ᠤᠷᠠᠳ ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ ᠢ ᠲᠥᠪ ᠲᠧᠯᠸᠢᠰ ᠤᠨ ᠫᠷᠣᠭ᠍ᠷᠠᠮ  ᠢᠶᠠᠷ ​ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/10/21
   

       ᠥᠨᠢ ᠤᠳᠠᠭᠠᠨ ᠲᠡᠦᠬᠡ ᠲᠠᠢ᠂ ᠦᠵᠡᠰᠬᠦᠯᠡᠩᠲᠦ ᠰᠠᠶᠢᠬᠠᠨ ᠠᠭᠤᠯᠠ ᠤᠰᠤ ᠲᠠᠢ ᠬᠤᠨ ᠭᠠᠯᠠᠭᠤᠨ ᠤ ᠨᠤᠲᠤᠭ ᠪᠤᠯᠬᠤ ᠤᠷᠠᠳ ᠤᠨ ᠳᠤᠮᠳᠠᠳᠤ

ᠬᠤᠰᠢᠭᠤᠨ ᠳᠤ ᠤᠷᠠᠴᠤᠳ ᠤᠨ ᠤᠷᠠᠨ ᠰᠠᠨᠠᠭ᠎ᠠ ᠪᠠᠷ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠨ ᠬᠥᠭᠵᠢᠭᠦᠯᠵᠦ ᠶᠠᠪᠤᠭ᠎ᠠ ᠨᠢᠭᠡ ᠪᠦᠯᠦᠭ ᠳᠠᠷᠬᠠᠨ

ᠬᠥᠮᠥᠰ ᠪᠠᠶᠢᠳᠠᠭ᠃ ᠣᠶᠢᠷ᠎ᠠ ᠳᠤ᠂ ᠲᠥᠪ ᠲᠧᠯᠸᠢᠰ ᠤᠨ ᠳᠥᠷᠪᠡᠳᠦᠭᠡᠷ ᠰᠤᠪᠠᠭ ᠤᠨ ︽ᠵᠢᠷ ᠤᠨ ᠤᠷᠠᠨ ᠳᠠᠷᠬᠠᠨ︾ ᠫᠷᠣᠭ᠍ᠷᠠᠮ ᠢᠶᠠᠷ ᠡᠲᠡᠭᠡᠷ ᠬᠥᠮᠥᠰ ᠤᠨ

ᠤᠷᠠᠳ ᠤᠨ ᠵᠡᠰ ᠮᠥᠩᠭᠦᠨ ᠡᠳ᠋ᠯᠡᠯ ᠬᠢᠬᠦ ᠤᠷ᠎ᠠ ᠮᠡᠷᠭᠡᠵᠢᠯ ᠢ ᠳᠡᠯᠭᠡᠨ ᠦᠵᠡᠭᠦᠯᠦᠯ᠎ᠡ᠃

       ᠤᠷᠠᠳ ᠤᠨ ᠳᠤᠮᠳᠠᠳᠤ ᠬᠤᠰᠢᠭᠤ ᠡᠬᠡ ᠤᠯᠤᠰ ᠤᠨ ᠬᠤᠶᠢᠲᠤ ᠲᠠᠯ᠎ᠠ ᠳᠤ ᠪᠠᠶᠢᠷᠢᠰᠢᠵᠤ᠂ ᠤᠷᠠᠳ ᠮᠣᠩᠭᠤᠯᠴᠤᠳ ᠤᠨ ᠵᠡᠰ ᠮᠥᠩᠭᠦᠨ ᠡᠳ᠋ᠯᠡᠯ ᠦᠢᠯᠡᠳᠬᠦ

ᠤᠷ᠎ᠠ ᠮᠡᠷᠭᠡᠵᠢᠯ ᠨᠢ ᠮᠢᠩ ᠤᠯᠤᠰ ᠤᠨ ᠰᠡᠭᠦᠯᠴᠢ ᠴᠢᠩ ᠤᠯᠤᠰ ᠤᠨ ᠡᠬᠢᠨ ᠤ ᠦᠶ᠎ᠡ ᠳᠤ ᠪᠤᠢ ᠪᠣᠯᠵᠤ᠂ ᠣᠳᠣ ᠠᠴᠠ 300 ᠭᠠᠷᠤᠢ ᠵᠢᠯ ᠤᠨ ᠲᠡᠦᠬᠡ ᠲᠠᠢ᠂

ᠤᠷᠠᠳ ᠮᠣᠩᠭᠤᠯᠴᠤᠳ ᠤᠨ ᠴᠢᠬᠤᠯᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠤᠯᠬᠤ ᠪᠥᠭᠡᠳ ᠤᠷᠠᠳ ᠰᠣᠶᠣᠯ ᠤᠨ ᠴᠢᠬᠤᠯᠠ ᠪᠦᠷᠢᠯᠳᠦᠭᠦᠨ ᠬᠡᠰᠡᠭ

ᠪᠣᠯᠤᠭᠰᠠᠨ ᠪᠠᠶᠢᠨ᠎ᠠ᠃

       ᠪᠠᠲᠤᠲᠤᠭᠤᠸ᠎ᠠ ᠪᠣᠯ ᠤᠷᠠᠳ ᠠᠶᠢᠮᠠᠭ ᠤᠨ ᠬᠤᠶᠢᠴᠢ ᠦᠶ᠎ᠡ ᠮᠥᠨ᠂ ᠬᠠᠷᠠᠬᠠᠨ ᠪᠠᠭ᠎ᠠ ᠠᠴᠠ ᠪᠠᠨ ᠠᠬᠠᠮᠠᠳ ᠠᠴᠠ ᠪᠠᠨ ᠵᠡᠰ ᠮᠥᠩᠭᠦᠨ ᠡᠳ᠋ᠯᠡᠯ ᠬᠢᠬᠦ ᠤᠷ᠎ᠠ

ᠮᠡᠷᠭᠡᠵᠢᠯ ᠢ ᠰᠤᠷᠴᠤ᠂ ᠡᠳᠦᠭᠡ ᠪᠤᠯᠲᠠᠯ᠎ᠠ 10 ᠭᠠᠷᠤᠢ ᠵᠢᠯ ᠤᠨ ᠲᠤᠷᠰᠢ ᠥᠪᠡᠷ ᠢᠶᠠᠨ ᠰᠡᠳᠬᠢᠨ ᠪᠣᠳᠣᠯᠬᠢᠯᠠᠬᠤ ᠳᠤᠷᠠᠲᠠᠢ ᠪᠠᠶᠢᠳᠠᠭ ᠠᠴᠠ ᠭᠠᠷ ᠤᠷᠠᠯᠠᠯ ᠨᠢ ᠤᠯᠠᠮ

ᠨᠠᠷᠢᠯᠢᠭ ᠪᠣᠯᠵᠠᠢ᠃

      ᠪᠠᠲᠤᠲᠤᠭᠤᠸ᠎ᠠ ᠶᠢᠨ ᠭᠠᠷ ᠤᠷᠠᠯᠠᠯ ᠤᠨ ᠳᠡᠯᠭᠡᠭᠦᠷ ᠲᠤ ᠮᠥᠩᠭᠦᠨ ᠠᠶᠠᠭ᠎ᠠ᠂ ᠮᠣᠩᠭᠤᠯ ᠭᠢᠲᠤᠭ᠎ᠠ᠂ ᠮᠣᠩᠭᠤᠯ ᠮᠥᠩᠭᠦᠨ ᠳᠡᠪᠦᠷ᠎ᠡ᠂ ᠠᠷᠢᠬᠢᠨ ᠳᠡᠪᠦᠷ᠎ᠡ

ᠬᠤᠨᠳᠠᠭ᠎ᠠ᠂ ᠲᠣᠯᠣᠭᠠᠢ ᠶᠢᠨ ᠵᠠᠰᠠᠯ᠂ ᠮᠥᠩᠭᠦᠨ ᠬᠠᠳᠬᠤᠭᠤᠷ ᠵᠡᠷᠭᠡ ᠶᠢ ᠪᠠᠷᠠᠭᠠᠨ ᠤ ᠲᠠᠯᠪᠢᠭᠤᠷ ᠲᠤ ᠳᠦᠭᠦᠷᠲᠡᠯ᠎ᠡ ᠥᠷᠥᠵᠤ᠂ ᠮᠥᠩᠭᠦᠨ ᠡᠳ᠋ᠯᠡᠯ ᠨᠢ ᠪᠣᠷᠣᠭᠵᠢᠭᠤᠨ᠂

ᠨᠠᠷᠢᠯᠢᠭ᠂ ᠥᠩᠭᠡ ᠪᠤᠳᠤᠭ ᠬᠡ ᠤᠭᠠᠯᠵᠠ ᠨᠢ ᠡᠷᠬᠢᠮᠰᠦᠭ ᠵᠡᠷᠭᠡ ᠣᠨᠴᠠᠯᠢᠭ ᠲᠠᠢ᠃ ᠮᠣᠩᠭᠤᠯ ᠦᠨᠳᠦᠰᠦᠲᠡᠨ ᠤ ᠤᠯᠠᠨ ᠲᠦᠮᠡᠨ ᠮᠥᠩᠭᠦᠨ ᠵᠠᠰᠠᠯ ᠵᠢᠮᠰᠡᠭ ᠵᠡᠭᠦᠬᠦ

 ᠨᠢ ᠮᠠᠰᠢ ᠲᠦᠭᠡᠮᠡᠯ ᠪᠠᠶᠢᠳᠠᠭ᠃ ᠮᠥᠩᠭᠦᠨ ᠴᠢᠮᠡᠭᠯᠡᠯ ᠤᠨ ᠡᠳ᠋ ᠤᠨ ᠲᠥᠷᠦᠯ ᠵᠦᠢᠯ᠂ ᠳᠦᠷᠰᠦ ᠪᠦᠲᠦᠭᠡᠯᠲᠡ᠂ ᠬᠡ ᠤᠭᠠᠯᠵᠠ ᠨᠢ ᠥᠪᠡᠷ ᠥᠪᠡᠷ ᠤᠨ ᠣᠨᠴᠠᠯᠢᠭ ᠲᠠᠢ᠂

ᠵᠢᠵᠢᠭᠬᠡᠨ ᠴᠢᠮᠡᠭᠯᠡᠯ ᠤᠨ ᠡᠳ᠋ ᠲᠤ ᠡᠯ᠎ᠡ ᠵᠦᠢᠯ ᠤᠨ ᠬᠡ ᠤᠭᠠᠯᠵᠠ᠂ ᠨᠠᠢᠮᠠᠨ ᠲᠠᠭᠢᠯ ᠤᠭᠠᠯᠵᠠ᠂ ᠡᠯ᠎ᠡ ᠵᠦᠢᠯ ᠤᠨ ᠠᠮᠢᠳᠠᠨ᠂ ᠯᠤᠤ ᠵᠢᠴᠢ ᠡᠯ᠎ᠡ ᠵᠦᠢᠯ ᠤᠨ ᠬᠤᠸᠠᠷ

ᠴᠡᠴᠡᠭ ᠤᠨ ᠬᠡ ᠤᠭᠠᠯᠵᠠ ᠶᠢ ᠰᠠᠶᠢᠯᠵᠤ᠂ ᠦᠰᠦᠨ ᠤ ᠬᠠᠤᠬᠬᠤᠭᠤᠷ᠂ ᠪᠠᠭᠤᠪᠴᠢ ᠨᠢ ᠬᠥᠮᠥᠨ ᠤ ᠠᠮᠢᠳᠤᠷᠠᠯ ᠤᠨ ᠰᠠᠶᠢᠨ ᠰᠠᠶᠢᠬᠠᠨ ᠡᠷᠭᠢᠴᠡᠭᠦᠯᠦᠯ ᠪᠠ

ᠥᠨᠢᠳᠡ ᠶᠢᠨ ᠳᠤᠷᠠᠰᠬᠠᠯ ᠢ ᠠᠴᠢᠶᠠᠯᠠᠵᠤ ᠪᠠᠶᠢᠳᠠᠭ᠃

      ᠤᠷᠠᠳ ᠤᠨ ᠵᠡᠰ ᠮᠥᠩᠭᠦᠨ ᠡᠳ᠋ᠯᠡᠯ ᠤᠨ ᠤᠷ᠎ᠠ ᠮᠡᠷᠭᠡᠵᠢᠯ ᠪᠣᠯ ᠵᠡᠰ᠂ ᠮᠥᠩᠭᠦ ᠵᠡᠷᠭᠡ ᠦᠨᠡᠲᠦ ᠲᠡᠮᠦᠷᠯᠢᠭ ᠢᠶᠠᠷ ᠲᠦᠭᠦᠬᠡᠢ ᠮᠠᠲ᠋ᠧᠷᠢᠶᠠᠯ ᠪᠤᠯᠭᠠᠵᠤ᠂ ᠭᠠᠷ

ᠤᠷᠠᠯᠠᠯ ᠤᠨ ᠠᠷᠭ᠎ᠠ ᠪᠠᠷ ᠠᠮᠢᠳᠤᠷᠠᠯ ᠤᠨ ᠪᠠᠭᠠᠵᠢ ᠬᠡᠷᠡᠭᠰᠡᠯ ᠪᠤᠶᠤ ᠡᠳ᠋ᠯᠡᠯ ᠬᠡᠷᠡᠭᠰᠡᠯ ᠢ ᠦᠢᠯᠡᠳᠴᠦ᠂ ᠡᠳ᠋ᠯᠡᠯ ᠬᠡᠷᠡᠭᠰᠡᠯ ᠢ ᠨᠢ ᠵᠠᠰᠠᠯ ᠵᠢᠮᠰᠡᠭ ᠤᠨ ᠵᠦᠢᠯ ᠪᠠ

ᠠᠮᠢᠳᠤᠷᠠᠯ ᠤᠨ ᠬᠡᠷᠡᠭᠰᠡᠯ ᠤᠨ ᠵᠦᠢᠯ ᠭᠡᠵᠦ ᠬᠤᠪᠢᠶᠠᠳᠠᠭ᠃ ᠵᠢᠱᠢᠶᠡᠯᠡᠪᠡᠯ ᠤᠷᠠᠳ ᠡᠮᠡᠭᠲᠡᠶᠢᠴᠦᠳ ᠤᠨ ᠲᠣᠯᠣᠭᠠᠢ ᠶᠢᠨ ᠵᠠᠰᠠᠯ᠂ ᠪᠠᠭᠤᠤ᠂ ᠮᠣᠩᠭᠤᠯ ᠭᠢᠲᠤᠭ᠎ᠠ᠂

ᠮᠥᠩᠭᠦᠨ ᠵᠠᠰᠠᠯ᠂ ᠠᠷᠢᠬᠢᠨ ᠤ ᠬᠡᠷᠡᠭᠰᠡᠯ᠂ ᠮᠣᠷᠢᠨ ᠤ ᠡᠳ᠋ᠯᠡᠯ ᠵᠡᠷᠭᠡ ᠶᠢᠨ ᠬᠡᠷᠡᠭᠯᠡᠭᠡᠨ ᠤ ᠬᠡᠪᠴᠢᠶ᠎ᠡ ᠨᠢ ᠮᠠᠰᠢ ᠥᠷᠭᠡᠨ ᠳᠡᠯᠭᠡᠷ ᠪᠠᠶᠢᠳᠠᠭ᠃

       ᠤᠷᠠᠳ ᠤᠨ ᠵᠡᠰ ᠮᠥᠩᠭᠦᠨ ᠡᠳ᠋ᠯᠡᠯ ᠢ ᠬᠢᠬᠦ ᠶᠠᠪᠤᠴᠠ ᠳᠤ ᠭᠤᠣᠯᠳᠠᠭᠤ ᠵᠡᠰ ︵ᠮᠥᠩᠭᠦ︶ ᠬᠠᠶᠢᠯᠤᠭᠤᠯᠬᠤ᠂ ᠲᠣᠮᠣ ᠭᠡᠯᠪᠡᠷᠢ ᠶᠢ ᠭᠠᠷᠭᠠᠬᠤ᠂ ᠬᠤᠸᠠᠷ ᠭᠠᠷᠭᠠᠬᠤ᠂

ᠭᠠᠩᠨᠠᠬᠤ᠂ ᠭᠢᠯᠠᠶᠢᠯᠭᠠᠬᠤ᠂ ᠭᠤᠶᠤ ᠪᠤᠯᠭᠠᠬᠤ ᠵᠡᠷᠭᠡ ᠠᠷᠪᠠᠭᠠᠳ ᠠᠵᠢᠯ ᠤᠨ ᠳᠠᠷᠠᠭᠠᠯᠠᠯ ᠢ ᠭᠦᠢᠴᠡᠳᠬᠡᠳᠡᠭ ᠶᠤᠮ᠃ ᠵᠡᠰ ᠮᠥᠩᠭᠦᠨ ᠡᠳ᠋ᠯᠡᠯ ᠢ ᠬᠢᠬᠦ ᠳᠤ ᠳᠥᠰᠢ᠂

ᠰᠦᠬᠡ᠂ ᠠᠯᠤᠬ᠎ᠠ᠂ ᠥᠷᠥᠯᠪᠢ᠂ ᠮᠢᠨᠳᠠᠰᠤ ᠲᠠᠲᠠᠬᠤ ᠮᠠᠰᠢᠨ᠂ ᠬᠠᠵᠠ᠂ ᠬᠥᠭᠡᠷᠭᠡ ᠪᠤᠶᠤ ᠠᠷᠠᠰᠤᠨ ᠤᠭᠤᠲᠠ ᠶᠢᠨ ᠦᠯᠢᠶᠡᠭᠦᠷ ᠮᠠᠰᠢᠨ᠂ ᠬᠠᠶᠢᠯᠤᠭᠤᠯᠬᠤ ᠵᠤᠤᠬ᠎ᠠ᠂

ᠤᠯᠠᠨ ᠭᠤᠣᠯᠲᠤ ᠲᠣᠰᠤᠨ ᠳ᠋ᠧᠩ᠂ ᠭᠠᠩᠨᠠᠭᠤᠷ ᠰᠠᠪᠬ᠎ᠠ᠂ ᠬᠠᠶᠢᠯᠤᠭᠤᠷ᠂ ᠴᠠᠭᠠᠨ ᠪᠠᠶᠢᠪᠠᠩ᠂ ᠬᠡᠪ ᠬᠡᠷᠡᠭᠰᠡᠯ ᠵᠡᠷᠭᠡ ᠪᠠᠭᠠᠵᠢ ᠬᠡᠷᠡᠭᠰᠡᠯ ᠢ ᠬᠡᠷᠡᠭᠯᠡᠳᠡᠭ᠃

       2010 ᠣᠨ ᠳᠤ᠂ ︽ᠤᠷᠠᠳ ᠤᠨ ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ︾ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ

ᠪᠤᠰᠤ ᠰᠣᠶᠣᠯ ᠤᠨ ᠥᠪ ᠤᠨ ᠲᠥᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠵᠤ᠂ 2011 ᠣᠨ ᠳᠤ᠂ ᠤᠷᠠᠳ ᠤᠨ ᠳᠤᠮᠳᠠᠳᠤ ᠬᠤᠰᠢᠭᠤ ︽ᠥᠪᠡᠷᠲᠡᠭᠡᠨ

ᠵᠠᠰᠠᠬᠤ ᠣᠷᠣᠨ ᠤ ᠳᠡᠰ ᠤᠨ ᠤᠯᠠᠮᠵᠢᠯᠠᠯᠲᠤ ᠭᠠᠷ ᠤᠷᠠᠯᠠᠯ ᠤᠨ ᠤᠷᠠᠯᠢᠭ ᠤᠨ ᠨᠤᠲᠤᠭ ︵ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ︶︾ ᠢᠶᠠᠷ ᠦᠨᠡᠯᠡᠭᠳᠡᠪᠡ᠃

2021 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠷᠠᠳ ᠤᠨ ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ ᠢ ᠲᠠᠪᠤᠳᠤᠭᠠᠷ ᠪᠦᠯᠦᠭ ᠤᠨ

ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠦᠯ ᠵᠦᠢᠯ ᠢᠶᠠᠷ ᠨᠡᠶᠢᠲᠡᠯᠡᠪᠡ᠃

       ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤ ︽ᠪᠣᠳᠠᠰ ᠤᠨ ᠪᠤᠰᠤ ᠰᠣᠶᠣᠯ ᠤᠨ ᠥᠪ +ᠰᠣᠶᠣᠯ ᠵᠢᠭᠤᠯᠴᠢᠯᠠᠯ ᠤᠨ ᠦᠢᠯᠡᠰ︾ ᠤᠨ ᠭᠦᠨᠵᠡᠭᠡᠢ

ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠡᠷᠴᠢᠮ ᠢᠶᠠᠨ

ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠬᠢᠭᠡᠳ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠩᠭᠤᠢ

ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃

 

 

 

 

 

 

ᠢᠷᠡᠯᠲᠡ᠄ ᠪᠠᠶᠠᠨ ᠨᠠᠭᠤᠷ ᠤᠨ ᠰᠣᠨᠢᠨ