ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ ᠤᠨ ᠵᠢᠱᠢᠭᠳᠡᠭᠰᠡᠨ ᠲᠦᠷᠤᠯ ᠵᠤᠶᠢᠯ ᠤᠨ ᠪᠦᠷᠢᠯᠳᠦᠭᠰᠡᠨ ᠪᠠᠶᠢᠳᠠᠯ  ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2024/1/15

            2024 ᠣᠨ ᠤ 1 ᠰᠠᠷ᠎ᠠ ᠶᠢᠨ 12 ᠤ ᠡᠳᠦᠷ ᠤᠷᠠᠳ ᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ

           ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ

 

       ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ     ᠨᠠᠷᠠᠰᠤ

ᠲᠥᠯᠥᠭᠡᠯᠡᠭᠴᠢᠳ ᠠ᠋᠄

       ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠤᠳᠤ 2023 ᠣᠨ ᠤ ᠤᠷᠠᠳ ᠤᠨ ᠬᠤᠶᠢᠲᠤ ᠬᠤᠰᠢᠭᠤᠨ ᠤ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠵᠢᠱᠢᠭᠳᠡᠭᠰᠠᠠ ᠲᠥᠷᠥᠯ ᠵᠦᠢᠯ ᠤᠨ ᠪᠦᠷᠢᠯᠳᠦᠭᠰᠡᠨ

ᠪᠠᠶᠢᠳᠠᠯ ᠤᠨ ᠲᠤᠬᠠᠢ ᠶᠡᠭᠡ ᠬᠤᠷᠠᠯ ᠳᠤ ᠮᠡᠳᠡᠬᠦᠯᠤᠯᠳᠠ ᠬᠢᠶ᠎ᠠ᠂ ᠬᠢᠨᠠᠨ ᠵᠥᠪᠯᠡᠬᠦ ᠪᠣᠯᠪᠠᠤ᠃ 

       ᠨᠢᠭᠡ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ

       ᠥᠪᠡᠷᠲᠡᠭᠡᠨ ᠵᠠᠰᠠᠬᠤ ᠣᠷᠣᠨ ᠤ ︽ᠰᠢᠶᠠᠨ ᠰᠢᠶᠠᠩ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠢᠯᠧᠲ ᠦᠭᠬᠦᠬᠦᠯᠬᠦ ᠳᠦᠷᠢᠮ ᠢ ᠪᠦᠬᠦ ᠲᠠᠯ᠎ᠠ ᠪᠠᠷ ᠭᠡᠷᠡᠭᠵᠢᠬᠦᠯᠬᠦ ᠠᠵᠢᠯ ᠤᠨ ᠲᠤᠬᠠᠢ

ᠵᠢᠯᠤᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠥᠷᠭᠡᠨ ᠢᠶᠠᠷ ᠰᠠᠨᠠᠯ ᠬᠤᠷᠢᠶᠠᠨ᠂ ᠲᠥᠪᠯᠡᠷᠡᠭᠦᠯᠦᠨ ᠰᠤᠳᠤᠯᠬᠤ ᠶᠢᠨ ᠬᠠᠮᠲᠤ ᠬᠤᠰᠢᠭᠤ ᠨᠠᠮ ᠤᠨ

ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ

ᠮᠡᠳᠡᠭᠦᠯᠦᠨ ᠬᠢᠨᠠᠨ ᠵᠥᠪᠯᠡᠭᠦᠯᠬᠦ ᠪᠠᠷ ᠳᠡᠮᠵᠢᠨ᠂ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠬᠤᠶᠠᠳᠤᠭᠠᠷ ᠤᠳᠠᠭᠠᠨ ᠤ ᠬᠤᠷᠠᠯ ᠠᠴᠠ ᠪᠢᠯᠧᠲ ᠦᠭᠴᠤ ᠨᠡᠶᠢᠲᠡ 5 ᠲᠦᠷᠤᠯ ᠵᠦᠢᠯ ᠢ ᠲᠣᠭᠲᠠᠭᠠᠪᠠ᠃

        ︵ᠨᠢᠭᠡ︶ ᠤᠷᠠᠳ ᠤᠨ ᠬᠤᠶᠢᠲᠤ ᠬᠤᠰᠢᠭᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ ᠲᠥᠷᠥᠯ ᠵᠦᠢᠯ

       ᠲᠤᠰ ᠲᠥᠷᠥᠯ ᠵᠦᠢᠯ ᠢ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ

ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 770 ᠲᠦᠮᠡᠨ ᠲᠥᠭᠦᠷᠢᠭ᠂ ᠪᠦᠲᠦᠭᠡᠨ ᠪᠠᠶᠢᠭᠤᠯᠤᠯᠳᠠ ᠳᠤ ᠪᠠᠶᠠᠨᠪᠤᠯᠠᠭ ᠪᠠᠯᠭᠠᠰᠤᠨ ᠳᠤ 6 ᠢᠵᠢ ᠵᠠᠮ

ᠬᠠᠷᠢᠯᠴᠠᠭᠠᠨ ᠤ ᠳᠤᠬᠢᠶᠠᠨ ᠳ᠋ᠧᠩ᠂ 5 ᠢᠵᠢ ᠡᠯᠧᠺᠲᠷᠣᠨ ᠰᠡᠬᠦᠳᠡᠷᠯᠡᠬᠦ ᠮᠠᠰᠢᠨ᠂ 2 ᠢᠵᠢ ᠵᠠᠢ ᠶᠢᠨ ᠬᠤᠭᠤᠷᠤᠨᠳᠤᠬᠢ ᠬᠤᠷᠳᠤᠴᠠ ᠭᠡᠮᠵᠢᠯ᠂ ᠬᠦᠭᠡᠦ᠌ᠨᠳᠤᠷ

ᠪᠠᠯᠭᠠᠰᠤ᠂ ᠠᠵᠤ ᠦᠢᠯᠡᠳᠪᠦᠷᠢ ᠶᠢᠨ ᠲᠣᠭᠤᠷᠢᠭ ᠲᠤ 8 ᠢᠵᠢ ᠵᠠᠮ ᠬᠠᠷᠢᠯᠴᠠᠭᠠᠨ ᠤ ᠳᠤᠬᠢᠶᠠᠨ ᠳ᠋ᠧᠩ᠂ 10 ᠢᠵᠢ ᠡᠯᠧᠺᠲᠷᠣᠨ ᠰᠡᠬᠦᠳᠡᠷᠯᠡᠬᠦ ᠮᠠᠰᠢᠨ᠂ 1

ᠢᠵᠢ ᠵᠠᠢ ᠶᠢᠨ ᠬᠤᠭᠤᠷᠤᠨᠳᠤᠬᠢ ᠬᠤᠷᠳᠤᠴᠠ ᠭᠡᠮᠵᠢᠯ᠂ ᠤᠣ ᠶᠢᠨ ᠭᠤᠤᠯ ᠰᠤᠮᠤ᠂ ᠤᠯᠤᠰ ᠤᠨ 335 ᠵᠠᠮ ᠤᠨ ᠤᠷᠠᠳ ᠤᠨ ᠬᠤᠶᠢᠲᠤ ᠬᠤᠰᠢᠭᠤᠨ ᠤ

ᠬᠡᠰᠡᠭ ᠲᠤ 1 ᠢᠵᠢ ᠵᠠᠮ ᠬᠠᠷᠢᠯᠴᠠᠭᠠᠨ ᠤ ᠳᠤᠬᠢᠶᠠᠨ ᠳ᠋ᠧᠩ᠂ 12 ᠢᠵᠢ ᠡᠯᠧᠺᠲᠷᠣᠨ ᠰᠡᠬᠦᠳᠡᠷᠯᠡᠬᠦ ᠮᠠᠰᠢᠨ ᠨᠠᠮᠠᠨ ᠲᠤᠬᠢᠷᠠᠭᠤᠯᠵᠤ᠂ ᠡᠯ᠎ᠡ ᠲᠦᠷᠦᠯ ᠤᠨ

ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠪᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ

ᠰᠠᠭᠤᠷᠢ ᠲᠥᠬᠦᠭᠡᠷᠦᠮᠵᠢ ᠶᠢ ᠪᠦᠲᠦᠮᠵᠢᠲᠡᠶ ᠰᠠᠶᠢᠵᠢᠷᠠᠭᠤᠯᠵᠤ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠠᠳᠡᠯ ᠤᠳᠠᠭ᠎ᠠ ᠲᠠᠷᠠᠭᠠᠯᠠᠨ ᠡᠬᠦᠰᠬᠦ ᠶᠢ ᠡᠬᠢ

ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃

        ︵ᠬᠤᠶᠠᠷ︶ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠲᠢᠶᠠᠲᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ

      ᠲᠣᠰ ᠲᠥᠷᠥᠯ ᠵᠦᠢᠯ ᠢ ᠬᠤᠰᠢᠭᠤᠨ ᠤ ᠤᠯᠠᠭᠠᠨᠮᠥ᠋ᠴᠢᠷ ᠠᠴᠠ ᠬᠠᠷᠢᠭᠤᠴᠠᠨ ᠬᠡᠷᠡᠭᠵᠢᠭᠦᠯᠵᠦ᠂ ᠨᠡᠶᠢᠲᠡ 830 ᠲᠦᠮᠡᠨ ᠲᠥᠭᠦᠷᠢᠭ ᠤᠨ ᠪᠡᠯᠡ

ᠣᠷᠣᠭᠤᠯᠵᠤ᠂ ᠪᠦᠲᠦᠭᠡᠨ ᠪᠠᠶᠢᠭᠤᠯᠤᠯᠲᠠ ᠳᠤ ᠬᠤᠰᠢᠭᠤᠨ ᠤ ᠠᠷᠠᠳ ᠤᠨ ᠲᠢᠶᠠᠲᠷ ᠤᠨ ᠲᠤᠰᠬᠠᠶᠢᠵᠢᠭᠰᠠᠨ ᠵᠠᠰᠠᠯ ᠴᠢᠮᠡᠭᠯᠡᠯ᠂ ᠲᠤᠰᠬᠠᠢ ᠮᠡᠷᠭᠡᠵᠢᠯ ᠤᠨ ᠲᠣᠨᠤᠭ

ᠲᠥᠬᠦᠭᠡᠷᠦᠮᠵᠢ ᠬᠤᠳᠠᠯᠳᠤᠨ ᠠᠪᠬᠤ ᠶᠢ ᠬᠠᠮᠤᠷᠠᠨ ᠪᠠᠭᠲᠠᠭᠠᠵᠤ᠂ ᠠᠯᠪᠠᠯᠠᠬᠤ᠂ ᠪᠣᠯᠪᠠᠰᠤᠷᠠᠬᠤ᠂ ᠲᠣᠭᠯᠠᠯᠲᠠ ᠭᠠᠷᠭᠠᠬᠤ᠂ ᠳᠡᠯᠭᠡᠨ ᠦᠵᠡᠭᠦᠯᠬᠦ ᠶᠢ ᠨᠢᠭᠡ

ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠠᠯᠠᠪᠠᠶ ᠣᠷᠳᠣᠨ ᠢ ᠪᠠᠶᠢᠭᠤᠯᠤᠨ᠂ ᠲᠠᠭᠤ ᠰᠢᠩᠭᠡᠭᠡᠬᠦ ᠲᠠᠰᠤᠯᠭ᠎ᠠ᠂ ᠬᠦᠭᠵᠢᠮ ᠤᠨ ᠥᠷᠥᠭᠡ᠂ ᠡᠯ᠎ᠡ ᠲᠤᠰᠬᠠᠢ

ᠮᠡᠷᠭᠡᠵᠢᠯ ᠤᠨ ᠪᠣᠯᠪᠠᠰᠤᠷᠠᠯ ᠤᠨ ᠥᠷᠥᠭᠡ᠂ ᠲᠢᠶᠠᠲᠷ᠂ ᠤᠷᠠᠯᠢᠭ ᠤᠨ ᠦᠵᠡᠭᠦᠯᠦᠯᠭᠡ ᠶᠢᠨ ᠲᠢᠩᠬᠢᠮ ᠵᠡᠷᠭᠡ ᠴᠢᠳᠠᠮᠵᠢ ᠶᠢᠨ ᠥᠷᠥᠭᠡ ᠨᠦᠭᠦᠳ ᠲᠠᠢ᠃ ᠲᠤᠰ

ᠲᠦᠷᠤᠯ ᠵᠤᠶᠢᠯ ᠨᠢᠭᠡᠨᠲᠡ ᠠᠰᠢᠭᠯᠠᠯᠲᠠ ᠳᠤ ᠣᠷᠣᠵᠤ᠂ ᠡᠯ᠎ᠡ ᠲᠥᠷᠥᠯ ᠤᠨ ᠲᠣᠭᠯᠠᠯᠲᠠ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 10 ᠭᠠᠷᠤᠢ

ᠤᠳᠠᠭ᠎ᠠ ᠡᠷᠭᠢᠯᠡᠵᠦ᠂ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠤᠨ᠂

ᠦᠨᠳᠦᠰᠦᠲᠡᠨ ᠤ ᠰᠣᠶᠣᠯ ᠢ ᠵᠠᠯᠭᠠᠮᠵᠢᠯᠠᠨ ᠬᠥᠭᠵᠢᠭᠦᠯᠬᠦ ᠵᠢᠴᠢ ᠮᠠᠯᠵᠢᠬᠤ ᠲᠠᠷᠢᠶᠠᠯᠠᠬᠤ ᠣᠷᠣᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠠᠵᠢᠯᠯᠠᠭ᠎ᠠ ᠶᠢ ᠪᠥᠬᠦ

ᠲᠠᠯ᠎ᠠ ᠪᠠᠷ ᠥᠷᠨᠢᠭᠦᠯᠵᠦ᠂ ᠮᠠᠨ ᠤ ᠬᠤᠰᠢᠭᠤᠨ ᠤ ᠰᠢᠯᠢᠳᠡᠭ ᠤᠯᠠᠮᠵᠢᠯᠠᠯᠲᠤ ᠰᠣᠶᠣᠯ ᠤᠨ ᠴᠤᠭ ᠵᠢᠪᠬᠤᠭ᠎ᠠ ᠶᠢ ᠭᠦᠢᠴᠡᠳ ᠬᠠᠷᠠᠭᠤᠯᠬᠤ ᠳᠤ ᠴᠢᠬᠤᠯᠠ ᠪᠠᠲᠤᠯᠠᠭ᠎ᠠ

ᠬᠠᠩᠭᠠᠭᠰᠠᠨ ᠪᠠᠶᠢᠨ᠎ᠠ᠃

       ︵ᠭᠤᠷᠪᠠ︶ ᠤᠷᠠᠳ ᠤᠨ ᠬᠤᠶᠢᠲᠤ ᠬᠤᠰᠢᠭᠤᠨ ᠤ ᠠᠭᠤᠯᠠᠨ ᠠᠷᠤ ᠶᠢᠨ 3 ᠭᠠᠴᠠᠭᠠᠨ ᠤ ᠪᠠᠷᠢᠭᠠᠳᠠ ᠳᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ

      ᠲᠣᠰ ᠲᠥᠷᠥᠯ ᠵᠦᠢᠯ ᠢ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ

ᠪᠡᠯᠡ ᠣᠷᠣᠭᠤᠯᠤᠯᠲᠠ ᠨᠢ 744.5 ᠲᠦᠮᠡᠨ ᠲᠥᠭᠦᠷᠢᠭ ᠪᠣᠯᠣᠨ᠎ᠠ᠃ ᠨᠢᠭᠡ ᠳᠤ  ᠪᠠᠶᠠᠨᠪᠤᠯᠠᠭ ᠪᠠᠯᠭᠠᠰᠤᠨ ᠤ ᠵᠤᠰᠠᠮᠠᠯ ᠭᠠᠴᠠᠭᠠᠨ ᠤ ᠪᠠᠷᠢᠭᠠᠳᠠ ᠶᠢᠨ ᠴᠠᠬᠢᠯᠭᠠᠨ

ᠨᠡᠪᠲᠡᠷᠡᠭᠦᠯᠬᠦ ᠲᠥᠷᠥᠯ ᠵᠦᠢᠯ ᠳᠤ 209 ᠲᠦᠮᠡᠨ ᠲᠥᠭᠦᠷᠢᠭ ᠤᠨ ᠪᠡᠯᠡ ᠣᠷᠣᠭᠤᠯᠵᠤ᠂ 11 ᠺᠢᠯᠣᠮᠧᠲᠷ ᠴᠠᠬᠢᠯᠭᠠᠨ ᠤᠳᠠᠰᠤ ᠲᠠᠳᠠᠬᠤ ᠵᠢᠴᠢ ᠢᠵᠢ

ᠲᠥᠬᠦᠭᠡᠷᠦᠮᠵᠢ ᠶᠢ ᠪᠦᠷᠢᠳᠦᠭᠦᠯᠪᠠ᠃ ᠬᠤᠶᠠᠷ ᠲᠤ ᠪᠠᠶᠠᠨᠪᠤᠯᠠᠭ ᠪᠠᠯᠭᠠᠰᠤᠨ ᠤ ᠬᠤᠷᠭᠤ ᠭᠠᠴᠠᠭᠠᠨ ᠤ ᠴᠠᠬᠢᠯᠭᠠᠨ ᠲᠠᠲᠠᠬᠤ ᠲᠥᠷᠥᠯ ᠵᠦᠢᠯ ᠳᠤ 237.5 ᠲᠦᠮᠡᠨ

ᠲᠥᠭᠦᠷᠢᠭ ᠤᠨ ᠪᠡᠯᠡ ᠣᠷᠣᠭᠤᠯᠵᠤ᠂ 12.5 ᠺᠢᠯᠣᠮᠧᠲᠷ ᠴᠠᠬᠢᠯᠭᠠᠨ ᠤᠳᠠᠰᠤ ᠲᠠᠳᠠᠬᠤ ᠵᠢᠴᠢ ᠢᠵᠢ ᠲᠥᠬᠦᠭᠡᠷᠦᠮᠵᠢ ᠶᠢ ᠪᠦᠷᠢᠳᠦᠭᠦᠯᠪᠠ᠃ ᠭᠤᠷᠪᠠ ᠳᠤ 

ᠪᠠᠶᠠᠨᠴᠢᠨᠳᠠᠮᠤᠨᠢ ᠰᠤᠮᠤᠨ ᠤ ᠬᠠᠷᠭᠠᠠᠲᠤ ᠭᠠᠴᠠᠭᠠᠨ ᠤ ᠬᠥᠳᠡᠭᠡ ᠲᠣᠰᠬᠤᠨ ᠤ ᠴᠠᠬᠢᠯᠭᠠᠨ ᠤ ᠲᠣᠣᠷ ᠲᠠᠳᠠᠬᠤ ᠲᠥᠷᠥᠯ ᠵᠦᠢᠯ ᠳᠤ 298 ᠲᠦᠮᠡᠨ ᠲᠥᠭᠦᠷᠢᠭ ᠤᠨ

ᠪᠡᠯᠡ ᠣᠷᠣᠭᠤᠯᠵᠤ᠂ 16.7 ᠺᠢᠯᠣᠮᠧᠲᠷ ᠤᠨ ᠴᠠᠬᠢᠯᠭᠠᠨ ᠤᠳᠠᠰᠤ ᠲᠠᠳᠠᠬᠤ ᠵᠢᠴᠢ ᠢᠵᠢ ᠪᠦᠷᠢᠳᠦᠭᠰᠡᠨ ᠬᠦᠴᠦᠳᠡᠯ ᠥᠭᠡᠷᠡᠴᠢᠯᠡᠭᠴᠢ ᠲᠤᠬᠢᠷᠠᠭᠤᠯᠪᠠ᠃

ᠪᠠᠶᠠᠨᠪᠤᠯᠠᠭ ᠪᠠᠯᠭᠠᠰᠤᠨ ᠤ ᠵᠤᠰᠠᠮᠠᠯ ᠭᠠᠴᠠᠭ᠎ᠠ᠂ ᠬᠤᠷᠭᠤ ᠭᠠᠴᠠᠭ᠎ᠠ᠂ ᠪᠠᠶᠠᠨᠴᠢᠨᠳᠠᠮᠤᠨᠢ ᠰᠤᠮᠤᠨ ᠤ ᠬᠠᠷᠠᠭᠠᠲᠤ ᠭᠠᠴᠠᠭ᠎ᠠ ᠵᠡᠷᠭᠡ 3 ᠭᠠᠴᠠᠭ᠎ᠠ ᠲᠣᠰᠬᠤᠨ ᠳᠤ

ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ 50 ᠵᠠᠰᠠᠭ ᠵᠠᠬᠢᠷᠭᠠᠨ ᠤ ᠲᠣᠰᠬᠤᠨ ᠳᠤ ᠴᠠᠬᠢᠯᠭᠠᠨ

ᠨᠡᠪᠲᠡᠷᠡᠭᠦᠯᠬᠦ ᠡᠬᠦᠷᠭᠡ ᠶᠢ ᠪᠦᠬᠦᠨ ᠢ ᠪᠡᠶᠡᠯᠡᠭᠦᠯᠪᠡ᠃

        ︵ᠳᠥᠷᠪᠡ︶ ᠤᠷᠠᠳ ᠤᠨ ᠬᠤᠶᠢᠲᠤ ᠬᠤᠰᠢᠭᠤᠨ ᠤ ᠨᠢᠭᠡᠳᠤᠭᠡᠷ ᠪᠦᠷᠢᠨ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠲᠠᠯᠠᠪᠠᠶ ᠶᠢᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ

       ᠲᠣᠰ ᠲᠥᠷᠥᠯ ᠵᠦᠢᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ

ᠣᠷᠣᠭᠤᠯᠤᠯᠲᠠ ᠨᠢ 1050 ᠲᠦᠮᠡᠨ ᠲᠥᠭᠦᠷᠢᠭ ᠪᠠᠶᠢᠵᠤ᠂ ᠲᠠᠯᠠᠪᠠᠶ ᠨᠢ 2319 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ 2581

ᠲᠡᠭᠰᠢ ᠳᠥᠷᠪᠡᠯᠵᠢᠨ ᠮᠧᠲᠷ᠂ ᠪᠦᠲᠦᠭᠡᠨ ᠪᠠᠶᠢᠭᠤᠯᠤᠯᠲᠠ ᠳᠤ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ ᠪᠠ ᠪᠠᠭᠠᠵᠢ

ᠬᠡᠷᠡᠭᠰᠡᠯ ᠤᠨ ᠲᠠᠰᠤᠭ᠂ ᠬᠠᠮᠢᠶᠠᠷᠤᠯᠲᠠ ᠶᠢᠨ ᠲᠠᠰᠤᠭ ᠵᠡᠷᠭᠡ ᠳᠠᠭᠠᠯᠲᠠ ᠭᠡᠷ ᠪᠠᠶᠢᠰᠢᠩ ᠢ ᠪᠠᠭᠲᠠᠭᠠᠬᠤ ᠶᠢᠨ ᠬᠠᠮᠲᠤ  ᠪᠦᠷᠢᠨ ᠢᠵᠢ ᠲᠤᠨᠤᠭ ᠲᠦᠬᠦᠭᠡᠷᠤᠮᠵᠢ ᠶᠢ

ᠲᠤᠬᠢᠷᠠᠭᠤᠯᠪᠠ᠃ ᠡᠨᠡ ᠨᠢ ᠰᠤᠷᠭᠠᠭᠤᠯᠢ ᠡᠷᠭᠢᠯᠡᠬᠦ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠡᠯ᠎ᠡ ᠵᠦᠢᠯ ᠤᠨ ᠪᠡᠶ᠎ᠡ ᠲᠠᠮᠢᠷ ᠤᠨ ᠤᠷᠤᠯᠳᠤᠭᠠᠨ᠂ ᠰᠣᠶᠣᠯ ᠤᠨ

ᠬᠥᠳᠡᠯᠭᠡᠭᠡᠨ ᠪᠠ ᠨᠡᠶᠢᠭᠡᠮ ᠪᠦᠯᠬᠦᠮ ᠤᠨ ᠪᠣᠯᠪᠠᠰᠤᠷᠠᠯ ᠡᠷᠭᠢᠯᠡᠬᠦ ᠶᠢ ᠲᠦᠯᠬᠢᠨ ᠠᠬᠢᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ

ᠪᠠᠶᠠᠯᠢᠭᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠬᠦᠭᠵᠢᠭᠡᠵᠤ᠂ ᠰᠤᠷᠤᠭᠴᠢᠳ ᠤᠨ ᠪᠡᠶ᠎ᠡ ᠲᠠᠮᠢᠷ ᠤᠨ ᠬᠡᠪ ᠪᠣᠯᠪᠠᠰᠤᠷᠠᠯ ᠢ

ᠳᠡᠭᠡᠭᠰᠢᠯᠡᠭᠦᠯᠬᠦ ᠶᠢᠨ ᠵᠡᠷᠭᠡᠪᠡᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠵᠢᠭᠤᠨ ᠪᠦᠭᠡᠳ ᠲᠡᠩᠴᠡᠭᠦᠷᠢᠲᠡᠢ ᠬᠦᠭᠵᠢᠯᠳᠠ ᠶᠢᠨ ᠭᠦᠢᠴᠡᠳᠬᠡᠯ ᠲᠤᠭᠠᠨ ᠤ

ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃

        ︵ᠲᠠᠪᠤ︶ ᠤᠷᠠᠳ ᠤᠨ ᠬᠤᠶᠢᠲᠤ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ

       ᠲᠣᠰ ᠲᠥᠷᠥᠯ ᠵᠦᠢᠯ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ

ᠪᠡᠯᠡ ᠣᠷᠣᠭᠤᠯᠤᠯᠲᠠ ᠨᠢ 1253 ᠲᠦᠮᠡᠨ ᠲᠥᠭᠦᠷᠢᠭ᠂ ᠡᠵᠡᠯᠡᠬᠦ ᠲᠠᠯᠠᠪᠠᠶ ᠨᠢ 20803 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ

2392 ᠲᠡᠭᠰᠢ ᠳᠥᠷᠪᠡᠯᠵᠢᠨ ᠮᠧᠲᠷ ᠪᠠᠶᠢᠵᠤ᠂ ᠲᠠᠩ ᠳᠠᠪᠬᠤᠷᠭ᠎ᠠ ᠶᠢᠨ ᠪᠦᠲᠦᠴᠡ ᠲᠠᠢ᠃ 1 ᠰᠠᠯᠬᠤ ᠶᠤᠰᠤᠯᠠᠯ ᠤᠨ ᠲᠢᠩᠬᠢᠮ᠂ 6 ᠭᠠᠰᠢᠭᠤᠳᠠᠯ ᠤᠨ ᠲᠢᠩᠬᠢᠮ

᠂ 2 ᠪᠠᠶ᠎ᠠ ᠪᠦᠳᠤᠴᠠ ᠶᠢᠨ ᠵᠠᠳᠠᠯᠬᠤ ᠲᠠᠰᠤᠭ ᠢ  ᠪᠠᠶᠢᠭᠤᠯᠵᠤ᠂ 2 ᠭᠠᠯ ᠢᠶᠠᠷ ᠳᠡᠭᠳᠡᠭᠡᠬᠦ ᠲᠥᠬᠦᠭᠡᠷᠦᠮᠵᠢ ᠲᠣᠬᠢᠷᠠᠭᠤᠯᠵᠤ᠂ ᠲᠣᠰ ᠲᠥᠷᠥᠯ ᠵᠦᠢᠯ  ᠶᠢ ᠨᠢᠭᠡᠨᠲᠡ 

ᠪᠡᠶᠡᠯᠡᠭᠦᠯᠪᠡ᠃ ᠲᠥᠷᠥᠯ ᠵᠦᠢᠯ ᠤᠨ ᠪᠠᠶᠢᠭᠤᠯᠤᠭᠳᠠᠭᠰᠠᠨ ᠨᠢ᠂ ᠮᠠᠨ ᠤ ᠬᠤᠰᠢᠭᠤᠨ ᠤ ᠬᠤᠲᠠ ᠶᠢᠨ ᠦᠨᠳᠦᠰᠦᠨ ᠴᠢᠳᠠᠮᠵᠢ ᠶᠢ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠣᠳᠣᠬᠢᠴᠢᠯᠠᠭᠰᠠᠨ ᠣᠷᠣᠰᠢᠭᠤᠯᠭ᠎ᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠮᠠᠨ ᠤ ᠬᠤᠰᠢᠭᠤᠨ ᠤ ᠣᠷᠣᠰᠢᠭᠤᠯᠭ᠎ᠠ ᠶᠢᠨ

ᠬᠦᠷᠢᠶᠡᠨ ᠤ ᠬᠤᠭᠤᠰᠤᠨ ᠢ ᠨᠥᠬᠦᠪᠦᠷᠢᠯᠡᠬᠦ ᠪᠤᠯᠤᠨ᠎ᠠ᠃ ᠬᠠᠭᠤᠴᠢᠨ ᠪᠤᠯᠬᠢ ᠵᠠᠩ ᠵᠠᠩᠰᠢᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠥᠷᠭᠡᠨ ᠤᠯᠠᠨ ᠠᠷᠠᠳ

ᠲᠦᠮᠡᠨ ᠢ ᠬᠥᠲᠥᠯᠥᠨ ᠵᠢᠯᠤᠭᠤᠳᠴᠤ ᠣᠷᠣᠰᠢᠭᠤᠯᠭ᠎ᠠ ᠶᠢᠨ ᠪᠤᠯᠬᠢ ᠳᠠᠳᠬᠠᠯ ᠢ ᠳᠠᠶᠠᠭᠳᠠᠵᠤ᠂ ︽ᠠᠮᠢᠳᠤ ᠳᠤ ᠨᠢ ᠠᠰᠠᠷᠠᠨ ᠬᠦᠨᠳᠤᠯᠠᠵᠤ᠂ ᠬᠤᠶᠢᠳᠤᠬᠢ ᠠᠵᠢᠯ ᠢ

 ᠨᠢ ᠠᠪᠰᠡᠷ ᠬᠢᠬᠦ︾ ᠤᠳᠤ ᠦᠶ᠎ᠡ ᠶᠢᠨ ᠣᠷᠣᠰᠢᠭᠤᠯᠭ᠎ᠠ ᠶᠢᠨ ᠦᠵᠡᠯᠲᠡ ᠶᠢ ᠪᠤᠢ ᠪᠣᠯᠭᠠᠵᠤ᠂ ᠪᠣᠯᠪᠠᠰᠤᠨ ᠣᠷᠣᠰᠢᠭᠤᠯᠭ᠎ᠠ ᠬᠢᠬᠦ ᠰᠢᠨ᠎ᠡ ᠬᠡᠪ ᠰᠤᠷᠲᠠᠯ ᠢ ᠪᠤᠢ

ᠪᠣᠯᠭᠠᠬᠤ ᠳᠤ ᠠᠰᠢᠭᠲᠠᠢ ᠨᠥᠬᠦᠴᠡᠯ ᠢ ᠪᠦᠷᠢᠳᠤᠬᠦᠯᠪᠠ᠃

        ᠬᠤᠶᠠᠷ ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ

       ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ

ᠪᠢᠯᠧᠲ ᠥᠭᠬᠦ ᠳᠦᠷᠢᠮ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ 2023 ᠣᠨ ᠤ 10 ᠰᠠᠷ᠎ᠠ ᠳᠤ ᠬᠤᠰᠢᠭᠤᠨ ᠤ

ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠷᠠᠳᠢᠣ᠋ ᠲᠧᠯᠸᠢᠰ ᠬᠤᠷᠢᠶ᠎ᠠ ᠪᠠᠷ ᠨᠡᠶᠢᠭᠡᠮ ᠳᠠᠶᠠᠭᠠᠷ ᠠᠴᠠ ᠰᠠᠨᠠᠭᠤᠯᠭ᠎ᠠ ᠬᠤᠷᠢᠶᠠᠨ᠂ ᠠᠯᠪᠠᠨ ᠵᠠᠷ ᠨᠡᠶᠢᠲᠡᠯᠡᠵᠦ᠂

ᠨᠡᠶᠢᠲᠡ 54 ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠤᠭᠰᠠᠨ ᠪᠠᠶᠢᠨ᠎ᠠ᠃ ︽ᠠᠷᠠᠳ ᠤᠨ ᠰᠠᠨᠠᠭ᠎ᠠ ᠶᠢ ᠬᠦᠨᠳᠦᠳᠭᠡᠨ᠂ ᠠᠷᠠᠳ ᠤᠨ ᠠᠮᠢᠳᠤᠷᠠᠯ ᠢ

ᠴᠢᠬᠤᠯᠠᠴᠢᠯᠠᠨ᠂ ᠴᠢᠷᠮᠠᠶᠢᠨ ᠪᠠᠶᠠᠯᠡᠬᠦᠯᠵᠤ᠂ ᠠᠵᠢᠯ ᠤᠨ ᠦᠷ᠎ᠡ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠶᠣᠰᠣᠭᠠᠷ᠂ ᠠᠩᠬ᠎ᠠ ᠠᠯᠬᠤᠮ ᠤᠨ 5 ᠵᠢᠱᠢᠭᠳᠡᠭᠰᠡᠨ

ᠲᠥᠷᠥᠯ ᠵᠦᠢᠯ᠂ ᠲᠤᠬᠠᠶᠢᠯᠠᠪᠠᠯ ᠤᠷᠠᠳ ᠤᠨ ᠬᠤᠶᠢᠲᠤ ᠬᠤᠰᠢᠭᠤᠨ ᠤ 2024 ᠣᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ

ᠳᠡᠭᠡᠭᠰᠢᠯᠡᠭᠦᠯᠬᠦ ᠲᠥᠷᠥᠯ ᠵᠦᠢᠯ᠂ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ ᠪᠦᠷᠢᠨ ᠪᠠᠭ᠎ᠠ ᠰᠣᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠲᠡᠰ

ᠲᠡᠪᠰᠢᠬᠦᠯᠤᠨ ᠦᠭᠡᠷᠡᠴᠢᠯᠡᠬᠦ ᠲᠥᠷᠥᠯ ᠵᠦᠢᠯ᠂ ᠤᠷᠠᠳ ᠤᠨ ᠬᠤᠶᠢᠲᠤ ᠬᠤᠰᠢᠭᠤᠨ ᠤ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ

ᠳᠡᠭᠡᠭᠰᠢᠯᠡᠬᠦᠯᠬᠦ ᠲᠥᠷᠥᠯ ᠵᠦᠢᠯ᠂ ᠤᠷᠠᠳ ᠤᠨ ᠬᠤᠶᠢᠳᠤ ᠬᠤᠰᠢᠭᠤᠨ ᠤ 2024 ᠤᠨ ᠤ ᠲᠤᠯᠠᠭᠠᠯᠠᠬᠤ ᠢᠨᠵᠧᠨᠧᠷᠢᠩ ᠤᠨ ᠲᠦᠷᠤᠯ ᠵᠤᠶᠢᠯ᠂ ᠤᠷᠠᠳ ᠤᠨ

ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠲᠥᠷᠥᠯ ᠵᠦᠢᠯ ᠵᠡᠷᠭᠡ

5 ᠲᠥᠷᠥᠯ ᠵᠦᠢᠯ ᠪᠣᠯᠣᠨ᠎ᠠ᠃

         ︵ᠨᠢᠭᠡ︶ ᠤᠷᠠᠳ ᠤᠨ ᠬᠤᠶᠢᠲᠤ ᠬᠤᠰᠢᠭᠤᠨ ᠤ 2024 ᠣᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠬᠦ

ᠲᠥᠷᠥᠯ ᠵᠦᠢᠯ

       ᠲᠤᠰ ᠲᠥᠷᠥᠯ ᠵᠦᠢᠯ ᠢ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠷᠢᠭᠤᠴᠠᠨ ᠬᠡᠷᠡᠭᠵᠢᠭᠦᠯᠵᠦ᠂ ᠬᠤᠰᠢᠭᠤᠨ ᠤ ᠵᠠᠮ

ᠬᠠᠷᠢᠯᠴᠠᠭᠠᠨ ᠤ ᠲᠣᠪᠴᠢᠶ᠎ᠠ ᠬᠠᠮᠵᠢᠯᠴᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 783.6 ᠲᠦᠮᠡᠨ ᠲᠥᠭᠦᠷᠢᠭ ᠪᠤᠯᠤᠨ᠎ᠠ᠃ ᠭᠤᠤᠯᠳᠠᠭᠤ᠄

ᠨᠢᠭᠡ ᠳᠤ ᠤᠯᠤᠰ ᠤᠨ ᠵᠠᠮ ᠤᠨ 331᠂ 335᠂ ᠮᠤᠵᠢ ᠶᠢᠨ ᠵᠠᠮ ᠤᠨ 213᠂ ᠰᠢᠶᠠᠨ ᠤ ᠵᠠᠮ ᠤᠨ 717᠂ 934 ᠵᠡᠷᠭᠡ ᠠᠭᠤᠯᠠᠨ ᠠᠷᠣ ᠶᠢᠨ 5 ᠭᠤᠣᠯ

ᠵᠠᠮ ᠳᠤ 373 ᠵᠠᠮ ᠬᠠᠷᠢᠯᠴᠠᠭᠠᠨ ᠤ ᠲᠡᠮᠳᠡᠭ ᠫᠠᠶᠢᠰᠠ ᠤᠭᠰᠠᠷᠠᠨ᠎ᠠ᠃ ᠬᠤᠶᠠᠷ ᠲᠤ ᠤᠯᠤᠰ ᠤᠨ ᠵᠠᠮ ᠤᠨ 331᠂ 335 ᠪᠣᠯᠣᠨ ᠮᠠᠨ ᠤ ᠬᠤᠰᠢᠭᠤᠨ ᠤ

ᠬᠠᠮᠢᠶᠠᠷᠤᠯᠲᠠ ᠶᠢᠨ ᠬᠡᠪᠴᠢᠶᠡᠨ ᠳᠠᠬᠢ ᠰᠠᠯᠠᠭ᠎ᠠ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠳᠣᠬᠢᠶᠠᠨ ᠳ᠋ᠧᠩ 15 ᠢᠵᠢ᠂ ᠡᠯᠧᠺᠲᠷᠣᠨ ᠰᠡᠬᠦᠳᠡᠷᠯᠡᠬᠦ ᠮᠠᠰᠢᠨ᠂

ᠨᠡᠷᠡᠨ ᠡᠨᠧᠷᠭᠢ ᠶᠢᠨ ᠡᠯᠧᠺᠲᠷᠣᠨ ᠬᠠᠷᠠᠭᠤᠯ ᠮᠠᠰᠢᠨ 9 ᠢᠵᠢ ᠶᠢ ᠰᠢᠨ᠎ᠡ ᠪᠠᠷ ᠨᠠᠮᠠᠵᠤ ᠤᠭᠰᠠᠷᠠᠨ᠎ᠠ᠃ ᠭᠤᠷᠪᠠ ᠳᠤ ᠪᠠᠶᠠᠨᠪᠤᠯᠠᠭ ᠪᠠᠯᠭᠠᠰᠤ᠂ ᠬᠦᠭᠡᠦ᠌ᠨᠳᠤᠷ

ᠪᠠᠯᠭᠠᠰᠤ ᠵᠢᠴᠢ ᠤᠯᠤᠰ ᠤᠨ ᠵᠠᠮ ᠤᠨ 335 ᠣᠭᠲᠣᠯᠣᠯᠴᠠᠯ ᠵᠠᠮ ᠤᠨ ᠠᠭᠤᠯᠵᠠᠷ ᠲᠤ 45 ᠢᠵᠢ ᠵᠠᠮ ᠬᠠᠷᠢᠯᠴᠠᠭᠠᠨ ᠤ ᠳᠣᠬᠢᠶᠠᠨ ᠮᠠᠰᠢᠨ ᠢ ᠰᠢᠨᠡᠴᠢᠯᠠᠨ

ᠤᠭᠰᠠᠷᠠᠨ᠎ᠠ᠃ ᠳᠥᠷᠪᠡ ᠳᠤ  ᠪᠠᠶᠠᠨᠪᠤᠯᠠᠭ ᠪᠠᠯᠭᠠᠰᠤ᠂ ᠠᠵᠤ ᠦᠢᠯᠡᠳᠪᠦᠷᠢ ᠶᠢᠨ ᠲᠣᠭᠤᠷᠢᠭ ᠤᠨ ᠭᠡᠰᠡᠭ ᠵᠠᠮ ᠲᠡᠭᠡᠷ᠎ᠡ ᠲᠤᠳᠤᠷᠬᠠᠶᠢᠯᠠᠯ ᠱᠤᠭᠤᠮ ᠵᠢᠷᠤᠨ᠎ᠠ᠃

ᠲᠠᠪᠤ ᠳᠤ  ᠪᠠᠶᠠᠨᠪᠤᠯᠠᠭ ᠪᠠᠯᠭᠠᠰᠤᠨ ᠤ ᠬᠤᠳᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠲᠤᠬᠢᠶᠠᠨ ᠳ᠋ᠧᠩ ᠤᠨ ᠪᠠᠭᠠᠨ᠎ᠠ ᠲᠤᠨᠤᠭᠯᠠᠯ᠂ ᠪᠤᠰᠤᠭ᠎ᠠ ᠳᠤᠬᠢᠶᠠᠨ ᠳ᠋ᠧᠩ

 ᠢ 144 ᠢᠵᠢ ᠰᠤᠯᠢᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠤᠰᠢᠭᠤᠨ ᠬᠡᠪᠴᠢᠶᠡᠨ ᠤ ᠭᠤᠣᠯ ᠵᠠᠮ ᠬᠠᠷᠢᠯᠴᠠᠭᠠᠨ ᠤ ᠲᠡᠷᠭᠡ ᠤᠨᠤᠭᠠᠨ

 ᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠮᠣ ᠪᠠᠷᠠᠭᠠᠨ ᠤ ᠲᠡᠷᠭᠡᠨ ᠤ ᠳᠤᠷ᠎ᠠ ᠪᠠᠷ ᠢᠶᠠᠨ ᠥᠩᠭᠡᠷᠡᠬᠦ᠂ ᠵᠠᠮ ᠬᠠᠷᠢᠯᠴᠠᠭᠠᠨ ᠤ ᠤᠯᠠᠭᠠᠨ

ᠳ᠋ᠧᠩ ᠢ ᠵᠦᠷᠢᠴᠡᠵᠤ ᠵᠠᠮ ᠬᠠᠷᠢᠯᠴᠠᠭᠠᠨ ᠤ ᠠᠳᠡᠯ ᠡᠬᠦᠰᠬᠦ ᠶᠢ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ

ᠪᠠᠲᠤᠯᠠᠨ᠎ᠠ᠃

         ︵ᠬᠤᠶᠠᠷ︶ ᠤᠷᠠᠳ ᠤᠨ ᠬᠤᠶᠢᠲᠤ ᠬᠤᠰᠢᠭᠤᠨ ᠤ ᠬᠤᠶᠠᠳᠤᠭᠠᠷ ᠪᠦᠷᠢᠨ ᠪᠠᠭ᠎ᠠ ᠰᠣᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠳᠡᠰ ᠳᠡᠪᠰᠢᠬᠦᠯᠤᠨ

ᠥᠭᠡᠷᠡᠴᠢᠯᠡᠬᠦ ᠲᠥᠷᠥᠯ ᠵᠦᠢᠯ

      ᠲᠣᠰ ᠲᠥᠷᠥᠯ ᠵᠦᠢᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ

ᠣᠷᠣᠭᠤᠯᠤᠯᠲᠠ ᠨᠢ 477 ᠲᠦᠮᠡᠨ ᠲᠥᠭᠦᠷᠢᠭ᠂ ᠰᠠᠭᠰᠤᠨ ᠪᠥᠮᠪᠦᠭᠡ ᠶᠢᠨ ᠲᠠᠯᠠᠪᠤᠷ᠂ ᠠᠯᠠᠭᠠᠳᠠᠬᠤ ᠪᠥᠮᠪᠦᠭᠡ ᠶᠢᠨ ᠲᠠᠯᠠᠪᠤᠷ᠂ ᠲᠣᠭᠯᠠᠭᠠᠮ ᠤᠨ ᠲᠠᠯᠠᠪᠤᠷ ᠵᠢᠴᠢ

ᠪᠤᠰᠤᠳ ᠳᠠᠭᠠᠯᠲᠠ ᠭᠡᠷ ᠪᠠᠶᠢᠰᠢᠩ ᠤᠨ ᠭᠠᠵᠠᠷ ᠤᠨ ᠭᠠᠳᠠᠷᠭᠤ ᠶᠢ ᠰᠣᠯᠢᠬᠤ ᠪᠠᠷ ᠲᠥᠯᠥᠪᠯᠡᠵᠦ᠂ ᠳᠤᠯᠠᠭᠠᠯᠠᠭ᠎ᠠ ᠪᠠ ᠭᠡᠷ ᠳᠣᠲᠣᠷᠠᠬᠢ ᠰᠠᠯᠬᠢ ᠨᠡᠪᠲᠡᠷᠡᠭᠦᠯᠬᠦ

ᠲᠥᠬᠦᠭᠡᠷᠦᠮᠵᠢ ᠵᠢᠴᠢ ᠵᠣᠬᠢᠬᠤ ᠴᠢᠳᠠᠮᠵᠢᠲᠤ ᠣᠷᠣᠨ ᠪᠦᠰᠡ ᠶᠢᠨ ᠲᠥᠬᠦᠭᠡᠷᠦᠮᠵᠢ ᠶᠢ ᠪᠦᠷᠢᠳᠦᠬᠦᠯᠤᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ

᠂ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠨᠠᠩ ᠰᠠᠶᠢᠨ ᠪᠡᠶ᠎ᠡ ᠲᠠᠮᠢᠷ ᠤᠨ ᠪᠣᠯᠪᠠᠰᠤᠷᠠᠯ ᠤᠨ ᠲᠠᠯᠠᠪᠤᠷ ᠬᠠᠩᠭᠠᠵᠤ᠂ ᠰᠤᠷᠭᠠᠭᠤᠯᠢ ᠶᠢᠨ ᠰᠠᠭᠤᠷᠢ

ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ 2024 ᠣᠨ ᠤ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠴᠢᠨᠠᠷᠵᠢᠭᠤᠨ ᠪᠥᠭᠡᠳ ᠲᠡᠩᠴᠡᠭᠦᠷᠢᠲᠡᠢ ᠤᠯᠤᠰ ᠤᠨ ᠲᠠᠰ ᠤᠨ ᠬᠢᠨᠠᠨ ᠰᠢᠯᠭᠠᠯᠳᠠ ᠳᠤ ᠦᠩᠬᠡᠷᠡᠬᠦᠯᠬᠦ ᠳᠤ ᠪᠠᠳᠣ ᠪᠠᠬᠢ ᠰᠠᠭᠤᠷᠢ ᠲᠠᠯᠪᠢᠵᠤ ᠥᠭᠬᠦ

ᠪᠣᠯᠣᠨ᠎ᠠ᠃

        ︵ᠭᠤᠷᠪᠠ︶ ᠤᠷᠠᠳ ᠤᠨ ᠬᠤᠶᠢᠲᠤ ᠬᠤᠰᠢᠭᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠬᠦ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ

       ᠲᠣᠰ ᠲᠥᠷᠥᠯ ᠵᠦᠢᠯ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠬᠡᠷᠡᠭᠵᠢᠭᠦᠯᠵᠦ᠂ ᠲᠥᠷᠥᠯ ᠵᠦᠢᠯ ᠤᠨ

ᠶᠡᠷᠦᠩᠬᠡᠢ ᠪᠡᠯᠡ ᠣᠷᠣᠭᠤᠯᠤᠯᠲᠠ ᠨᠢ 2300 ᠲᠦᠮᠡᠨ ᠲᠥᠭᠦᠷᠢᠭ᠂ ᠡᠮᠴᠢᠯᠡᠭᠡᠨ ᠤ ᠶᠡᠷᠦᠩᠬᠡᠶᠢᠯᠡᠭᠰᠡᠨ ᠲᠣᠭᠤᠷᠢᠭ ᠲᠤ ᠡᠮ ᠡᠮᠨᠡᠯᠬᠡ ᠡᠷᠡᠭᠦᠯ ᠬᠠᠮᠠᠭᠠᠯᠠᠯ ᠤᠨ

ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠡᠷᠡᠭᠰᠡᠬᠦ ᠲᠥᠬᠦᠭᠡᠷᠦᠮᠵᠢ ᠬᠤᠳᠠᠯᠳᠤᠨ ᠠᠪᠴᠤ᠂ ᠬᠤᠰᠢᠭᠤᠨ ᠤ ᠬᠡᠪᠴᠢᠶᠡᠨ ᠤ ᠡᠮᠨᠡᠯᠬᠡ ᠶᠢᠨ ᠬᠠᠮᠲᠤ ᠶᠢᠨ

ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠬᠠᠮᠢᠶ᠎ᠠ ᠪᠦᠬᠦᠢ ᠳᠠᠭᠠᠯᠲᠠ ᠲᠥᠬᠦᠭᠡᠷᠦᠮᠵᠢ ᠵᠢᠴᠢ ᠬᠠᠷᠠᠭᠠᠯᠵᠠᠭᠰᠠᠨ ᠲᠤᠨᠤᠭ

ᠲᠦᠬᠦᠭᠡᠷᠤᠮᠵᠢ ᠶᠢ ᠢᠵᠢ ᠪᠦᠷᠢᠳᠦᠭᠦᠯᠦᠨ ᠬᠤᠳᠠᠯᠳᠤᠨ ᠠᠪᠬᠤ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ

ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠰᠢᠭᠤᠨ ᠤ ᠠᠷᠠᠳ ᠤᠨ

ᠡᠮᠨᠡᠯᠭᠡ ᠶᠢᠨ ᠬᠤᠷᠢᠶ᠎ᠠ ᠨᠢ ᠡᠯ᠎ᠠ ᠲᠦᠷᠤᠯ ᠤᠨ ᠪᠠᠴᠢᠮ ᠲᠤᠯᠭᠠᠮ᠎ᠠ ᠡᠪᠡᠳᠴᠢᠨ ᠢ ᠠᠪᠤᠷᠠᠨ ᠲᠤᠰᠠᠯᠠᠬᠤ ᠴᠢᠳᠠᠪᠤᠷᠢ ᠶᠢ ᠲᠡᠭᠡᠭᠰᠢᠯᠡᠬᠦᠯᠤᠨ᠂ ᠡᠮ ᠡᠮᠨᠡᠯᠭᠡ ᠶᠢᠨ

ᠦᠢᠯᠡᠴᠢᠯᠡᠭᠡᠨ ᠤ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ

ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃

        ︵ᠳᠥᠷᠪᠡ︶ ᠤᠷᠠᠳ ᠤᠨ ᠬᠤᠶᠢᠲᠤ ᠬᠤᠰᠢᠭᠤᠨ ᠤ 2024 ᠣᠨ ᠤ ᠲᠤᠯᠠᠭᠠᠯᠠᠬᠤ ᠢᠨᠵᠧᠨᠧᠷᠢᠩ ᠤᠨ ᠲᠥᠷᠥᠯ ᠵᠦᠢᠯ

       ᠲᠣᠰ ᠲᠥᠷᠥᠯ ᠵᠦᠢᠯ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ

ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 649 ᠲᠦᠮᠡᠨ ᠲᠥᠭᠦᠷᠢᠭ ᠪᠠᠶᠢᠵᠤ᠂ ᠪᠠᠶᠠᠨᠪᠤᠯᠠᠭ ᠪᠠᠯᠭᠠᠰᠤᠨ ᠤ ᠪᠦᠦ ᠶᠤᠸᠠᠨ᠂ ᠷᠦᠨ

ᠹᠧᠩ᠂ ᠪᠠᠢ ᠢ ᠰᠠᠭᠤᠭᠠᠯᠢ ᠲᠣᠭᠤᠷᠢᠭ ᠤᠨ 3 ᠲᠤᠯᠠᠭᠠᠨ ᠭᠡᠢ ᠶᠢᠨ ᠬᠠᠮᠢᠶᠠᠷᠤᠯᠳᠠ ᠶᠢᠨ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠬᠤᠸᠠᠩᠭᠠᠩ

ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ ᠬᠤᠪᠢᠶᠠᠷᠢ ᠰᠤᠷᠭᠠᠭᠤᠯᠢ ᠳᠤ 1 ᠲᠤᠯᠠᠭᠠᠨ ᠭᠡᠢ ᠶᠢᠨ ᠬᠠᠮᠢᠶᠠᠷᠤᠯᠳᠠ ᠶᠢᠨ ᠥᠷᠲᠡᠭᠡ ᠶᠢ

ᠰᠢᠨ᠎ᠡ ᠪᠠᠷ ᠪᠠᠶᠢᠭᠤᠯᠵᠤ᠂ ᠣᠷᠣᠨ ᠨᠤᠲᠤᠭ ᠤᠨ ᠭᠠᠶᠢᠯᠢ ᠶᠢᠨ ᠲᠤᠪᠴᠢᠶᠠᠨ ᠤ ᠭᠡᠷ ᠪᠠᠶᠢᠰᠢᠩ ᠤᠨ ᠢᠯᠴᠢ ᠬᠠᠩᠭᠠᠬᠤ ᠬᠤᠶᠠᠳᠠᠭᠢ ᠤᠳᠠᠭᠠᠨ ᠤ ᠬᠤᠭᠤᠯᠠᠢ ᠶᠢᠨ

ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠪᠦᠦ ᠶᠤᠸᠠᠨ᠂

ᠣᠷᠣᠨ ᠨᠤᠲᠤᠭ ᠤᠨ ᠭᠠᠶᠢᠯᠢ ᠵᠢᠨ‌‍ᠲ᠋ᠤᠪᠴᠢᠶᠠᠨ ᠤ ᠭᠡᠷ ᠪᠠᠶᠢᠰᠢᠩ᠂ ᠾᠦᠢ ᠵᠢᠩ᠂ ᠺᠠᠢ ᠹᠦ᠋᠂ ᠪᠠᠢ ᠢ ᠰᠠᠭᠤᠭᠠᠯᠢ ᠲᠣᠭᠤᠷᠢᠭ ᠵᠡᠷᠭᠡ 4000 ᠭᠠᠷᠤᠢ ᠡᠷᠦᠬᠡ

ᠰᠠᠭᠤᠭᠠᠯᠢ ᠠᠷᠠᠳ ᠪᠣᠯᠣᠨ ᠮᠣᠩᠭᠤᠯ ᠡᠮᠨᠡᠯᠭᠡ ᠶᠢᠨ ᠬᠤᠷᠢᠶ᠎ᠠ᠂ ᠬᠤᠸᠠᠩᠭᠠᠩ ᠲᠤᠷᠰᠢᠯᠲᠠ ᠶᠢᠨ ᠰᠤᠷᠭᠠᠭᠤᠯᠢ ᠶᠢᠨ ᠤᠷᠠᠳ ᠤᠨ ᠬᠤᠶᠢᠲᠤ ᠬᠤᠰᠢᠭᠤᠨ ᠤ

ᠬᠤᠪᠢᠶᠠᠷᠢ ᠰᠤᠷᠭᠠᠭᠤᠯᠢ ᠶᠢᠨ ᠢᠯᠴᠢ ᠬᠠᠩᠭᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠥᠬᠦ ᠬᠦᠴᠦᠨ ᠢᠶᠠᠷ ᠢᠶᠠᠨ ᠳᠤᠯᠠᠭᠠᠯᠠᠭ᠎ᠠ ᠶᠢ

ᠭᠦᠢᠴᠡᠳ ᠬᠠᠩᠭᠠᠬᠤ ᠪᠣᠯᠣᠨ᠎ᠠ᠃

        ︵ᠲᠠᠪᠤ︶ ᠤᠷᠠᠳ ᠤᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ

ᠰᠠᠭᠤᠷᠢᠨ ᠭᠠᠵᠠᠷ ᠤᠨ ᠲᠥᠷᠥᠯ ᠵᠦᠢᠯ

        ᠲᠣᠰ ᠲᠥᠷᠥᠯ ᠵᠦᠢᠯ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠷᠢᠭᠤᠴᠠᠨ ᠬᠡᠷᠡᠭᠵᠢᠭᠦᠯᠵᠦ᠂ ᠨᠡᠶᠢᠲᠡ 733 ᠲᠦᠮᠡᠨ

ᠲᠥᠭᠦᠷᠢᠭ ᠤᠨ ᠪᠡᠯᠡ ᠣᠷᠣᠭᠤᠯᠵᠤ᠂ ᠬᠦᠭᠡᠦ᠌ᠨᠳᠤᠷ ᠪᠠᠯᠭᠠᠰᠤᠨ ᠤ ᠰᠤᠷᠭᠠᠭᠤᠯᠢ ᠳᠤ 3597 ᠲᠡᠭᠰᠢ ᠳᠥᠷᠪᠡᠯᠵᠢᠨ ᠮᠧᠲᠷ ᠤᠨ ᠪᠠᠶᠢᠷᠢ ᠶᠢᠨ ᠠᠰᠠᠷ᠂ 1252

ᠲᠡᠭᠰᠢ ᠳᠥᠷᠪᠡᠯᠵᠢᠨ ᠮᠧᠲᠷ ᠤᠨ ᠲᠤᠷᠰᠢᠯᠲᠠ ᠶᠢᠨ ᠠᠰᠠᠷ᠂ 939 ᠲᠡᠭᠰᠢ ᠳᠥᠷᠪᠡᠯᠵᠢᠨ ᠮᠧᠲᠷ ᠤᠨ ᠬᠤᠭᠤᠯᠠᠨ ᠭᠡᠷ ᠢ ᠥᠭᠡᠷᠡᠴᠢᠯᠡᠨ ᠪᠠᠶᠢᠭᠤᠯᠬᠤ ᠶᠢᠨ ᠬᠠᠮᠲᠤ

ᠦᠢᠯᠡᠳᠦᠯᠭᠡ ᠶᠢᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠲᠥᠬᠦᠭᠡᠷᠦᠮᠵᠢ ᠶᠢ ᠬᠤᠳᠠᠯᠳᠤᠨ ᠠᠪᠬᠤ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠢ

ᠬᠡᠷᠡᠭᠵᠢᠭᠦᠯᠦᠭᠰᠡᠨ ᠤ ᠳᠠᠷᠠᠭ᠎ᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ

ᠣᠷᠴᠢᠨ ᠲᠣᠭᠤᠷᠢᠨ ᠤ ᠰᠢᠯᠢᠳᠡᠭᠵᠢᠬᠦᠯᠤᠨ᠂ ᠪᠥᠬᠦ ᠪᠠᠭᠰᠢ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠯᠭ᠎ᠠ ᠪᠠ ᠠᠮᠢᠳᠤᠷᠠᠯ ᠤᠨ ᠣᠷᠴᠢᠨ ᠨᠥᠬᠦᠴᠡᠯ ᠢ

ᠪᠦᠷᠢᠳᠤᠬᠦᠯᠬᠦ ᠪᠣᠯᠣᠨ᠎ᠠ᠃

        ᠲᠥᠯᠥᠭᠡᠯᠡᠭᠴᠢᠳ ᠠ᠋᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠤᠯ ᠵᠤᠶᠢᠯ ᠢ ᠰᠠᠶᠢᠲᠤᠷ ᠬᠡᠷᠡᠭᠵᠢᠭᠦᠯᠬᠦ ᠳᠤ

ᠪᠢᠳᠡ ᠵᠠᠶᠢᠯᠠᠭᠤᠯᠵᠤ ᠪᠣᠯᠣᠰᠢ ᠦᠭᠡᠢ ᠲᠠᠷᠬᠠᠨ ᠬᠠᠷᠢᠭᠤᠴᠠᠯᠭ᠎ᠠ ᠲᠠᠢ ᠶᠤᠮ᠃ ᠪᠢᠳᠡ ᠪᠢᠯᠧᠲ ᠦᠭᠬᠦᠭᠰᠠᠠ ᠦᠷ᠎ᠡ ᠳ᠋ᠦᠩ ᠢ ᠦᠨᠳᠦᠰᠦᠯᠡᠨ᠂ ᠲᠣᠭᠲᠠᠴᠠ ᠶᠢ

ᠤᠯᠠᠮ ᠨᠢᠭᠡ ᠠᠯᠬᠤᠮ ᠪᠦᠷᠢᠨᠰᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠷᠢᠨ

ᠬᠢᠨᠠᠮᠠᠭᠠᠢ ᠵᠣᠬᠢᠶᠠᠨ ᠪᠠᠶᠢᠭᠤᠯᠤᠨ ᠰᠢᠢᠳᠪᠦᠷᠢᠯᠡᠵᠦ᠂ ᠠᠷᠠᠳ ᠤᠨ ᠲᠥᠯᠥᠭᠡ ᠬᠡᠰᠡᠨ ᠠᠮᠠᠯᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠡᠭᠦᠨ ᠤ ᠬᠠᠮᠲᠤ

ᠲᠥᠯᠥᠭᠡᠯᠡᠭᠴᠢᠳ ᠥᠩᠭᠡᠷᠡᠭᠰᠡᠨ ᠲᠠᠢ ᠪᠠᠨ ᠠᠳᠠᠯᠢ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠠᠯᠠᠮᠵᠢᠯᠠᠨ

ᠳᠡᠮᠵᠢᠵᠦ᠂ ᠬᠠᠮᠲᠤᠪᠠᠷ ᠴᠢᠷᠮᠠᠶᠢᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠤᠯᠠᠨ ᠲᠦᠮᠡᠨ ᠰᠡᠳᠬᠢᠯ ᠬᠠᠨᠤᠮᠵᠢᠲᠠᠢ᠂

ᠲᠥᠯᠥᠭᠡᠯᠡᠭᠴᠢᠳ ᠰᠡᠳᠬᠢᠯ ᠬᠠᠨᠤᠮᠵᠢᠳᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠭᠠᠨ ᠡᠷᠬᠢᠯᠡᠬᠦ ᠶᠢ ᠬᠦᠰᠡᠵᠦ ᠪᠠᠶᠢᠨ᠎ᠠ᠃

 

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ