ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠬᠤᠶᠠᠳᠤᠭᠠᠷ ᠣᠳᠠᠭᠠᠨ ᠤ ᠬᠤᠷᠠᠯ ᠤᠨ ᠲᠦᠯᠦᠬᠡᠯᠡᠭᠴᠢᠳ ᠤᠨ ᠰᠠᠨᠠᠭᠤᠯᠭ᠎ᠠ  ᠶᠢ ᠬᠦᠢᠴᠡᠳᠬᠡᠭᠰᠡᠨ ᠪᠠᠶᠢᠳᠠᠯ ᠤᠨ ᠳᠣᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2024/1/12
       2024 ᠣᠨ ᠤ 1 ᠰᠠᠷ᠎ᠠ ᠶᠢᠨ 12 ᠡᠳᠦᠷ  ᠤᠷᠠᠳ ᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ       ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠳᠡᠬᠡᠷ᠎ᠡ       ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ     ᠨᠠᠷᠠᠰᠤᠲᠥᠯᠥᠭᠡᠯᠡᠭᠴᠢᠳ ᠠ᠋᠄         ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠣᠳᠣ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠶᠢ ᠮᠡᠳᠡᠬᠦᠯᠣᠯᠳᠡ ᠬᠢᠶ᠎ᠡ᠂ ᠬᠢᠨᠠᠨ ᠵᠥᠪᠯᠡᠬᠦ ᠪᠣᠯᠪᠠᠤ᠃ ᠨᠢᠭᠡ᠂  ᠦᠨᠳᠦᠰᠦᠨ ᠪᠠᠶᠢᠳᠠᠯ        ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠤ ᠨᠡᠶᠢᠲᠡ 68 ᠲᠥᠯᠥᠭᠡᠯᠡᠭᠴᠢ ᠶᠢᠨ ᠰᠠᠨᠠᠭᠤᠯᠭ᠎ᠠ ᠶᠢ ᠭᠥᠯᠢᠶᠡᠨ ᠠᠪᠤᠪᠠ᠃ ᠡᠭᠦᠨ ᠳᠤ ᠰᠠᠭᠤᠷᠢ ᠲᠥᠬᠦᠭᠡᠷᠦᠮᠵᠢ ᠶᠢᠨ ᠳᠠᠯ᠎ᠠ ᠪᠠᠷ 8 ᠬᠤᠪᠢ᠂ ᠵᠠᠮ ᠬᠠᠷᠢᠯᠴᠠᠭᠠᠨ ᠤ ᠳᠠᠯ᠎ᠠ ᠪᠠᠷ 10 ᠬᠤᠪᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠳᠠᠯ᠎ᠠ ᠪᠠᠷ 3 ᠬᠤᠪᠢ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠣᠰᠣᠨ ᠠᠰᠢᠭᠯᠠᠯᠳᠠ ᠶᠢᠨ ᠳᠠᠯ᠎ᠠ ᠪᠠᠷ 16 ᠬᠤᠪᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠯ᠎ᠠ ᠪᠠᠷ 10 ᠬᠤᠪᠢ᠂ ᠨᠡᠶᠢᠭᠡᠮ ᠤᠨ ᠪᠠᠲᠤᠯᠠᠭ᠎ᠠ ᠶᠢᠨ ᠳᠠᠯ᠎ᠠ ᠪᠠᠷ 7 ᠬᠤᠪᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠠᠯ᠎ᠠ ᠪᠠᠷ 4 ᠬᠤᠪᠢ᠂ ᠴᠠᠬᠢᠯᠭᠠᠨ ᠬᠦᠴᠣ ᠴᠢᠮᠡᠭᠡ ᠨᠡᠪᠳᠡᠷᠡᠯᠬᠡ ᠶᠢᠨ ᠳᠠᠯ᠎ᠠ ᠪᠠᠷ 5 ᠬᠤᠪᠢ᠂ ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠳᠠᠯ᠎ᠠ ᠪᠠᠷ 1 ᠬᠤᠪᠢ᠂ ᠪᠤᠰᠤᠳ ᠰᠠᠨᠠᠭᠤᠯᠭ᠎ᠠ 4 ᠬᠤᠪᠢ ᠪᠠᠶᠢᠨ᠎ᠠ᠃       ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠳᠣᠯᠣᠭᠠᠶᠢᠯᠠᠨ ᠰᠢᠰᠲ᠋ᠧᠮᠵᠢᠭᠦᠯᠵᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ᠡᠲᠡᠭᠡᠷ ᠰᠠᠨᠠᠭᠤᠯᠭ᠎ᠠ ᠶᠢ ᠬᠤᠰᠢᠭᠤᠨ ᠤ 14 ᠰᠢᠭᠤᠳ ᠬᠠᠷᠢᠶ᠎ᠠ ᠰᠠᠯᠠᠭ᠎ᠠ ᠮᠥᠴᠢᠷ ᠲᠤ ᠪᠠᠶᠢᠷᠢᠯᠠᠭᠤᠯᠵᠤ ᠪᠣᠳᠠᠲᠠᠢ ᠪᠠᠷ ᠭᠦᠢᠴᠡᠳᠬᠡᠬᠦ ᠶᠢᠨ ᠬᠠᠮᠲᠤ᠂ ᠡᠭᠦᠨ ᠤ ᠳᠣᠲᠣᠷᠠᠬᠢ 7 ᠬᠤᠪᠢ ᠨᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠭᠰᠠᠨ ᠪᠤᠶᠤ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠨᠡᠯᠢᠶᠡᠳ ᠥᠨᠳᠥᠷ ᠰᠠᠨᠠᠭᠤᠯᠭ᠎ᠠ ᠪᠤᠯᠬᠤᠷ ᠭᠤᠣᠯᠳᠠᠯᠭ᠎ᠠ ᠲᠠᠢ ᠱᠠᠭᠠᠷᠳᠠᠨ ᠭᠦᠢᠴᠡᠳᠬᠡᠬᠦ ᠰᠠᠨᠠᠭᠤᠯᠭ᠎ᠠ ᠪᠣᠯᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠡᠶ᠎ᠡ ᠪᠠᠷ ᠢᠶᠠᠨ ᠬᠠᠷᠢᠭᠤᠴᠠᠨ ᠨᠠᠶᠢᠳᠠᠪᠤᠷᠢᠵᠢᠭᠤᠯᠪᠠ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ᠲᠥᠯᠥᠭᠡᠯᠡᠭᠴᠢᠳ ᠤᠨ ᠬᠢᠨᠠᠯᠲᠠ ᠳᠡᠮᠵᠢᠯᠭᠡ ᠳᠣᠣᠷ᠎ᠠ᠂ ᠪᠤᠢ ᠪᠦᠬᠦᠢ ᠰᠠᠨᠠᠭᠤᠯᠭ᠎ᠠ ᠶᠢ ᠴᠠᠭ ᠲᠤᠬᠠᠢ ᠳᠤᠨᠢ ᠬᠦᠢᠴᠡᠳᠬᠡᠭᠰᠡᠨ ᠪᠥᠭᠡᠳ ᠬᠠᠷᠢᠭᠤᠯᠲᠠ ᠥᠭᠴᠦ᠂ ᠬᠠᠷᠢᠭᠤᠯᠲᠠ ᠦᠭᠬᠦᠭᠰᠡᠨ ᠨᠣᠷᠮ᠎ᠠ ᠨᠢ  100%  ᠳᠤ ᠬᠦᠷᠴᠣ ᠂ ᠬᠠᠨᠤᠮᠵᠢᠲᠠᠶ ᠨᠣᠷᠮ᠎ᠠ ᠪᠣᠯᠣᠨ ᠦᠨᠳᠦᠰᠦᠨ ᠬᠠᠨᠤᠮᠵᠢᠲᠠᠶ ᠨᠣᠷᠮ᠎ᠠ ᠨᠢ 100% ᠳᠤ ᠬᠦᠷᠪᠡ᠃         ᠬᠤᠶᠠᠷ᠂ ᠭᠤᠣᠯ ᠠᠷᠭ᠎ᠠ ᠠᠪᠴᠢᠯ ᠵᠢᠴᠢ ᠦᠷ᠎ᠡ ᠠᠰᠢᠭ        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠷᠠᠳ ᠲᠦᠮᠡᠨ ᠤ ᠠᠰᠢᠭ ᠲᠤᠰᠠ ᠶᠢ ᠠᠯᠢᠪᠠ ᠠᠴᠠ ᠳᠡᠭᠡᠭᠦᠷ ᠪᠠᠶᠢᠯᠭᠠᠬᠤ ᠶᠢ ᠪᠠᠷᠢᠮᠲᠠᠯᠠᠵᠤ᠂ ᠬᠤᠰᠢᠭᠤ ᠳᠠᠷᠤᠭ᠎ᠠ ᠪᠠᠷ ᠳᠣᠯᠣᠭᠠᠶᠢᠯᠠᠨ᠂ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠠᠷᠤᠭ᠎ᠠ ᠳᠠᠭᠠᠭᠠᠴᠢᠯᠠᠨ ᠬᠠᠷᠢᠭᠤᠴᠠᠵᠤ᠂ ᠵᠠᠰᠠᠭ ᠤᠨ ᠣᠷᠳᠣᠨ ᠤ ᠠᠯᠪᠠᠨ ᠭᠡᠷ ᠠᠴᠠ ᠦᠷ᠎ᠡ ᠪᠦᠲᠦᠮᠵᠢ ᠶᠢ ᠬᠢᠨᠠᠨ᠂ ᠬᠠᠷᠢᠭᠤᠴᠠᠯᠭᠠᠲᠤ ᠰᠠᠯᠠᠭ᠎ᠠ ᠮᠥᠴᠢᠷ ᠨᠠᠶᠢᠳᠠᠪᠤᠷᠢᠵᠢᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ︽ᠨᠠᠷᠢᠨ ᠪᠠᠶᠢᠷᠢᠯᠠᠭᠤᠯᠤᠯᠲᠠ ᠬᠢᠵᠤ᠂ ᠨᠢᠮᠪᠡᠢ ᠬᠡᠷᠡᠭᠵᠢᠭᠦᠯᠵᠤ᠂ ᠴᠢᠩᠭ᠎ᠠ ᠱᠠᠭᠠᠷᠳᠠᠨ ᠪᠠᠶᠢᠴᠠᠭᠠᠵᠤ᠂ ᠬᠠᠷᠢᠭᠤ ᠳᠣᠰᠬᠠᠬᠤ︾ ᠬᠠᠮᠢᠶᠠᠷᠤᠯᠲᠠ ᠶᠢᠨ ᠳᠣᠭᠳᠠᠴᠠ ᠶᠢ ᠪᠦᠷᠢᠯᠳᠦᠭᠦᠯᠪᠡ᠃ ᠡᠯ᠎ᠡ ᠳᠣᠯᠣᠭᠠᠶᠢᠯᠠᠨ ᠬᠠᠷᠢᠭᠤᠴᠠᠬᠤ ᠰᠠᠯᠠᠭ᠎ᠠ ᠮᠥᠴᠢᠷ ᠤᠳ ᠰᠠᠨᠠᠭᠤᠯᠭ᠎ᠠ ᠶᠢ ᠬᠦᠢᠴᠡᠳᠬᠡᠬᠦ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠭᠤᠤᠯ ᠣᠳᠣᠷᠢᠳᠣᠯᠭ᠎ᠠ︾ ᠶᠢᠨ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠤᠰᠤᠳ ᠭᠤᠣᠯᠳᠠᠯᠭ᠎ᠠ ᠲᠠᠢ ᠠᠵᠢᠯ ᠲᠠᠢ ᠬᠠᠮᠲᠤ  ᠳᠤᠨᠢ ᠲᠣᠬᠢᠷᠠᠭᠤᠯᠤᠨ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠨ᠂ ᠬᠠᠮᠲᠤ ᠳᠤᠨᠢ ᠨᠠᠶᠢᠳᠠᠪᠤᠷᠢᠵᠢᠭᠤᠯᠪᠠ᠃ ᠭᠤᠤᠯ ᠬᠠᠷᠢᠭᠤᠴᠠᠯᠭᠠᠲᠠᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠬᠦᠢᠴᠡᠳᠬᠡᠬᠦ ᠶᠠᠪᠤᠴᠠ ᠶᠢ ᠴᠢᠩᠭ᠎ᠠ ᠪᠠᠷᠢᠮᠳᠠᠯᠠᠨ᠂ ᠲᠣᠭᠲᠠᠭᠰᠠᠨ ᠬᠤᠭᠤᠴᠠᠭ᠎ᠠ ᠲᠠᠢ ᠪᠠᠷ ᠬᠤᠯᠪᠤᠭ᠎ᠠ ᠠᠪᠴᠣ᠂ ᠢᠳᠡᠪᠬᠢᠲᠡᠢ ᠵᠣᠬᠢᠴᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠰᠤᠷᠲᠠᠯ ᠢᠶᠠᠷ ᠰᠠᠨᠠᠭᠤᠯᠭ᠎ᠠ ᠶᠢ ᠬᠦᠢᠴᠡᠳᠬᠡᠬᠦ ᠶᠢ ᠦᠨᠡᠨᠬᠦ ᠡᠭᠦᠷᠭᠡᠯᠡᠨ ᠰᠠᠶᠢᠲᠤᠷ ᠨᠠᠶᠢᠳᠠᠪᠤᠷᠢᠵᠢᠭᠤᠯᠪᠠ᠃        ︵ᠨᠢᠭᠡ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠠ᠃  ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦᠨ ᠡᠭᠦᠷᠭᠡ ᠪᠠᠨ ᠪᠣᠯᠭᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠲᠦᠬᠦᠮ ᠦᠵᠡᠭᠦᠯᠪᠡ᠃ ᠵᠢᠱᠢᠶᠠᠯᠠᠪᠠᠯ᠂ ︽ᠮᠠᠯᠵᠢᠬᠤ ᠣᠷᠣᠨ ᠳᠤ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠬᠦ ᠲᠤᠬᠠᠢ ᠰᠠᠨᠠᠭᠤᠯᠭ᠎ᠠ︾ ᠳᠤ ᠴᠢᠭᠯᠡᠬᠦᠯᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠬᠢᠨ ᠮᠡᠳᠡᠭᠡ ᠬᠤᠯᠪᠣᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ 21 ᠮᠡᠳᠡᠭᠡ ᠬᠤᠯᠪᠣᠭᠠᠨ ᠤ ᠰᠤᠪᠤᠷᠭ᠎ᠠ᠂ 54 ᠰᠠᠭᠤᠷᠢ ᠥᠷᠲᠡᠭᠡ᠂ 3 ᠰᠤᠮᠤ ᠪᠠᠯᠭᠠᠰᠤᠨ ᠳᠤ 5G ᠳᠣᠬᠢᠶᠠᠨ ᠤ ᠪᠦᠷᠬᠦᠯᠲᠡ ᠶᠢ ᠪᠡᠶᠡᠯᠡᠭᠦᠯᠵᠦ᠂ 47 ᠭᠠᠴᠠᠭ᠎ᠠ ᠲᠣᠰᠬᠤᠨ ᠳᠤ 4G ᠳᠣᠬᠢᠶᠠᠨ ᠤ ᠪᠦᠷᠬᠦᠯᠲᠡ ᠶᠢ ᠪᠡᠶᠡᠯᠡᠭᠦᠯᠵᠦ᠂ 1732 ᠲᠠᠷᠠᠬᠠᠢ ᠪᠤᠲᠠᠷᠬᠠᠢ ᠰᠠᠭᠤᠷᠢᠰᠢᠭᠰᠠᠨ ᠮᠠᠯᠴᠢᠨ ᠡᠷᠤᠭᠡ ᠳᠤ ᠣᠶᠤᠨᠴᠢ ᠷᠠᠳᠢᠣ᠋ ᠲᠧᠯᠸᠢᠰ ᠤᠨ ᠦᠢᠯᠡᠴᠢᠯᠡᠭᠡ ᠬᠠᠩᠭᠠᠵᠤ᠂ ᠮᠠᠯᠵᠢᠬᠤ ᠣᠷᠣᠨ ᠤ ᠭᠤᠣᠯ ᠵᠠᠮ ᠤᠨ ᠬᠡᠰᠡᠭ ᠤᠨ ᠮᠡᠳᠡᠭᠡ ᠬᠤᠯᠪᠣᠭᠠᠨ ᠤ ᠳᠣᠬᠢᠶ᠎ᠠ ᠶᠢ ᠢᠯᠡᠳᠲᠡ ᠰᠠᠶᠢᠵᠢᠷᠠᠭᠤᠯᠪᠠ᠃ ᠵᠢᠱᠢᠶᠡᠯᠡᠪᠡᠯ᠂ ︽ᠴᠤᠭ᠋ᠦ᠌ᠨᠳᠣᠷ ᠪᠠᠯᠭᠠᠰᠣᠨ ᠤ ︿ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ﹀ ᠳᠤ ᠣᠷᠣᠰᠢᠵᠤ ᠪᠠᠶᠢᠭ᠎ᠠ ᠠᠰᠠᠭᠤᠳᠠᠯ︾ ᠳᠤ ᠴᠢᠭᠯᠡᠬᠦᠯᠤᠨ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ 5140 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠭᠦ ᠬᠤᠰᠢᠭᠤᠨ ᠳᠤ 177 ᠺᠢᠯᠣᠮᠧᠲᠷ ᠤᠨ ᠴᠠᠬᠢᠯᠭᠠᠨ ᠱᠤᠭᠤᠮ ᠢ ᠰᠢᠨ᠎ᠡ ᠪᠠᠷ ᠲᠠᠳᠠᠬᠤ ᠪᠤᠶᠤ ᠥᠭᠡᠷᠡᠴᠢᠯᠡᠨ ᠪᠠᠶᠢᠭᠤᠯᠵᠤ᠂ 184 ᠬᠦᠴᠦᠳᠡᠯ ᠥᠭᠡᠷᠡᠴᠢᠯᠡᠭᠴᠢ ᠤᠭᠰᠠᠷᠠᠬᠤ ᠶᠢᠨ ᠬᠠᠮᠲᠤ ᠪᠦᠭᠦ ᠬᠤᠲᠠ ᠳᠤ ᠡᠩ ᠲᠡᠷᠢᠢᠬᠦᠨ ᠳᠤ ᠮᠠᠯᠵᠢᠬᠤ ᠲᠠᠷᠢᠶᠠᠯᠠᠬᠤ ᠣᠷᠣᠨ ᠤ 3130 ᠡᠷᠦᠬᠡ ᠶᠢᠨ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠠ᠃          ︵ᠬᠤᠶᠠᠷ︶ ᠦᠨᠡᠨᠬᠦ ᠦᠢᠯᠡᠳᠦᠯᠭᠡᠵᠢᠭᠦᠯᠤᠨ ᠪᠣᠳᠠᠲᠠᠢ ᠭᠦᠢᠴᠡᠳᠬᠡᠵᠦ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠢ ᠲᠡᠭᠡᠭᠰᠢᠯᠡᠬᠦᠯᠪᠠ᠃ ᠪᠢᠳᠡ ᠢᠮᠠᠭᠲᠠ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠤᠨ ᠠᠮᠤᠷ ᠲᠦᠪᠰᠢᠨ ᠢ ᠪᠠᠳᠤᠯᠠᠬᠤ ᠪᠠᠷ ᠵᠤᠷᠢᠯᠳᠠ ᠪᠠᠨ ᠪᠣᠯᠭᠠᠵᠤ᠂ ᠬᠠᠮᠤᠭ ᠤᠨ ᠶᠡᠭᠡ ᠭᠡᠮᠵᠢᠶ᠎ᠠ ᠪᠠᠷ ᠠᠷᠠᠳ ᠤᠨ ᠠᠮᠢᠳᠤᠷᠠᠯ ᠰᠠᠶᠢᠵᠢᠷᠠᠭᠤᠯᠪᠠ᠃ ︽ᠭᠠᠴᠠᠭ᠎ᠠ ᠲᠣᠰᠬᠤᠨ ᠳᠤ ᠡᠳᠦᠷ ᠳᠣᠳᠣᠮ ᠤᠨ  ᠬᠠᠷᠠᠭᠠᠯᠵᠠᠯ ᠤᠨ ᠲᠠᠰᠤᠭ ᠪᠠᠶᠢᠭᠤᠯᠬᠤ ᠲᠤᠬᠠᠢ︾ ᠰᠠᠨᠠᠭᠤᠯᠭ᠎ᠠ  ᠳᠤ ᠴᠢᠭᠯᠡᠬᠦᠯᠤᠨ᠂ ᠠᠷᠠᠳ ᠤᠨ ᠶᠠᠪᠤᠳᠠᠯ ᠤᠨ ᠲᠤᠪᠴᠢᠶ᠎ᠠ 9 ᠲᠤᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠠᠷᠤ ᠭᠡᠷ ᠲᠤ ᠪᠠᠨ ᠬᠤᠴᠣᠷᠤᠭᠰᠠᠨ᠂ ᠥᠨᠥᠴᠢᠨ ᠪᠡᠯᠪᠡᠰᠦᠨ᠂ ᠨᠠᠰᠤᠳᠠᠶᠢᠴᠤᠳ᠂ ᠵᠡᠮᠳᠡᠭ ᠵᠡᠷᠭᠡ ᠪᠠᠭᠤᠷᠠᠶᠢᠴᠤᠤᠯ ᠳᠤ ᠬᠤᠭᠤᠯᠠ ᠤᠮᠳᠠ ᠬᠦᠷᠭᠡᠬᠦ᠂ ᠬᠠᠪᠰᠤᠷᠠᠨ ᠡᠮᠨᠡᠬᠦ᠂ ᠵᠤᠭ᠎ᠠ ᠴᠡᠩᠭᠡᠯ ᠬᠦᠷᠭᠡᠬᠦ ᠵᠡᠷᠭᠡ ᠬᠠᠮᠢᠶ᠎ᠠ ᠪᠦᠬᠦᠢ ᠦᠢᠯᠡᠴᠢᠯᠡᠭᠡ ᠬᠠᠩᠭᠠᠪᠠ᠃  ᠵᠢᠱᠢᠶᠡᠯᠡᠪᠡᠯ ︽ᠤᠷᠠᠳ ᠤᠨ ᠬᠤᠶᠢᠲᠤ ᠬᠤᠰᠢᠭᠤᠨ ᠳᠤ ᠵᠠᠯᠠᠭᠤ ᠴᠢᠳᠠᠪᠤᠷᠢᠲᠠᠨ ᠳᠤ ᠨᠡᠶᠢᠲᠡ ᠶᠢᠨ ᠪᠠᠶᠢᠷᠢ ᠪᠠᠶᠢᠭᠤᠯᠬᠤ ᠲᠤᠬᠠᠢ︾ ᠰᠠᠨᠠᠭᠤᠯᠭ᠎ᠠ ᠳᠤ ᠴᠢᠭᠯᠡᠬᠦᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠰᠢᠨ᠎ᠡ ᠠᠵᠢᠯ ᠣᠯᠣᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠣᠨᠴᠠᠭᠠᠶ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠴᠠᠭ ᠲᠤᠬᠠᠢ ᠳᠤᠨᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠭᠤᠶᠤᠴᠢᠯᠠᠯ ᠭᠠᠷᠭᠠᠭᠰᠠᠨ ᠪᠥᠭᠡᠳ ᠨᠥᠬᠦᠴᠡᠯ ᠳᠤ ᠨᠡᠶᠢᠴᠡᠭᠰᠡᠨ ᠵᠠᠯᠠᠭᠤ ᠴᠢᠳᠠᠪᠤᠷᠢᠲᠠᠨ ᠳᠤ ᠤᠷᠢᠳ ᠢᠶᠠᠷ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠤᠯᠭᠤᠨ ᠬᠠᠷᠠᠭᠠᠯᠵᠠᠪᠠ᠃ ᠵᠢᠱᠢᠶᠡᠯᠡᠪᠡᠯ ︽ᠬᠡᠷᠡᠭᠯᠡᠭᠡ ᠳᠤ ᠰᠡᠳᠡᠯᠲᠡ ᠥᠭᠬᠦ ᠶᠢ ᠲᠦᠷᠭᠡᠳᠬᠡᠬᠦ ᠲᠤᠬᠠᠢ︾ ᠰᠠᠨᠠᠭᠤᠯᠭ᠎ᠠ ᠳᠤ ᠴᠢᠭᠯᠡᠬᠦᠯᠤᠨ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ 20 ᠭᠠᠷᠤᠢ ᠲᠦᠮᠡᠨ ᠲᠥᠭᠦᠷᠢᠭ ᠤᠨ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ 10 ᠭᠠᠷᠤᠢ ᠲᠠᠯᠠᠪᠤᠷ ᠰᠣᠶᠣᠯ ᠵᠢᠭᠤᠯᠴᠢᠯᠠᠯ ᠤᠨ ᠬᠦᠳᠡᠯᠭᠡᠭᠡᠨ ᠵᠣᠬᠢᠶᠠᠨ ᠪᠠᠶᠢᠭᠤᠯᠵᠤ᠂ 736.85 ᠲᠦᠮᠡᠨ ᠲᠥᠭᠦᠷᠢᠭ ᠤᠨ ᠵᠢᠭᠤᠯᠴᠢᠯᠠᠯ ᠤᠨ ᠲᠠᠸᠠᠷ ᠤᠨ ᠬᠡᠷᠡᠭᠯᠡᠭᠡ ᠶᠢ ᠠᠬᠢᠭᠤᠯᠵᠤ᠂ ᠵᠢᠭᠤᠯᠴᠢᠯᠠᠯ ᠤᠨ ᠠᠵᠢᠯ ᠤᠨ ᠪᠠᠶᠢᠷᠢ ᠶᠢ 159 ᠰᠢᠨ᠎ᠡ ᠪᠠᠷ ᠨᠡᠮᠡᠭᠳᠡᠭᠦᠯᠬᠦ ᠶᠢ ᠳᠠᠶᠢᠴᠢᠯᠠᠪᠠ᠃          ︵ᠭᠤᠷᠪᠠ︶ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠭᠡᠷᠡᠭᠵᠢᠬᠦᠯᠵᠤ᠂ ᠠᠷᠠᠳ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠲᠡᠭᠡᠭᠰᠢᠯᠡᠬᠦᠯᠪᠠ᠃ ᠪᠢᠳᠡ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠢᠮᠠᠭᠲᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ᠃ ᠵᠢᠱᠢᠶᠡᠯᠡᠪᠡᠯ ︽ᠴᠤᠭ᠋ᠦ᠌ᠨᠳᠤᠷ ᠪᠠᠯᠭᠠᠰᠤᠨ ᠠᠴᠠ ᠬᠦᠭᠡᠴᠤ ᠬᠦᠷᠬᠦ ᠵᠠᠰᠠᠮᠠᠯ ᠵᠠᠮ ᠢ ᠥᠭᠡᠷᠡᠴᠢᠯᠡᠨ ᠲᠠᠰ ᠳᠡᠪᠰᠢᠭᠦᠯᠬᠦ ᠲᠤᠬᠠᠢ︾ ᠰᠠᠨᠠᠭᠤᠯᠭ᠎ᠠ ᠳᠤ ᠴᠢᠭᠯᠡᠬᠦᠯᠤᠨ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠠᠴᠠ 1958 ᠲᠦᠮᠡᠨ ᠲᠥᠭᠦᠷᠢᠭ ᠪᠡᠯᠡ ᠣᠷᠣᠭᠤᠯᠵᠤ᠂ ᠰᠠᠶᠢᠨ᠋ᠤ᠋ᠰᠤ ᠠᠴᠠ ᠨᠠᠷᠠᠨᠪᠤᠯᠠᠭ ᠬᠦᠷᠬᠦ 39.9 ᠺᠢᠯᠣᠮᠧᠲᠷ ᠤᠨ ᠵᠠᠰᠠᠮᠠᠯ ᠵᠠᠮ ︵X718︶ ᠢ ᠠᠷᠠᠴᠢᠯᠠᠨ ᠬᠠᠮᠠᠭᠠᠯᠠᠵᠦ᠂ ᠣᠲᠣ ᠨᠢᠭᠡᠨᠲᠡ ᠵᠠᠮ ᠤᠨ ᠭᠠᠳᠠᠷᠭᠤ ᠶᠢ ᠰᠡᠯᠪᠢᠨ ᠵᠠᠰᠠᠵᠤ ᠳᠠᠭᠤᠰᠬᠠᠭᠠᠳ᠂ ᠶᠠᠭ ᠡᠳ᠋ ᠮᠠᠲ᠋ᠧᠷᠢᠶᠠᠯ ᠢ ᠨᠥᠭᠡᠴᠡᠯᠡᠵᠦ ᠪᠠᠶᠢᠨ᠎ᠠ᠂ ᠵᠢᠱᠢᠭᠰᠡᠠ ᠢᠶᠠᠷ ᠦᠨᠤ ᠬᠠᠪᠤᠷ ᠲᠡᠷᠭᠡ ᠨᠡᠪᠲᠡᠷᠡᠬᠦ ᠪᠠᠷ ᠪᠤᠢ᠃ ᠵᠢᠱᠢᠶᠡᠯᠡᠪᠡᠯ ︽ᠫᠠᠶᠢᠰᠠ ᠦᠭᠡᠢ ᠴᠠᠬᠢᠯᠭᠠᠨ ᠬᠦᠳᠡᠯᠬᠡᠬᠦᠷᠳᠣ ᠲᠡᠷᠭᠡ᠂ ᠭᠤᠷᠪᠠᠨ ᠬᠦᠷᠳᠦᠲᠦ ᠲᠡᠷᠭᠡ᠂ ᠨᠠᠰᠤᠲᠠᠶᠢᠴᠤᠳ ᠤᠨ ᠲᠡᠷᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ︾ ᠰᠠᠨᠠᠭᠤᠯᠭ᠎ᠠ ᠳᠤ ᠴᠢᠭᠯᠡᠬᠦᠯᠤᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠶᠤᠯᠬᠦᠢ ᠮᠠᠯᠠᠭᠠᠢ ᠬᠦᠷᠭᠡᠬᠦ ᠵᠡᠷᠭᠡ ᠠᠷᠭ᠎ᠠ ᠪᠠᠷ ᠵᠢᠯᠣᠭᠤᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠶᠢ ᠬᠥᠲᠥᠯᠥᠨ ᠵᠢᠯᠤᠭᠤᠳᠬᠤ ᠶᠢᠨ ᠬᠠᠮᠲᠤ ᠬᠠᠷᠢᠶᠠᠨ ᠳᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠠᠩᠰᠠᠯᠠᠨ ᠫᠠᠶᠢᠰᠠ ᠡᠯᠭᠦᠭᠦᠯᠵᠦ᠂ ᠵᠠᠮ ᠬᠠᠷᠢᠯᠴᠠᠭᠠᠨ ᠤ ᠡᠮᠬᠢ ᠵᠢᠷᠤᠮ ᠢ ᠪᠦᠲᠦᠮᠵᠢᠲᠡᠶ ᠪᠠᠲᠤᠯᠠᠪᠠ᠃ ᠵᠢᠱᠢᠶᠡᠯᠡᠪᠡᠯ᠂ ︽ᠬᠦᠬᠡᠦ᠌ᠨᠳᠣᠷ ᠤᠨ ᠠᠵᠤ ᠦᠢᠯᠡᠳᠪᠦᠷᠢ ᠶᠢᠨ ᠲᠣᠭᠤᠷᠢᠭ ᠤᠨ ᠵᠠᠮ ᠤᠨ ᠬᠡᠰᠡᠭ ᠤᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ︾ ᠵᠡᠷᠭᠡ ᠰᠠᠨᠠᠭᠤᠯᠭ᠎ᠠ ᠳᠤ ᠴᠢᠭᠯᠡᠭᠦᠯᠦᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ 2000 ᠭᠠᠷᠤᠢ ᠤᠳᠠᠭ᠎ᠠ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠵᠠᠭᠤ ᠰᠢᠬᠠᠮ ᠮᠠᠰᠢᠨ ᠲᠡᠷᠭᠡ ᠶᠢ ᠪᠠᠶᠢᠴᠠᠭᠠᠨ ᠰᠢᠢᠳᠪᠦᠷᠢᠯᠡᠵᠦ᠂ 400 ᠭᠠᠷᠤᠢ ᠲᠣᠨ ᠪᠠᠷᠠᠭ᠎ᠠ ᠪᠠᠭᠤᠯᠭᠠᠨ᠂ ᠬᠠᠷᠢᠶᠠᠲᠤ ᠣᠷᠣᠨ ᠤ ᠬᠠᠤᠯᠢ ᠠᠴᠠ ᠵᠥᠷᠢᠴᠡᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠦᠶᠯᠡ ᠠᠵᠢᠯᠯᠠᠭ᠎ᠠ ᠶᠢ ᠢᠯᠡᠳᠲᠡ ᠪᠦᠲᠦᠮᠵᠢᠲᠡᠶ ᠬᠤᠷᠢᠭᠯᠠᠪᠠ᠃          ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠲᠠᠷᠠᠭᠠᠴᠢ ᠶᠢᠨ ᠠᠵᠢᠯ ᠤᠨ ᠲᠥᠯᠥᠪᠯᠡᠭᠡ         2023 ᠣᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠭᠡᠬᠦ ᠠᠵᠢᠯ ᠬᠡᠳᠦᠶᠢᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠥᠷᠭᠡᠨ ᠤᠯᠠᠨ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠂ ᠵᠢᠱᠢᠶᠡᠯᠡᠪᠡᠯ ᠣᠨᠴᠠ ᠵᠠᠷᠢᠮ ᠰᠠᠯᠠᠭ᠎ᠠ ᠮᠥᠴᠢᠷ ᠤᠨ ᠲᠥᠯᠥᠭᠡᠯᠡᠭᠴᠢᠳ ᠲᠠᠢ ᠬᠤᠯᠪᠤᠭ᠎ᠠ ᠠᠪᠬᠤ ᠨᠢ ᠲᠡᠶᠢᠮᠦ ᠤᠷᠤᠭᠰᠢᠲᠠᠢ ᠪᠢᠰᠢ᠂ ᠬᠠᠷᠢᠭᠤᠯᠲᠠ ᠥᠭᠬᠦ  ᠨᠢ ᠪᠠᠰᠠ ᠲᠡᠶᠢᠮᠦ ᠲᠦᠷᠢᠮᠵᠢᠬᠦᠨ ᠪᠢᠰᠢ᠂ ᠰᠢᠢᠳᠪᠦᠷᠢᠯᠡᠬᠦ ᠬᠠᠷᠢᠭᠤᠴᠠᠯᠭᠠᠲᠤ ᠰᠡᠳᠬᠢᠯᠭᠡ ᠪᠠᠨ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠨᠠᠩ ᠦᠨᠳᠤᠷ ᠬᠠᠷᠠᠭᠠᠰᠤ ᠠᠴᠠ ᠪᠣᠳᠠᠲᠤ ᠠᠰᠠᠭᠤᠳᠠᠯ ᠰᠢᠢᠳᠪᠦᠷᠢᠯᠡᠬᠦ ᠪᠠᠷ ᠰᠠᠨᠠᠭᠤᠯᠭ᠎ᠠ ᠶᠢ ᠰᠢᠢᠳᠪᠦᠷᠢᠯᠡᠬᠦ ᠶᠢᠨ ᠡᠬᠢᠯᠡᠯ ᠴᠡᠭ ᠪᠤᠯᠤᠨ ᠲᠡᠬᠦᠰᠭᠡᠯ ᠴᠡᠭ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠠᠨᠠᠭᠤᠯᠭ᠎ᠠ ᠶᠢ ᠦᠨᠡᠨ ᠬᠦ ᠰᠠᠶᠢᠲᠤᠷ ᠬᠢᠵᠦ᠂ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠨ᠎ᠠ᠃ ᠡᠯ᠎ᠡ ᠵᠦᠢᠯ ᠤᠨ ᠭᠦᠢᠴᠡᠳᠬᠡᠬᠦ ᠠᠵᠢᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠠᠮᠤᠭ ᠤᠨ ᠶᠡᠭᠡ ᠴᠢᠷᠮᠠᠶᠢᠯᠭ᠎ᠠ ᠪᠠᠷ ᠥᠷᠭᠡᠨ ᠣᠯᠠᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ᠪᠠᠷ ᠴᠢᠷᠮᠠᠶᠢᠨ ᠠᠵᠢᠯᠯᠠᠨ᠎ᠠ ᠃          ᠲᠥᠯᠥᠭᠡᠯᠡᠭᠴᠢᠳ ᠠ᠋᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯ ᠵᠠᠰᠠᠭ ᠤᠨ ᠣᠷᠳᠣᠨ ᠤ ᠠᠵᠢᠯ ᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ᠂ ᠬᠠᠤᠯᠢ ᠳᠦᠷᠢᠮᠵᠢᠭᠦᠯᠬᠦ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠮᠥᠨ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠬᠡᠬᠦ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠦᠢᠴᠡᠳᠬᠡᠬᠦ ᠶᠠᠪᠤᠴᠠ ᠪᠠᠨ ᠰᠢᠯᠢᠳᠡᠭᠵᠢᠭᠦᠯᠵᠦ᠂ ᠬᠦᠢᠴᠡᠳᠬᠡᠬᠦ ᠰᠡᠳᠬᠢᠴᠡ ᠪᠠᠨ ᠰᠢᠨᠡᠳᠭᠡᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠬᠦᠢᠴᠡᠳᠬᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠷᠠᠳ ᠤᠨ ᠬᠤᠶᠢᠲᠤ ᠬᠤᠰᠢᠭᠤᠨ ᠤ ᠠᠷᠠᠳ ᠲᠦᠮᠡᠨ ᠤ ᠵᠢᠷᠭᠠᠯᠲᠤ ᠠᠮᠢᠳᠤᠷᠠᠯ ᠤᠨ ᠲᠥᠯᠥᠭᠡ ᠴᠢᠷᠮᠠᠶᠢᠨ ᠲᠡᠮᠡᠴᠡᠶ᠎ᠡ︕ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ