| ᠣᠶᠤᠲᠠᠳ ᠤᠨ ᠠᠵᠢᠯ ᠣᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠬᠡᠯ | ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠣ ᠭᠠᠵᠠᠷ ᠲᠤ ᠠᠵᠢᠯ ᠣᠯᠣᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ | ᠵᠡᠷᠭᠡ ᠪᠠᠶᠢᠳᠠᠯ ᠠᠴᠠ ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠤᠭᠠᠬᠤ ᠴᠢᠬᠤᠯᠠᠲᠠᠢ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠣ ᠭᠠᠵᠠᠷ ᠲᠤ ᠳᠠᠭᠠᠳᠬᠠᠯ ᠳᠤ | ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ | ᠶᠢ ᠭᠦᠢᠴᠡᠳᠬᠡᠵᠦ ᠪᠣᠯᠣᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ ᠴᠤᠪᠤᠷᠠᠯ | ᠭᠦᠢᠴᠡᠳᠭᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App — ᠥᠪᠥᠷ ᠮᠣᠩᠭᠤᠯ ᠲᠤᠰᠬᠠᠢ ᠲᠣᠭᠤᠷᠢᠭ᠂ ᠥᠪᠥᠷ ᠮᠣᠩᠭᠤᠯ ᠤᠨ ᠡᠮᠴᠢᠯᠡᠭᠡᠨ ᠤ | ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠣᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ | | ᠠᠯᠬᠤᠮ ᠨᠢᠭᠡ | | ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠴᠢᠳᠠᠮᠵᠢ ᠶᠢᠨ ᠬᠡᠰᠡᠭ ᠠᠴᠠ ᠡᠬᠢᠯᠡᠵᠦ | ᠠᠵᠢᠯᠯᠠᠨ᠎ᠠ᠃ | | | | | ᠠᠯᠬᠤᠮ ᠬᠤᠶᠠᠷ | | ᠬᠤᠪᠢ ᠬᠥᠮᠥᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃ | | | | | | ᠠᠯᠬᠤᠮ ᠭᠤᠷᠪᠠ | | ︽ᠲᠦᠷ ᠵᠣᠭᠰᠤᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃ | | | | | | | | | ᠠᠯᠬᠤᠮ ᠳᠥᠷᠪᠡ | | ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ ᠬᠠᠷᠭᠤᠭᠤᠯᠬᠤ ᠴᠢᠬᠤᠯᠠ ᠦᠭᠡᠢ᠃ | | | | ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ ᠭᠡᠵᠦ ᠪᠠᠶᠢᠭ᠎ᠠ ᠭᠠᠵᠠᠷ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠠᠩᠰᠠᠯᠠᠯᠲᠠ ᠪᠠᠨ | ᠭᠦᠢᠴᠡᠳᠬᠡᠨ᠎ᠡ᠃ | | | | | | |