤᠭᠤᠯᠬᠤ᠂ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ

ᠠᠰᠢᠭᠯᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠮᠡᠷᠭᠡᠵᠢᠯ ᠢ ᠥᠭᠡᠷᠡᠴᠢᠯᠡᠨ ᠲᠠᠰ ᠳᠡᠪᠰᠢᠭᠦᠯᠬᠦ ᠵᠡᠷᠭᠡ ᠬᠦᠷᠢᠶᠡᠨ ᠳᠠᠬᠢ

ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠬᠦᠴᠣᠨ

ᠨᠠᠮᠠᠷᠢᠯᠠᠨ᠎ᠠ᠃

ᠵᠢᠷᠭᠠᠯᠳᠤ ᠰᠡᠳᠬᠢᠭᠳᠡᠯ ᠢᠶᠠᠷ ᠦᠨᠳᠤᠷ ᠡᠷᠡᠭᠦᠯ ᠡᠩᠬᠡ ᠬᠤᠶᠢᠲᠤ ᠬᠤᠰᠢᠭᠤ ᠶᠢ ᠴᠣᠭᠴᠠᠯᠠᠨ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ

ᠬᠤᠷᠢᠶᠠᠨ ᠤ ᠡᠵᠡᠩᠨᠡᠯᠲᠡ ᠬᠠᠮᠢᠶᠠᠷᠤᠯᠲᠠ᠂ ᠡᠮᠨᠡᠯᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ᠂ ᠨᠢᠭᠲᠠ ᠬᠡᠯᠪᠡᠷᠢ ᠶᠢᠨ ᠰᠢᠶᠠᠨ ᠤ

ᠬᠡᠪᠴᠢᠶᠡᠨ ᠤ ᠡᠮᠨᠡᠯᠬᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠡᠮᠨᠡᠯᠬᠡ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠭᠤᠷᠪᠠᠨ ᠵᠢᠯ ᠤᠨ ᠪᠣᠭᠤᠮᠲᠠ

ᠰᠢᠪᠲᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠮᠨᠡᠯᠬᠡ ᠶᠢᠨ ᠶᠡᠷᠦᠩᠬᠡᠶᠢᠯᠡᠭᠰᠡᠨ ᠲᠣᠭᠤᠷᠢᠭ ᠢ ᠪᠥᠬᠦ ᠲᠠᠯ᠎ᠠ ᠪᠠᠷ ᠡᠬᠢᠯᠡᠨ ᠬᠡᠷᠡᠭᠯᠡᠵᠦ᠂

ᠢᠵᠢ ᠪᠦᠷᠢᠳᠦᠭᠦᠯᠬᠦ ᠲᠦᠬᠦᠭᠡᠷᠤᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠡᠮᠨᠡᠯᠬᠡ ᠶᠢᠨ ᠡᠬᠢ ᠪᠠᠶᠠᠯᠢᠭ ᠢ ᠵᠦᠢ ᠵᠣᠬᠢᠰᠲᠠᠢ ᠥᠷᠭᠡᠳᠬᠡᠬᠦ ᠶᠢ

ᠠᠬᠢᠭᠤᠯᠤᠨ᠎ᠠ᠃ ᠬᠤᠰᠢᠭᠤᠨ ᠲᠠᠰ ᠠᠴᠠ ᠳᠡᠭᠡᠭᠰᠢᠬᠢ 3 ᠡᠮᠨᠡᠯᠬᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠬᠤ ᠪᠠᠷ ᠴᠢᠷᠮᠠᠶᠢᠨ᠎ᠠ᠃ ᠡᠮᠨᠡᠯᠬᠡ ᠶᠢᠨ

ᠬᠠᠮᠲᠤ ᠶᠢᠨ ᠴᠣᠭᠴᠠ ᠶᠢᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠡᠮᠨᠡᠯᠬᠡ ᠶᠢᠨ ᠡᠬᠢ ᠪᠠᠶᠠᠯᠢᠭ ᠢ ᠬᠠᠮᠳᠣᠪᠡᠷ ᠡᠳ᠋ᠯᠡᠨ

᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠮᠣᠩᠭᠤᠯ ᠡᠮᠨᠡᠯᠭᠡ ᠶᠢᠨ

ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠪᠠ ᠮᠣᠩᠭᠤᠯ ᠡᠮ ᠡᠮᠨᠡᠯᠭᠡ ᠶᠢᠨ ᠣᠨᠴᠠᠯᠢᠭ ᠲᠠᠢ ᠦᠢᠯᠡᠴᠢᠯᠡᠭᠡ ᠶᠢ ᠰᠠᠶᠢᠵᠢᠷᠠᠭᠤᠯᠵᠤ᠂ ᠬᠢᠲᠠᠳ

ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ

ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠰᠢᠰᠲ᠋ᠧᠮ

 ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ

ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠪᠥᠬᠦ ᠳᠠᠯ᠎ᠠ ᠪᠠᠷ ᠰᠠᠶᠢᠵᠢᠷᠠᠭᠤᠯᠤᠨ᠎ᠠ᠃

         ᠠᠵᠠ ᠵᠢᠷᠭᠠᠯ ᠤᠨ ᠮᠠᠳᠡᠷᠡᠮᠵᠢ ᠲᠠᠢ ᠨᠡᠶᠢᠭᠡᠮ ᠤᠨ ᠪᠠᠲᠤᠯᠠᠭ᠎ᠠ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ

ᠲᠦᠷᠦ ᠶᠢᠨ ᠪᠣᠳᠣᠯᠭ᠎ᠠ ᠶᠢ ᠴᠢᠩᠭᠠᠷᠠᠭᠤᠯᠵᠤ᠂ ᠬᠤᠳᠠ ᠪᠠᠯᠭᠠᠰᠤᠨ ᠤ 300 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ

ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠡᠷᠴᠢᠮ ᠢ ᠴᠢᠩᠭᠠᠷᠠᠭᠤᠯᠵᠤ᠂

ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠶᠢᠯᠡᠨ

ᠵᠣᠬᠢᠴᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯᠳᠠᠨ ᠪᠠ ᠬᠦᠮᠤᠨ ᠬᠡᠷᠡᠭᠯᠡᠬᠦ ᠪᠠᠶᠢᠭᠤᠯᠭ᠎ᠠ ᠳᠤ ᠨᠠᠷᠢᠨ ᠨᠢᠮᠪᠠᠢ ᠬᠦᠳᠡᠯᠮᠤᠷᠢ ᠬᠦᠴᠣᠨ ᠤ

ᠦᠢᠯᠡᠴᠢᠯᠡᠭᠡ ᠬᠠᠩᠭᠠᠨ᠂ ᠬᠥᠯᠥᠰᠦᠨ ᠠᠵᠢᠯᠴᠢᠨ ᠤ ᠴᠠᠯᠢᠩ ᠣᠯᠭᠤᠮᠵᠢ ᠶᠢ ᠥᠭᠬᠦ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠱᠠᠯᠠᠪᠳᠠᠨ

ᠠᠬᠢᠭᠤᠯᠤᠨ᠎ᠠ᠃ ᠣᠨᠴᠠᠭᠠᠶ ᠡᠪᠡᠳᠴᠢᠨ ᠤ ᠲᠥᠷᠥᠯ ᠤᠨ ᠲᠠᠩᠰᠠ ᠲᠠᠶᠢᠯᠬᠤ ᠬᠠᠷᠢᠴᠠᠯ ᠢ ᠴᠢᠩᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ

ᠲᠤᠬᠠᠢ ᠶᠢᠨ ᠭᠠᠵᠠᠷ ᠲᠤᠨᠢ ᠲᠠᠩᠰᠠ ᠲᠠᠶᠢᠯᠬᠤ ᠨᠣᠷᠮ᠎ᠠ ᠶᠢ 10% ᠠᠴᠠ ᠳᠡᠭᠡᠭᠰᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ

ᠵᠦᠢᠯ ᠢ ᠪᠠᠲᠤᠯᠠᠬᠤ ᠪᠠᠲᠤᠯᠠᠭ᠎ᠠ ᠶᠢᠨ ᠡᠲᠡᠭᠡᠳ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ

ᠪᠠᠶᠢᠭᠤᠯᠤᠨ ᠲᠡᠭᠦᠯᠳᠡᠷᠵᠢᠭᠦᠯᠵᠦ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂

︽ᠠᠭᠰᠢᠷᠠᠭ᠎ᠠ ᠨᠠᠰᠤᠳᠠᠨ ᠨᠢᠯᠬ᠎ᠠ ᠪᠠᠭᠠᠴᠤᠤᠯ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠶᠠᠷᠣᠩᠬᠡᠶᠢᠯᠡᠭᠰᠡᠨ

ᠠᠰᠠᠷᠠᠮᠵᠢ ᠶᠢᠨ ᠬᠦᠷᠢᠶᠡᠯᠡᠩ ᠤᠨ ᠪᠦᠳᠣᠬᠡᠨ ᠪᠠᠶᠢᠭᠤᠯᠤᠯᠳᠠ ᠶᠢ ᠡᠬᠢᠯᠡᠬᠦᠯᠤᠨ᠎ᠠ᠃ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ

ᠦᠷᠭᠦᠯᠵᠢᠯᠡᠨ ᠰᠠᠶᠢᠲᠤᠷ ᠬᠢᠵᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠣᠷᠣᠰᠢᠭᠤᠯᠭ᠎ᠠ ᠶᠢᠨ

ᠦᠢᠯᠡᠴᠢᠯᠡᠭᠡᠨ ᠤ ᠲᠦᠬᠦᠭᠡᠷᠤᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠩᠭᠤᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂

ᠦᠯᠡᠳᠡᠵᠤ ᠪᠠᠶᠢᠭ᠎ᠠ 1408 ᠳᠣᠷ᠎ᠠ ᠪᠠᠷ ᠣᠷᠣᠰᠢᠭᠤᠯᠤᠨ ᠪᠤᠩᠬᠤᠯᠠᠭᠰᠠᠨ ᠣᠩᠭᠤᠨ ᠢ ᠴᠡᠭᠴᠡᠯᠡᠬᠦ ᠡᠬᠦᠷᠬᠡ ᠶᠢ ᠪᠠᠶᠠᠯᠠᠬᠦᠯᠵᠤ᠂ ᠳᠤᠷ᠎ᠠ ᠪᠠᠷ ᠢᠶᠠᠨ ᠪᠤᠩᠬᠤᠯᠠᠨ

ᠣᠷᠣᠰᠢᠭᠤᠯᠬᠤ ᠶᠢ ᠠᠮᠢ ᠠᠬᠤᠢ ᠶᠢᠨ ᠪᠤᠯᠪᠠᠰᠤᠨ ᠣᠷᠣᠰᠢᠭᠤᠯᠭ᠎ᠠ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃

        ᠠᠮᠤᠷ ᠲᠦᠪᠰᠢᠨ ᠤ ᠰᠡᠳᠬᠢᠭᠳᠡᠯ ᠲᠠᠢ ᠨᠡᠶᠢᠭᠡᠮ ᠤᠨ ᠵᠠᠰᠠᠯᠲᠠ ᠶᠢ ᠪᠠᠲᠤᠳᠬᠠᠨ᠎ᠠ᠃ ᠳᠣᠮᠳᠠᠳᠣ ᠶᠢᠨ ᠦᠨᠳᠣᠰᠣᠳᠠᠨ ᠤ ᠬᠠᠮᠳᠣ ᠶᠢᠨ ᠴᠣᠭᠴᠠ ᠶᠢᠨ

ᠣᠬᠠᠮᠰᠠᠷ ᠢᠶᠠᠷ ᠡᠯ᠎ᠡ ᠠᠵᠢᠯ ᠤᠨ ᠭᠤᠤᠯ ᠰᠢᠵᠢᠮ ᠪᠤᠯᠬᠤ ᠶᠢ ᠢᠮᠠᠭᠳᠠ ᠪᠠᠷᠢᠮᠳᠠᠯᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ

ᠵᠢᠱᠢᠶᠡᠴᠢ ᠬᠤᠰᠢᠭᠤ ᠶᠢ ᠴᠢᠷᠮᠠᠶᠢᠨ ᠮᠡᠳᠡᠬᠦᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠪᠤᠶᠠᠨ

ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠭᠦᠨᠵᠡᠭᠡᠢ ᠦᠢᠯᠡᠳᠦᠯᠭᠡᠵᠢᠭᠦᠯᠦᠨ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠥᠬᠦ

ᠬᠦᠴᠦᠨ ᠢᠶᠠᠷ ᠢᠶᠠᠨ ᠴᠡᠭᠴᠡᠯᠠᠵᠤ᠂ ᠵᠠᠬᠢᠳᠠᠯ ᠰᠤᠷᠪᠤᠯᠵᠢᠯᠠᠯ ᠦᠬᠡᠢ ᠪᠠᠯᠭᠠᠰᠤ᠂ ᠲᠣᠰᠬᠤᠨ᠂  ᠲᠤᠭᠤᠶᠢᠯᠠᠩ ᠢ ᠡᠭᠦᠳᠦᠨ ᠪᠠᠶᠢᠭᠤᠯᠬᠤ ᠭᠤᠣᠯ ᠱᠤᠭᠤᠮ ᠳᠤ

ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠤᠯᠤᠰ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃

ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ

ᠦᠵᠡᠭᠦᠯᠬᠦ ᠬᠤᠲᠠ ᠪᠠ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠣᠯᠠᠨ

ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠨᠡᠶᠢᠭᠡᠮ ᠤᠨ ᠠᠮᠤᠷ ᠲᠦᠪᠰᠢᠨ ᠤ ︽ᠴᠣᠬᠢᠯᠲᠠ ᠥᠭᠴᠤ

ᠰᠡᠷᠭᠡᠶᠢᠯᠡᠨ ᠡᠵᠡᠮᠳᠡᠵᠤ ᠵᠠᠰᠠᠬᠤ︾ ᠪᠠ ᠣᠶᠤᠨᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ

ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠪᠡᠶᠡᠯᠡᠬᠦᠯᠬᠦ

︾ ᠲᠣᠭᠲᠠᠭᠠᠯ ᠤᠳ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ

ᠰᠠᠶᠢᠲᠤᠷ ᠠᠳᠬᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠵᠢᠯᠤᠭᠤᠳᠬᠤ ᠲᠥᠪ ᠢ ᠪᠠᠶᠢᠭᠤᠯᠵᠤ᠂ ᠨᠡᠭᠦᠷᠡᠰᠦᠨ ᠪᠤᠰᠤ ᠠᠭᠤᠷᠬᠠᠢ᠂ ᠠᠶᠤᠯ ᠲᠠᠢ

ᠬᠢᠮᠢ ᠶᠢᠨ ᠦᠢᠯᠡᠳᠪᠤᠷᠢ᠂ ᠲᠡᠮᠦᠷᠯᠢᠭ ᠪᠣᠯᠪᠠᠰᠤᠷᠠᠭᠤᠯᠬᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠤᠨ ᠭᠠᠵᠠᠷ᠂ ᠬᠤᠲᠠ ᠪᠠᠯᠭᠠᠰᠤᠨ ᠤ ᠰᠢᠲᠠᠮᠠᠬᠠᠢ ᠬᠡᠢ ᠵᠡᠷᠭᠡ

ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ ᠠᠵᠢᠯ ᠢ ᠴᠢᠩᠭ᠎ᠠ ᠠᠳᠬᠤᠨ ᠨᠠᠷᠢᠯᠢᠭ ᠠᠳᠬᠤᠵᠤ᠂

ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ ᠲᠡᠵᠢᠭᠡᠯ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠯᠲᠡ ᠶᠢ

ᠴᠢᠩᠭᠠᠳᠬᠠᠨ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠡᠷᠡᠭᠵᠢᠭᠦᠯᠵᠦ᠂ ᠪᠠᠶᠢᠭᠠᠯᠢ ᠶᠢᠨ ᠭᠠᠮᠰᠢᠭ ᠢ

ᠡᠰᠡᠷᠭᠦᠴᠡᠬᠦ ᠶᠡᠷᠦᠩᠬᠡᠶᠢᠯᠡᠭᠰᠡᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃

        ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠳᠤᠭᠡᠨ ᠪᠠᠶᠢᠭᠤᠯᠤᠯᠳᠠ

        ᠰᠢᠨ᠎ᠡ ᠪᠠᠶᠢᠳᠠᠯ᠂ ᠰᠢᠨ᠎ᠡ ᠠᠵᠠ ᠲᠣᠬᠢᠶᠠᠯ᠂ ᠰᠢᠨ᠎ᠡ ᠥᠷᠢᠰᠦᠯᠳᠦᠭᠡᠨ ᠤ ᠡᠮᠦᠨ᠎ᠡ᠂ ᠪᠢᠳᠠ ᠴᠠᠭ ᠢᠮᠠᠭᠳᠠ ᠬᠤᠷᠴᠠ ᠰᠡᠷᠭᠡᠭ ᠢᠶᠠᠷ ᠲᠠᠷᠢᠬᠢ ᠲᠤᠯᠤᠭᠠᠢ

 ᠪᠠᠨ ᠠᠵᠢᠯᠯᠠᠭᠤᠯᠤᠨ᠂ ᠤᠭ ᠰᠠᠨᠠᠭ᠎ᠠ ᠪᠠᠨ ᠦᠯᠤ ᠮᠠᠷᠳᠠᠨ᠂ ᠠᠷᠠᠳ ᠲᠦᠮᠠᠨ ᠤ ᠲᠦᠯᠤᠭᠡ ᠰᠢᠨᠳᠠᠷᠠᠰᠢ ᠦᠭᠡᠢ ᠦᠢᠯᠡᠴᠢᠯᠡᠵᠤ᠂ ︽ᠳᠥᠷᠪᠡ ᠶᠢ ᠦᠨᠳᠦᠰᠦᠨ

ᠱᠠᠲᠤᠨ ᠳᠤ ᠪᠠᠭᠤᠯᠭᠠᠬᠤ︾ ᠤᠯᠠᠮᠵᠢᠯᠠᠯᠲᠤ ᠠᠷᠭ᠎ᠠ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ

ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃

        ᠦᠨᠡᠨᠴᠢ ᠰᠢᠳᠤᠷᠭᠤ ᠵᠣᠷᠢᠭ ᠰᠠᠨᠠᠭ᠎ᠠ ᠪᠠᠨ ᠪᠠᠲᠤᠳᠬᠠᠨ᠎ᠠ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ

ᠡᠷᠡᠰ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠳᠤᠮᠵᠢ ᠶᠢ ᠠᠬᠢᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂

ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ

ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠠᠰᠠᠭ ᠤᠨ ᠣᠷᠳᠣᠨ ᠤ ᠠᠵᠢᠯ ᠲᠠᠢ ᠬᠠᠮᠲᠤ ᠳᠤᠨᠢ

ᠲᠥᠯᠥᠪᠵᠢᠭᠦᠯᠤᠨ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ

ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠵᠢᠯᠤᠭᠤᠳᠴᠣ᠂ ᠥᠨᠳᠥᠷ ᠵᠣᠭᠰᠣᠴᠠ ᠠᠴᠠ ᠦᠨᠡᠨᠴᠢ ᠰᠢᠳᠤᠷᠭᠤ ᠵᠠᠰᠠᠭ ᠤᠨ ᠣᠷᠳᠣᠨ ᠢ

ᠪᠠᠶᠢᠭᠤᠯᠬᠤ ᠶᠢ ᠪᠠᠷᠢᠮᠲᠠᠯᠠᠨ᠎ᠠ᠃

        ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾

ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠬᠦᠷᠭᠡ ᠪᠠᠨ ᠰᠠᠶᠢᠳᠤᠷ ᠪᠠᠶᠡᠯᠡᠬᠦᠯᠬᠦ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠪᠥᠬᠦ

ᠰᠡᠳᠬᠢᠯ ᠪᠠ ᠣᠶᠤᠨ ᠴᠢᠳᠠᠯ ᠢᠶᠠᠨ ᠠᠵᠢᠯ ᠬᠢᠵᠦ ᠠᠳᠠᠯ ᠦᠢᠯᠡᠰ ᠴᠣᠭᠴᠠᠯᠠᠬᠤ ᠳᠡᠭᠡᠷ᠎ᠡ ᠲᠦᠪᠯᠡᠷᠡᠬᠦᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠤᠨ ᠪᠠᠨ

ᠲᠠᠯᠪᠢᠵᠤ᠂ ᠠᠷᠠᠳ ᠲᠤ ᠠᠰᠢᠭ ᠲᠤᠰᠠ ᠣᠯᠭᠤᠬᠤ ᠳᠡᠭᠡᠷ᠎ᠡ ᠰᠢᠷᠭᠠᠭᠤ ᠠᠵᠢᠯᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ

ᠪᠠᠳᠠᠷᠠᠭᠤᠯᠤᠨ᠂ ᠠᠷᠠᠳ ᠣᠯᠠᠨ᠂ ᠦᠨᠳᠦᠰᠦᠨ ᠱᠠᠲᠤ᠂ ᠠᠵᠤ ᠠᠬᠤᠶᠢᠯᠠᠯ ᠪᠠ ᠲᠥᠷᠥᠯ ᠵᠦᠢᠯ ᠳᠤ ᠰᠠᠶᠢᠲᠤᠷ ᠦᠢᠯᠡᠴᠢᠯᠡᠵᠦ᠂ ᠠᠷᠠᠳ ᠲᠤ ᠲᠥᠬᠦᠮ ᠦᠵᠡᠭᠦᠯᠬᠦ

12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠵᠠᠰᠠᠭ ᠤᠨ ᠣᠷᠳᠣᠨ᠂ ᠣᠯᠠᠨ ᠲᠦᠮᠡᠨ ᠪᠠ ᠠᠵᠤ ᠠᠬᠤᠶᠢᠯᠠᠯ ᠤᠨ ︽ᠬᠥᠭᠦᠷᠭᠡ

ᠬᠤᠯᠪᠤᠭᠠᠰᠤ︾ ᠪᠣᠯᠭᠠᠨ ᠪᠦᠲᠦᠭᠡᠨ ᠪᠠᠶᠢᠭᠤᠯᠤᠨ᠎ᠠ᠃ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷᠴᠤᠳ ᠤᠨ

ᠶᠡᠷᠦᠩᠬᠡᠶᠢᠯᠡᠭᠰᠡᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃

ᠴᠢᠩᠭ᠎ᠠ ᠬᠠᠮᠢᠶᠠᠷᠬᠤ ᠪᠠ ᠬᠠᠯᠠᠮᠵᠢᠯᠠᠨ ᠵᠤᠷᠢᠭᠵᠢᠭᠤᠯᠬᠤ ᠶᠢ ᠤᠶᠠᠯᠳᠤᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ

ᠤᠷᠮᠠᠰᠢᠭᠤᠯᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠵᠠᠰᠠᠭ ᠤᠨ ᠣᠷᠳᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠶᠢ ᠪᠠᠷᠢᠮᠲᠠᠯᠠᠨ᠎ᠠ᠃

        ᠬᠠᠤᠯᠢᠵᠢᠯ ᠤᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠬᠤᠰᠢᠭᠤ ᠶᠢ

ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾

ᠪᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ

ᠲᠣᠭᠲᠠᠭᠠᠬᠤ ᠠᠵᠢᠯᠯᠠᠭ᠎ᠠ ᠶᠢ ᠦᠨᠡᠨᠬᠦ ᠵᠢᠷᠤᠮᠵᠢᠭᠤᠯᠤᠨ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠬᠡᠨ᠎ᠡ

᠃ ᠨᠠᠮ ᠤᠨ ᠳᠣᠲᠣᠭᠠᠳᠤ ᠶᠢᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ

ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ

ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠳᠤᠷ ᠰᠢᠢᠳᠪᠤᠷᠢᠯᠠᠨ᠎ᠠ᠃ ᠵᠠᠰᠠᠭ ᠤᠨ ᠣᠷᠳᠣᠨ ᠤ ᠬᠠᠤᠯᠢ ᠶᠣᠰᠣᠭᠠᠷ ᠬᠢᠭᠰᠡᠨ ᠠᠮᠠᠯᠠᠯᠲᠠ ᠶᠢ ᠪᠡᠶᠡᠯᠡᠭᠦᠯᠵᠦ᠂ ᠥᠨᠳᠥᠷ

ᠲᠦᠪᠰᠢᠨ ᠢᠶᠠᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠨ᠎ᠠ᠃

        ᠠᠷᠢᠭᠤᠨ ᠴᠢᠬᠡᠴᠢ ᠶᠢᠨ ᠰᠠᠭᠤᠷᠢ ᠶᠢ ᠪᠠᠲᠤ ᠴᠣᠭᠴᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠲᠤᠰ

ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ

ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠳᠣᠪᠤᠶᠢᠯᠭᠠᠨ ᠰᠠᠶᠢᠳᠣᠷ ᠠᠳᠬᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ᠂

ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠶᠤᠯ ᠲᠦᠭᠰᠢᠭᠦᠷᠢ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂

ᠦᠨᠳᠦᠰᠦᠨ ᠱᠠᠲᠤᠨ ᠤ ᠪᠢᠴᠢᠯ ᠢᠯᠵᠠᠷᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠢᠯᠵᠠᠷᠠᠯ ᠡᠭᠦᠰᠬᠦ ᠬᠥᠷᠥᠰᠥ ᠰᠢᠷᠣᠢ ᠶᠢ ᠡᠷᠡᠰ ᠢᠶᠠᠷ ᠠᠷᠢᠯᠭᠠᠵᠤ᠂

ᠳᠦᠷᠢᠮ ᠤᠨ ᠬᠠᠲᠠᠭᠤ ᠴᠢᠨᠠᠷ ᠢᠶᠠᠷ ᠡᠷᠬᠡ ᠶᠢᠨ ᠬᠦᠴᠦᠨ ᠤ ᠳᠤᠷ᠎ᠠ ᠪᠠᠷ ᠢᠶᠠᠨ ᠶᠠᠪᠤᠭᠳᠠᠬᠤ ᠶᠢ ᠰᠡᠷᠭᠡᠶᠢᠯᠡᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ

ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠨᠠᠶᠢᠳᠠᠪᠤᠷᠢᠵᠢᠭᠤᠯᠤᠨ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠬᠤᠷᠢᠭᠯᠠᠵᠤ᠂ ᠠᠷᠪᠢᠯᠠᠨ

ᠭᠠᠮᠨᠠᠬᠤ ᠶᠢ ᠪᠠᠷᠢᠮᠲᠠᠯᠠᠵᠤ᠂ ᠪᠦᠷᠢᠯᠭᠡᠨ ᠰᠦᠢᠳᠬᠡᠬᠦ ᠶᠢ ᠬᠤᠷᠢᠭᠯᠠᠨ᠂ ︽ᠠᠷᠪᠢᠴᠢ ᠭᠠᠮᠳᠠᠢ︾ ᠦᠵᠡᠯ ᠰᠠᠨᠠᠭ᠎ᠠ ᠶᠢ ᠦᠨᠡᠨ ᠬᠦ ᠪᠠᠲᠤ ᠪᠠᠬᠢ ᠪᠤᠢ ᠪᠣᠯᠭᠠᠵᠤ᠂

ᠥᠨᠳᠥᠷ ᠱᠠᠭᠠᠷᠳᠠᠯᠭ᠎ᠠ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠶᠢ ᠪᠠᠷᠢᠮᠲᠠᠯᠠᠨ᠎ᠠ᠃

        ᠲᠥᠯᠥᠭᠡᠯᠡᠭᠴᠢᠳ ᠠ᠋︕ ᠴᠢᠷᠮᠠᠶᠢᠨ ᠳᠡᠮᠡᠴᠡᠪᠡᠰᠣ ᠬᠢᠯᠠᠯᠵᠠᠮ᠎ᠠ ᠠᠮᠵᠢᠯᠳᠠ ᠶᠢ ᠡᠬᠦᠳᠴᠣ᠂ ᠪᠤᠳᠠᠳᠣ ᠠᠵᠢᠯᠯᠠᠪᠠᠰᠣ ᠰᠠᠷᠠᠭᠤᠯ ᠢᠷᠡᠬᠡᠳᠣᠢ ᠶᠢ

ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠰᠠᠠ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ

ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠮᠡᠭᠡᠲᠦ ᠨᠤᠲᠤᠭ ᠤᠨ ᠥᠬᠢᠳ ᠬᠥᠪᠡᠭᠦᠳ ᠤᠨ ᠰᠡᠳᠬᠢᠯ ᠵᠢᠷᠤᠭᠡ ᠶᠢ ᠨᠢᠭᠲᠠᠷᠠᠭᠤᠯᠵᠤ᠂ ᠳᠤᠮᠳᠠᠳᠤ

ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠰᠢᠶᠠᠨ ᠤ ᠲᠤᠮᠳᠠ ᠤᠷᠤᠰᠬᠠᠯ ᠳᠤ ᠮᠠᠷᠡᠶᠢᠨ ᠤᠷᠤᠬᠤ ᠬᠠᠷᠠᠯᠲᠠ ᠡᠭᠦᠷᠭᠡ ᠶᠢ ᠪᠡᠶᠡᠯᠡᠭᠦᠯᠵᠤ᠂ ︽ᠰᠢᠨ᠎ᠡ

ᠬᠤᠶᠢᠲᠤ ᠬᠤᠰᠢᠭᠤ︾ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕

                ᠨᠡᠷ᠎ᠡ ᠦᠬᠡᠰ ᠤᠨ ᠲᠠᠶᠢᠯᠪᠤᠷᠢ

 

       1. ︽ᠲᠠᠪᠤᠨ ᠶᠡᠭᠡ ᠡᠭᠦᠷᠭᠡ︾᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ

ᠪᠣᠯ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠵᠠᠭᠠᠷ ᠤᠨ ᠠᠮᠤᠷ

ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠡᠨᠧᠷᠭᠢ ᠶᠢᠨ ᠰᠣᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ᠂

ᠤᠯᠤᠰ ᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ

ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ 

       2. ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠄ ᠨᠠᠮ ᠤᠨ ᠠᠴᠢ ᠳᠤ ᠳᠠᠯᠠᠷᠬᠠᠨ᠂ ᠨᠠᠮ ᠤᠨ ᠦᠭᠡ ᠶᠢ

ᠰᠣᠨᠣᠰᠴᠤ᠂ ᠰᠢ ᠶᠢᠨ ᠫᠢᠩ ᠶᠡᠷᠦᠩᠬᠡᠢ ᠱᠦᠵᠢ ᠶᠢ ᠬᠦᠷᠢᠶᠠᠯᠠᠨ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠣᠷᠣᠭᠰᠢᠯᠠᠵᠤ ᠵᠢᠱᠢᠶᠡᠴᠢ ᠪᠣᠯᠬᠤ ᠬᠡᠷᠡᠭᠲᠡᠢ︔

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃ ᠦᠨᠳᠦᠰᠦᠲᠡᠨ ᠤ ᠭᠠᠵᠠᠷ

ᠣᠷᠣᠨ ᠳᠤ ᠳᠤᠮᠳᠠᠳᠤ ᠤᠯᠤᠰ ᠤᠨ ᠣᠨᠴᠠᠯᠢᠭ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠠᠯ᠎ᠠ ᠪᠠᠷ ᠵᠢᠱᠢᠶᠡᠴᠢ ᠪᠣᠯᠬᠤ

ᠬᠡᠷᠡᠭᠲᠡᠢ︔ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠳᠤ ᠵᠢᠱᠢᠶᠡᠴᠢ ᠪᠣᠯᠬᠤ ᠬᠡᠷᠡᠭᠲᠡᠢ︔ ᠬᠢᠯᠢ

 ᠪᠠᠨ ᠬᠥᠭᠵᠢᠭᠦᠯᠤᠨ ᠬᠢᠵᠠᠭᠠᠷ ᠢᠶᠠᠨ ᠳᠣᠭᠳᠠᠪᠤᠷᠢᠯᠠᠭᠤᠯᠬᠤ ᠳᠤ ᠵᠢᠱᠢᠶᠡᠴᠢ ᠪᠣᠯᠬᠤ ᠬᠡᠷᠡᠭᠲᠡᠢ︔ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ

ᠭᠠᠳᠠᠭᠠᠳᠤ ᠶᠢᠨ ᠬᠤᠣᠰ ᠣᠷᠴᠢᠯ ᠢ ᠬᠤᠯᠪᠤᠨ ᠨᠡᠪᠳᠡᠷᠡᠬᠦᠯᠬᠦ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ

ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃

       3. ︽ᠬᠤᠶᠠᠷ ᠦᠢᠯᠡᠳᠬᠦᠨ ᠨᠢᠭᠡ ᠪᠠᠷᠢᠮᠵᠢᠶ᠎ᠠ ᠨᠢᠬᠡ ᠰᠢᠨ᠎ᠡ︾᠄ ︽ᠬᠤᠶᠠᠷ ᠦᠢᠯᠡᠳᠬᠦᠨ︾ ᠭᠡᠳᠡᠭ ᠨᠢ ᠪᠣᠬᠢᠷᠲᠤᠯ ᠦᠭᠡᠢ ᠦᠢᠯᠡᠳᠬᠦᠨ ᠪᠠ ᠣᠷᠭᠠᠨᠢᠭ

ᠲᠠᠷᠢᠶᠠᠯᠠᠩ ᠤᠨ ᠪᠦᠲᠦᠭᠡᠭᠳᠡᠬᠦᠨ ᠢ ᠵᠢᠭᠠᠵᠤ ᠪᠤᠢ︔ ︽ᠨᠢᠭᠡ ᠪᠠᠷᠢᠮᠵᠢᠶ᠎ᠠ︾ ᠭᠡᠳᠡᠭ ᠨᠢ ᠭᠠᠵᠠᠷ ᠵᠦᠢ ᠶᠢᠨ ᠲᠦᠯᠦᠬᠡᠯᠡᠬᠦ ᠴᠢᠨᠠᠷᠳᠠᠢ ᠲᠠᠷᠢᠶᠠᠯᠠᠩ ᠤᠨ

ᠪᠦᠲᠦᠭᠡᠭᠳᠡᠬᠦᠨ ᠢ ᠵᠢᠭᠠᠵᠤ ᠪᠤᠢ︔ ︽ᠰᠢᠨ᠎ᠡ︾ ᠭᠡᠳᠡᠭ ᠨᠢ ᠣᠨᠴᠠ ᠰᠢᠯᠢᠳᠡᠭ ᠰᠢᠨ᠎ᠡ ᠳᠠᠷᠢᠶᠠᠯᠠᠩ ᠤᠨ ᠪᠦᠳᠣᠬᠡᠭᠳᠡᠬᠦᠨ ᠪᠠ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠢ ᠵᠢᠭᠠᠵᠤ ᠪᠤᠢ᠃

       4. ︽ᠲᠤᠰᠬᠠᠢ ᠨᠠᠷᠢᠯᠢᠭ ᠣᠨᠴᠠ ᠰᠢᠨ᠎ᠡ︾ ᠵᠢᠱᠢᠶ᠎ᠡ ᠦᠵᠡᠭᠦᠯᠬᠦ ᠠᠵᠤ ᠠᠬᠤᠶᠢᠯᠠᠯ᠄ ᠣᠲᠣ ᠶᠢᠨ ᠪᠠᠶᠢᠭ᠎ᠠ ︽ᠲᠤᠰᠬᠠᠢ ᠨᠠᠷᠢᠯᠢᠭ ᠣᠨᠴᠠ ᠰᠢᠨ᠎ᠡ︾

ᠳᠤᠮᠳᠠ ᠵᠢᠵᠢᠭ ᠠᠵᠤ ᠠᠬᠤᠶᠢᠯᠠᠯ ᠤᠨ ᠳᠣᠲᠣᠷ᠎ᠠ ᠠᠴᠠ ᠰᠣᠩᠭᠤᠵᠤ ᠭᠠᠷᠭᠠᠭᠰᠠᠨ ᠲᠤᠰᠬᠠᠶᠢᠵᠢᠭᠰᠠᠨ ᠬᠢᠷᠢ ᠬᠡᠮᠵᠢᠶ᠎ᠡ ᠪᠠᠷ ᠥᠨᠳᠥᠷ᠂ ᠰᠢᠨ᠎ᠡ ᠶᠢ ᠡᠭᠦᠳᠬᠦ

ᠴᠢᠳᠠᠪᠤᠷᠢ ᠪᠠᠷ ᠴᠢᠩᠭ᠎ᠠ᠂ ᠡᠵᠡᠩᠨᠡᠯᠲᠡ ᠬᠠᠮᠢᠶᠠᠷᠤᠯᠲᠠ ᠪᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠲᠠᠢ ᠭᠤᠤᠯᠳᠠᠯᠭᠠᠳᠣ ᠠᠵᠤ ᠠᠬᠤᠶᠢᠯᠠᠯ ᠢ ᠵᠢᠭᠠᠵᠤ ᠪᠤᠢ᠃

 

       5. C ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ᠄ ᠣᠯᠠᠨ ᠬᠤᠯᠪᠣᠭᠳᠠᠯ ᠲᠠᠢ ᠬᠢᠮᠢ ᠶᠢᠨ ᠠᠵᠤ ᠦᠢᠯᠡᠳᠪᠦᠷᠢ ᠶᠢᠨ ᠠᠵᠤ

ᠠᠬᠤᠶᠢᠯᠠᠯ ᠪᠤᠶᠤ ᠲᠥᠷᠥᠯ ᠵᠦᠢᠯ ᠢᠶᠠᠷ ᠪᠦᠷᠢᠯᠳᠦᠵᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠶᠢᠨ ᠠᠵᠤ

ᠦᠢᠯᠡᠰ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ᠂ ᠭᠠᠵᠠᠷ ᠵᠦᠢ ᠶᠢᠨ ᠵᠠᠭᠠᠭ ᠬᠢᠵᠠᠭᠠᠷ ᠪᠠ ᠬᠠᠮᠢᠶᠠᠷᠤᠯᠲᠠ ᠶᠢᠨ ᠭᠤᠣᠯ ᠴᠣᠭᠴᠠ ᠨᠢ ᠲᠣᠳᠣᠷᠬᠠᠢ᠂

ᠰᠠᠭᠤᠷᠢ ᠲᠦᠬᠦᠬᠡᠷᠣᠮᠵᠢ ᠪᠠ ᠬᠠᠮᠢᠶᠠᠷᠤᠯᠲᠠ ᠶᠢᠨ ᠰᠢᠰᠲ᠋ᠧᠮ ᠨᠢ ᠪᠦᠷᠢᠨ ᠪᠦᠲᠦᠨ ᠠᠵᠤ ᠦᠢᠯᠡᠳᠪᠦᠷᠢ ᠶᠢᠨ ᠣᠷᠣᠨ ᠪᠦᠰᠡ ᠳᠤ ᠲᠤᠰᠬᠠᠢ ᠪᠠᠶᠢᠭᠤᠯᠤᠭᠰᠠᠨ

ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠵᠢᠴᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠪᠤᠶᠤ ᠪᠤᠰᠤᠳ ᠠᠵᠤ ᠦᠢᠯᠡᠳᠪᠦᠷᠢ ᠶᠢᠨ ᠲᠣᠭᠤᠷᠢᠭ ᠲᠤ

ᠬᠠᠷᠢᠴᠠᠩᠭᠤᠢ ᠪᠠᠷ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠪᠠᠷ

ᠭᠤᠣᠯᠯᠠᠭᠤᠯᠤᠭᠰᠠᠨ ᠠᠵᠤ ᠦᠢᠯᠡᠰ ᠤᠨ ᠳᠣᠭᠤᠷᠢᠭ ᠪᠤᠶᠤ ᠲᠥᠪᠯᠡᠷᠡᠭᠰᠡᠨ ᠣᠷᠣᠨ ᠢ ᠪᠠᠭᠲᠠᠭᠠᠨ᠎ᠠ᠃ ᠲᠦᠭᠰᠢᠭᠦᠷᠢ ᠶᠢᠨ ᠲᠠᠰ ᠢ ABCD ᠭᠡᠵᠦ ᠳᠥᠷᠪᠡᠨ

ᠲᠥᠷᠥᠯ ᠳᠤ ᠬᠤᠪᠢᠶᠠᠨ᠎ᠠ᠄ A ᠲᠥᠷᠥᠯ ᠨᠢ ᠥᠨᠳᠥᠷ ᠠᠶᠤᠯ ᠲᠦᠭᠰᠢᠭᠦᠷᠢ᠂ B ᠲᠥᠷᠥᠯ ᠨᠢ ᠨᠡᠯᠢᠶᠡᠳ ᠥᠨᠳᠥᠷ ᠠᠶᠤᠯ ᠲᠦᠭᠰᠢᠭᠦᠷᠢ᠂ C ᠲᠥᠷᠥᠯ ᠨᠢ

ᠡᠩ ᠤᠨ ᠠᠶᠤᠯ ᠲᠦᠭᠰᠢᠭᠦᠷᠢ᠂ D ᠲᠥᠷᠥᠯ ᠨᠢ ᠨᠡᠯᠢᠶᠡᠳ ᠳᠣᠣᠷ᠎ᠠ ᠠᠶᠤᠯ ᠲᠦᠭᠰᠢᠭᠦᠷᠢ᠃

       6. ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂

ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠢ᠃ 

       7. ︽ᠲᠦᠭ ᠲᠦᠮᠡᠨ︾ ᠶᠢᠨ ᠢᠨᠵᠧᠨᠧᠷᠢᠩ᠄ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠡᠨᠡ ᠬᠦ ᠭᠤᠣᠯ ᠰᠢᠵᠢᠮ ᠤᠨ

ᠲᠣᠭᠤᠷᠢᠨ ᠳᠤ᠂ ᠭᠠᠴᠠᠭ᠎ᠠ ᠲᠣᠰᠬᠤᠨ ᠤ ᠬᠠᠮᠲᠤ  ᠠᠴᠠ 10 ᠲᠤᠰᠬᠠᠢ ᠬᠤᠷᠰᠢᠶᠠᠵᠢᠯ ᠢ ᠳᠠᠭᠠᠭᠤᠯᠤᠨ ᠡᠷᠭᠢᠯᠡᠵᠦ᠂ ᠵᠠᠭᠤᠨ ᠠᠵᠤ ᠠᠬᠤᠶᠢᠯᠠᠯ ᠵᠠᠭᠤᠨ

ᠬᠤᠷᠰᠢᠶᠠᠵᠢᠯ ᠲᠠᠢ ᠬᠠᠮᠵᠢᠯᠴᠠᠵᠤ᠂ ᠵᠠᠭᠤᠨ ᠬᠤᠷᠰᠢᠶᠠᠵᠢᠯ ᠲᠦᠮᠡᠨ ᠡᠷᠦᠬᠡ ᠲᠠᠢ ᠬᠠᠮᠳᠣᠷᠠᠯᠴᠠᠬᠤ ᠠᠵᠢᠯ ᠤᠨ ᠵᠠᠭᠪᠤᠷ ᠢ ᠪᠣᠶ ᠪᠣᠯᠭᠠᠵᠤ᠂ 2000 ᠡᠷᠦᠬᠡ

ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠪᠣᠶᠢᠵᠢᠭᠤᠯᠤᠨ᠂ ᠮᠦ ᠪᠦᠷᠢ ᠶᠢᠨ ᠳᠤᠮᠳᠠᠴᠢ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ ᠲᠦᠮᠡ ᠠᠴᠠ

ᠳᠠᠪᠠᠭᠤᠯᠬᠤ ᠶᠢ ᠪᠡᠶᠡᠯᠡᠭᠦᠯᠦᠨ᠎ᠡ᠃

       8. ᠵᠢᠷᠭᠤᠭᠠᠨ ᠶᠡᠭᠡ ᠢᠨᠵᠧᠨᠧᠷᠢᠩ᠄ ᠨᠢᠭᠡ ᠳᠤ ᠤᠮᠠᠷᠠᠲᠤ ᠬᠢᠯᠢ ᠶᠢᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠭᠡ

ᠢᠨᠵᠧᠨᠧᠷᠢᠩ᠂ ᠬᠤᠶᠠᠷ ᠲᠤ ᠨᠠᠶᠢᠳᠠᠨ ᠲᠡᠵᠢᠭᠡᠯᠭᠡᠵᠦ ᠠᠷᠠᠳ ᠢ ᠪᠠᠶᠠᠵᠢᠭᠤᠯᠬᠤ ᠢᠨᠵᠧᠨᠧᠷᠢᠩ᠂ ᠭᠤᠷᠪᠠ ᠳᠤ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ

ᠬᠦᠴᠦᠷᠬᠡᠭᠵᠢᠭᠦᠯᠬᠦ ᠢᠨᠵᠧᠨᠧᠷᠢᠩ᠂ ᠳᠥᠷᠪᠡ ᠳᠤ ᠫᠷᠦ᠋ᠼᠧᠯ ᠡᠪᠡᠳᠴᠢᠨ ᠢ ᠦᠯᠤ ᠬᠠᠯᠳᠠᠭᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂

ᠲᠠᠪᠤ ᠳᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠦᠬᠦᠨ ᠢ ᠬᠠᠮᠤᠷᠬᠤ ᠢᠨᠵᠧᠨᠧᠷᠢᠩ᠂ ᠵᠢᠷᠭᠤᠭ᠎ᠠ ᠳᠤ ᠦᠩᠬᠡᠷᠡᠭᠴᠢ ᠠᠵᠤ ᠠᠬᠤᠢ ᠶᠢᠨ ᠠᠷᠠᠳ ᠲᠤ ᠲᠥᠬᠦᠮ

ᠦᠵᠡᠭᠦᠯᠵᠦ ᠣᠷᠣᠯᠭ᠎ᠠ ᠶᠢ ᠨᠡᠮᠡᠭᠳᠡᠭᠦᠯᠬᠦ ᠢᠨᠵᠧᠨᠧᠷᠢᠩ᠃

        9. ︽ᠭᠤᠷᠪᠠᠨ ᠪᠠᠳᠣᠯᠠᠭ᠎ᠠ᠂ ᠨᠢᠬᠡ ᠠᠮᠤᠷ ᠲᠦᠪᠰᠢᠨ︾᠄ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠬᠡ᠂ ᠣᠷᠣᠨ

ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃

       10. ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ

᠂ ᠪᠡᠯᠡ ᠮᠥᠩᠭᠦ ᠶᠢ ᠬᠤᠪᠢ ᠣᠷᠣᠭᠤᠯᠤᠯᠲᠠ ᠶᠢᠨ ᠮᠥᠩᠭᠦ ᠪᠣᠯᠭᠠᠨ ᠬᠤᠪᠢᠷᠠᠭᠤᠯᠵᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠤᠨ᠎ᠠ᠃

       11. ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ᠄ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ

ᠵᠠᠰᠠᠬᠤ︾ ᠢᠨᠵᠧᠨᠧᠷᠢᠩ ᠪᠣᠯ ᠰᠢ ᠶᠢᠨ ᠫᠢᠩ ᠨᠥᠬᠦᠷ ᠤᠨ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠲᠦᠯᠦᠪᠯᠡᠨ ᠪᠠᠶᠢᠷᠢᠯᠠᠭᠤᠯᠵᠤ ᠠᠬᠢᠭᠤᠯᠤᠭᠰᠠᠨ ᠨᠢᠭᠡᠨ

ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ 2003 ᠣᠨ ᠤ 6 ᠰᠠᠷ᠎ᠠ ᠳᠤ᠂ ᠰᠢ ᠶᠢᠨ ᠫᠢᠩ ᠨᠥᠬᠦᠷ ︽ᠮᠢᠩᠭᠠᠨ ᠲᠦᠮᠡᠨ ᠢᠨᠵᠧᠨᠧᠷᠢᠩ︾ ᠢ

ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠪᠠ᠄ ᠪᠦᠬᠦ ᠮᠤᠵᠢ ᠳᠣᠳᠣᠷ᠎ᠠ ᠠᠴᠠ ᠲᠦᠮᠡ ᠣᠷᠴᠢᠮ ᠤᠨ ᠵᠠᠰᠠᠭ ᠵᠠᠬᠢᠷᠭᠠᠨ ᠤ ᠭᠠᠴᠠᠭ᠎ᠠ ᠶᠢ

ᠰᠣᠩᠭᠤᠨ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠡᠭᠦᠨ ᠤ ᠳᠣᠲᠣᠷᠠᠬᠢ 1000 ᠣᠷᠴᠢᠮ ᠤᠨ ᠭᠤᠤᠯ ᠳᠣᠰᠬᠤᠨ ᠢ ᠪᠦᠬᠦ ᠲᠠᠯ᠎ᠠ ᠪᠠᠷ ᠴᠢᠨᠡᠭᠡᠯᠢᠭᠵᠢᠭᠰᠡᠨ ᠵᠢᠱᠢᠶ᠎ᠡ

ᠦᠵᠡᠭᠦᠯᠬᠦ ᠭᠠᠴᠠᠭ᠎ᠠ ᠪᠣᠯᠭᠠᠨ ᠪᠦᠲᠦᠭᠡᠨ ᠪᠠᠶᠢᠭᠤᠯᠣᠭᠰᠠᠨ ᠳᠣᠷᠰᠢᠯᠭ᠎ᠠ ᠶᠢ ᠵᠢᠭᠠᠵᠤ ᠪᠤᠢ᠃

       12. ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ᠄ ᠵᠢᠭᠤᠯᠴᠢᠳ ᠤᠨ ᠠᠶᠠᠯᠠᠨ ᠵᠣᠭᠠᠴᠠᠬᠤ ᠳᠤ ᠡᠷᠬᠡᠪᠰᠢ ᠰᠣᠩᠭᠤᠬᠤ

ᠶᠣᠰᠣᠳᠠᠢ ᠲᠦᠷᠪᠡᠨ ᠭᠠᠵᠠᠷ᠂ ᠳᠠᠷᠣᠢ ᠤᠯᠤᠰ ᠤᠨ ᠳᠣᠲᠣᠭᠠᠳᠤ ᠶᠢᠨ ᠬᠤᠪᠢ ᠪᠠᠷ ᠢᠶᠠᠨ ᠠᠶᠠᠯᠠᠨ ᠵᠢᠭᠤᠯᠴᠢᠯᠠᠬᠤ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ

ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠭᠠᠵᠠᠷ᠂ ᠡᠷᠡᠭᠦᠯ ᠮᠡᠨᠳᠦ ᠰᠤᠪᠢᠯᠠᠯᠲᠠ ᠵᠢᠭᠤᠯᠴᠢᠯᠠᠯ ᠤᠨ ᠭᠠᠵᠠᠷ᠃

       13. ︽ᠢᠯᠡᠷᠡᠬᠡᠳᠣᠢ ᠡᠪᠡᠳᠴᠢᠨ ᠢ ᠵᠠᠰᠠᠬᠤ︾᠄ ᠤᠷᠢᠳᠴᠢᠯᠠᠨ ᠰᠡᠷᠭᠡᠶᠢᠯᠡᠬᠦ ᠪᠤᠶᠤ ᠡᠮᠨᠡᠨ ᠵᠠᠰᠠᠬᠤ ᠠᠷᠭ᠎ᠠ ᠪᠠᠷ ᠡᠪᠡᠳᠴᠢᠨ ᠡᠮᠭᠡᠭ ᠡᠭᠦᠰᠬᠦ ᠪᠠ

ᠬᠥᠭᠵᠢᠬᠦ ᠶᠢ ᠰᠡᠷᠭᠡᠶᠢᠯᠡᠬᠦ ᠶᠢ ᠵᠢᠭᠠᠵᠤ ᠪᠤᠢ᠃ ᠡᠭᠦᠨ ᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠨᠢᠭᠡᠨᠲᠡ ᠡᠪᠡᠳᠴᠢᠯᠡᠭᠰᠡᠨ ᠤ ᠳᠠᠷᠠᠭ᠎ᠠ ᠲᠡᠭᠦᠨ ᠤ

ᠬᠤᠪᠢᠷᠠᠬᠤ ᠶᠢ ᠰᠡᠷᠭᠡᠶᠢᠯᠡᠬᠦ᠂ ᠡᠪᠡᠳᠴᠢᠨ ᠤ ᠬᠥᠭᠵᠢᠯᠲᠡ ᠬᠤᠪᠢᠰᠤᠯᠲᠠ ᠶᠢ ᠴᠠᠭ ᠲᠤᠬᠠᠢ ᠳᠤᠨᠢ ᠬᠢᠵᠠᠭᠠᠷᠯᠠᠬᠤ᠂ ᠡᠪᠡᠳᠴᠢᠨ ᠤ ᠳᠠᠬᠢᠨ ᠬᠥᠳᠡᠯᠬᠦ ᠶᠢ

ᠤᠷᠢᠳᠴᠢᠯᠠᠨ ᠰᠡᠷᠭᠡᠶᠢᠯᠡᠬᠦ ᠵᠢᠴᠢ ᠠᠷᠬᠠᠭ ᠭᠡᠮ ᠢ ᠵᠠᠰᠠᠵᠤ ᠡᠳᠡᠭᠡᠷᠡᠭᠦᠯᠬᠦ ᠵᠡᠷᠭᠡ ᠠᠭᠤᠯᠭ᠎ᠠ ᠪᠠᠭᠲᠠᠨ᠎ᠠ᠃

       14. ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ᠄ ᠳᠤᠮᠳᠠᠳᠤ ᠤᠯᠤᠰ ᠤᠨ ᠤᠮᠠᠷᠠᠲᠤ ᠶᠢᠨ ᠭᠤᠷᠪᠠᠨ ᠣᠷᠣᠨ ︵ᠪᠠᠷᠠᠭᠤᠨ ᠬᠤᠶᠢᠲᠤ ᠣᠷᠣᠨ᠂

ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠬᠥᠮᠥᠨ ᠤ ᠬᠦᠴᠦᠨ ᠤ ᠣᠶ ᠰᠢᠭᠤᠢ ᠶᠢᠨ ᠠᠮᠢ ᠠᠬᠤᠢ ᠶᠢᠨ

ᠢᠨᠵᠧᠨᠧᠷᠢᠩ᠃

       15. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠵᠤ

ᠦᠨᠳᠦᠰᠦᠨ ᠱᠠᠲᠤᠨ ᠳᠤ ᠪᠠᠭᠤᠯᠭᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠣᠷᠪᠤᠯᠵᠢᠯᠠᠯ ᠢ ᠬᠦᠯᠢᠶᠡᠨ

ᠠᠪᠬᠤ ᠶᠢ ᠦᠨᠳᠦᠰᠦᠨ ᠱᠠᠲᠤᠨ ᠳᠤ ᠪᠠᠭᠤᠯᠭᠠᠬᠤ᠂ ᠲᠤᠬᠠᠢ ᠶᠢᠨ ᠲᠠᠯᠠᠪᠤᠷ ᠲᠤ ᠠᠵᠢᠯᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠵᠤ ᠪᠤᠢ︾᠃

        16. ︽ᠨᠢᠭᠡ ᠲᠥᠯᠦᠪᠵᠢᠭᠦᠯᠭᠡ ᠬᠤᠶᠠᠷ ᠬᠥᠲᠥᠯᠪᠦᠷᠢ︾᠄ ︽ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ

ᠲᠥᠯᠦᠪᠵᠢᠭᠦᠯᠭᠡ ︵2020— 2025 ᠣᠨ︶︾ ᠪᠠ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2020 —

2025 ᠣᠨ︶︾ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠢ

ᠵᠢᠭᠠᠵᠤ ᠪᠤᠢ᠃

 

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ