ᠤᠷᠠᠳ ᠤᠨ ᠬᠤᠶᠢᠲᠤ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ︽ᠲᠠᠪᠤᠨ ᠠᠬᠠᠮᠠᠳ︾ ᠵᠢᠴᠢ ᠴᠢᠮᠡᠭᠡᠯᠡᠭᠴᠢᠳ ᠤᠨ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/11/14

        ᠪᠦᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠰᠢᠰᠲ᠋ᠧᠮ ᠤᠨ ᠴᠢᠮᠡᠭᠡᠯᠡᠯ ᠤᠨ ᠡᠩᠨᠡᠭᠡᠨ ᠤ ᠪᠠᠢᠭᠤᠯᠤᠯᠲᠠ ᠶᠢ

ᠴᠢᠩᠭᠠᠳᠬᠠᠵᠤ᠂ ᠴᠢᠮᠡᠬᠡᠯᠡᠭᠴᠢ ᠶᠢᠨ ᠲᠤᠬᠠᠢᠯᠠᠭᠰᠠᠨ ᠠᠵᠢᠯ ᠤᠨ ᠬᠡᠪ ᠴᠢᠨᠠᠷ ᠢ ᠲᠡᠬᠡᠭᠰᠢᠯᠠᠬᠦᠯᠵᠤ᠂ ᠰᠣᠨᠢᠨ ᠮᠡᠳᠡᠭᠡᠨ ᠤ ᠤᠬᠠᠭᠤᠯᠤᠨ ᠮᠡᠳᠡᠭᠡᠯᠡᠬᠦ ᠬᠢᠷᠢ ᠲᠦᠪᠰᠢᠨ᠂

ᠰᠣᠨᠢᠨ ᠮᠡᠳᠡᠭᠡᠨ ᠤ ᠣᠨᠣᠯ ᠤᠨ ᠬᠡᠪ ᠴᠢᠨᠠᠷ ᠢ ᠲᠡᠬᠡᠭᠰᠢᠯᠠᠬᠦᠯᠬᠦ ᠶᠢᠨ ᠲᠥᠯᠥᠭᠡ  ᠦᠢᠷ᠎ᠠ ᠳᠤ᠂ ᠤᠷᠠᠳ ᠤᠨ ᠬᠤᠢᠲᠤ ᠬᠤᠰᠢᠭᠤᠨ ᠤ ᠬᠤᠶᠢᠴᠢ ᠦᠶ᠎ᠡ ᠶᠢᠨ ᠬᠢᠨ ᠢ

ᠬᠠᠯᠠᠮᠵᠢᠯᠠᠬᠤ ᠠᠵᠢᠯ ᠤᠨ ᠵᠥᠪᠯᠡᠯ ︽ᠲᠠᠪᠤᠨ ᠠᠬᠠᠮᠠᠳ︾ ᠵᠢᠴᠢ ᠴᠢᠮᠡᠭᠡᠯᠡᠯ ᠤᠨ ᠠᠵᠢᠯᠲᠠᠨ ᠤ ᠪᠣᠯᠪᠠᠰᠤᠷᠠᠯ ᠤᠨ ᠬᠤᠷᠠᠯ ᠬᠤᠷᠠᠯᠳᠤᠪᠠ᠃ ᠪᠥᠬᠦ ᠬᠤᠰᠢᠭᠤᠨ ᠤ

ᠡᠯ᠎ᠡ ᠰᠤᠮᠤ ᠪᠠᠯᠭᠠᠰᠤ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠴᠢᠮᠡᠭᠡᠯᠡᠭᠴᠢ ᠣᠷᠣᠯᠴᠠᠵᠠᠶ᠃

640.1.jpg

        ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠪᠠᠶᠠᠨᠨᠠᠭᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ᠂ ᠪᠠᠶᠠᠨᠨᠠᠭᠤᠷ ᠤᠨ ᠡᠳᠦᠷ ᠤᠨ

ᠰᠣᠨᠢᠨ ᠤ ᠰᠤᠷᠪᠤᠯᠵᠢᠯᠠᠭᠴᠢ ᠵᠠᠩ ᠵᠢᠶᠧ ᠶᠢ ᠤᠷᠢᠵᠤ᠂ ᠰᠣᠨᠢᠨ ᠮᠡᠳᠡᠭᠡ ᠪᠢᠴᠢᠬᠦ ᠤᠷ᠎ᠠ ᠮᠡᠷᠭᠡᠵᠢᠯ ᠤᠨ ᠲᠤᠬᠠᠶ ᠰᠢᠰᠲ᠋ᠧᠮ ᠲᠠᠢ ᠪᠣᠯᠪᠠᠰᠤᠷᠠᠯ ᠬᠢᠯᠭᠡᠪᠡ᠃  ᠵᠠᠩ

ᠵᠢᠶᠧ ᠪᠠᠭᠰᠢ ᠶᠢᠨ ᠬᠢᠴᠢᠶᠠᠯ ᠨᠢ᠂ ᠰᠤᠨᠢᠨ ᠮᠡᠳᠡᠭᠡ ᠪᠢᠴᠢᠬᠦ ᠦᠨᠳᠤᠰᠤᠨ ᠠᠷᠭ᠎ᠠ᠂  ᠬᠡᠯᠪᠠᠷᠢ ᠬᠡᠪ᠂ ᠪᠣᠳᠠᠲᠠᠢ ᠵᠢᠯᠣᠭᠤᠳᠤᠯᠭ᠎ᠠ ᠶᠢᠨ ᠴᠢᠨᠡᠷᠳᠡᠢ ᠲᠠᠢ ᠪᠠᠶᠢᠵᠤ᠂

ᠪᠠᠰᠠ ᠠᠮᠠᠷᠬᠠᠨ ᠠᠯᠳᠠᠭ᠎ᠠ ᠭᠠᠷᠭᠠᠬᠤ ᠪᠤᠳᠠᠳᠠᠢ ᠦᠵᠡᠭᠳᠠᠯ ᠳᠤ ᠰᠡᠷᠡᠮᠵᠢᠯᠡᠭᠦᠯᠦᠯ  ᠲᠤᠷᠠᠳᠴᠤ᠂ ᠲᠠᠶᠢᠯᠤᠮᠵᠢ ᠨᠢ ᠲᠣᠳᠣᠷᠬᠠᠢ᠂ ᠣᠶᠢᠯᠠᠭᠠᠬᠤ ᠳᠤ ᠬᠢᠯᠪᠠᠷ ᠪᠠᠶᠢᠪᠠ᠃

ᠪᠣᠯᠪᠠᠰᠤᠷᠠᠯ ᠳᠤ ᠣᠷᠣᠯᠴᠠᠭᠰᠠᠳ ᠬᠢᠴᠢᠶᠡᠯ  ᠤᠨ ᠳᠠᠷᠠᠭ᠎ᠠ᠂  ᠲᠣᠰ ᠤᠳᠠᠭᠠᠨ ᠤ ᠪᠣᠯᠪᠠᠰᠤᠷᠠᠯ  ᠠᠴᠠ ᠮᠠᠰᠢ ᠣᠯᠠᠨ ᠬᠡᠷᠡᠭᠯᠡᠭᠡᠨ ᠤ ᠴᠢᠨᠠᠷᠲᠠᠶ ᠤᠷ᠎ᠠ ᠮᠡᠷᠭᠡᠵᠢᠯ ᠪᠠ

ᠮᠡᠳᠡᠯᠭᠡ ᠶᠢ  ᠡᠵᠡᠮᠰᠢᠵᠠᠢ ᠭᠡᠵᠦ  ᠢᠯᠡᠳᠬᠡᠵᠠᠬᠡᠨ᠎ᠠ᠃      

        ᠰᠢᠨ᠎ᠡ ᠴᠠᠭ ᠦᠶ᠎ᠡ ᠶᠢᠨ ᠤᠬᠠᠭᠤᠯᠬᠤ ᠠᠵᠢᠯᠲᠠᠨ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠪᠣᠯᠪᠠᠰᠤᠷᠠᠯ ᠳᠠᠬᠢ ᠰᠤᠷᠤᠭᠰᠠᠨ ᠮᠡᠳᠡᠯᠬᠡ ᠪᠠᠨ

ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠤᠨ ᠪᠠᠶᠢᠷᠢ ᠳᠡᠭᠡᠷ᠎ᠡ ᠪᠠᠨ ᠠᠪᠴᠢᠷᠠᠵᠤ᠂ ᠥᠨᠳᠥᠷ ᠲᠦᠪᠰᠢᠨ ᠲᠠᠢ

ᠸᠢᠳᠢᠣ᠋ ᠪᠠ ᠡᠬᠡ ᠪᠢᠴᠢᠭ ᠢ ᠢᠳᠡᠪᠬᠢᠲᠡᠶ ᠪᠠᠷ ᠵᠣᠬᠢᠶᠠᠨ ᠪᠦᠲᠦᠭᠡᠵᠦ᠂ ᠪᠥᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠤᠬᠠᠭᠤᠯᠭ᠎ᠠ ᠶᠢᠨ

ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠤᠯᠭᠠᠬᠤ ᠶᠤᠮ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ