ᠥᠭᠡᠷᠡᠴᠢᠯᠡᠯᠲᠡ ᠭᠡᠬᠦ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠵᠦ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2024/11/14

      — ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠶᠢ ᠰᠤᠷᠪᠤᠯᠵᠢᠯᠠᠭᠰᠠᠨ ᠨᠢ

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ

ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠤᠭ᠎ᠠ ᠲᠥᠰᠥᠪ ᠢ ᠰᠢᠰᠲ᠋ᠧᠮ ᠲᠠᠢ ᠵᠢᠷᠤᠭᠯᠠᠵᠤ᠂

ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠠᠭᠤᠤ ᠶᠡᠭᠡ ᠤᠷᠢᠶᠠᠯᠠᠭ᠎ᠠ ᠭᠠᠷᠭᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ

ᠲᠦᠮᠡᠨ ᠢ ᠬᠥᠲᠥᠯᠥᠨ ᠳᠠᠭᠠᠭᠤᠯᠵᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠢ ᠣᠮᠤᠭ

ᠲᠡᠭᠦᠯᠳᠡᠷ ᠢᠶᠠᠷ ᠤᠷᠤᠭᠰᠢᠯᠠᠭᠤᠯᠬᠤ ᠪᠣᠯᠣᠨ᠎ᠠ᠃ ᠣᠷᠳᠣᠰ ᠬᠡᠷᠬᠢᠨ ᠬᠠᠷᠠᠯᠲᠠ ᠳᠤ ᠪᠠᠨ ᠴᠢᠭᠯᠡᠭᠦᠯᠦᠨ᠂ ᠤᠨᠢᠨ ᠳᠡᠭᠡᠷ᠎ᠡ ᠨᠢ ᠬᠦᠴᠦᠯᠡᠵᠦ ᠨᠠᠶᠢᠳᠠᠪᠤᠷᠢᠵᠢᠭᠤᠯᠤᠯᠲᠠ ᠶᠢ

ᠠᠳᠬᠤᠵᠤ᠂ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠲᠤᠬᠠᠢ

ᠰᠤᠷᠪᠤᠯᠵᠢᠯᠠᠬᠴᠢ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠶᠢ ᠰᠤᠷᠪᠤᠯᠵᠢᠯᠠᠪᠠ᠃

      ᠯᠢ ᠯᠢ ᠬᠡᠯᠡᠬᠦ ᠳᠡᠭᠡᠨ᠂ ᠣᠷᠳᠣᠰ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ

ᠲᠥᠷᠥ ᠶᠢᠨ ᠡᠭᠦᠷᠭᠡ ᠪᠤᠯᠭᠠᠵᠤ᠂ ᠭᠤᠣᠯᠠᠭᠴᠢ ᠶᠢ ᠴᠢᠩᠭ᠎ᠠ ᠳᠠᠭᠠᠵᠤ᠂ ᠵᠢᠭᠠᠯᠲᠠ ᠶᠢ ᠴᠢᠩᠭ᠎ᠠ ᠠᠳᠬᠤᠨ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ

ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂

ᠬᠤᠲᠠ ᠶᠢᠨ ᠨᠠᠮ ᠤᠨ ᠬᠤᠷᠢᠶ᠎ᠠ ᠶᠢᠨ ᠪᠦᠭᠦᠳᠡ ᠬᠤᠷᠠᠯ ᠢ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠬᠡᠷᠡᠭᠵᠢᠭᠦᠯᠬᠦ ᠰᠠᠨᠠᠯ ᠵᠢᠴᠢ ᠠᠵᠢᠯ ᠤᠨ

ᠬᠤᠪᠢᠶᠠᠷᠢᠯᠠᠯ ᠤᠨ ᠲᠥᠰᠥᠯ ᠢ ᠨᠡᠶᠢᠲᠡᠯᠡᠵᠦ᠂ 202 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠲᠣᠭᠲᠠᠭᠠᠵᠤ᠂ ᠨᠢᠭᠡᠨᠲᠡ 125 ᠵᠦᠢᠯ ᠤᠨ

ᠬᠤᠯᠪᠣᠭᠳᠠᠯ ᠪᠦᠬᠦᠢ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ

ᠲᠥᠯᠦᠪᠵᠢᠭᠦᠯᠭᠡ ᠳᠤ ᠣᠷᠣᠭᠤᠯᠤᠨ ᠨᠠᠶᠢᠷᠠᠭᠤᠯᠤᠨ ᠵᠣᠬᠢᠶᠠᠨ᠂ ᠶᠠᠭ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ

ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠪᠣᠳᠠᠲᠤ ᠦᠷ᠎ᠡ ᠪᠦᠲᠦᠮᠵᠢ

ᠪᠣᠯᠭᠠᠨ ᠬᠤᠪᠢᠷᠠᠭᠤᠯᠬᠤ ᠶᠢ ᠲᠦᠷᠭᠡᠳᠬᠡᠵᠦ ᠪᠠᠶᠢᠨ᠎ᠠ᠃

      ᠨᠢᠭᠡ ᠳᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢᠨ ᠲᠣᠭᠤᠷᠢᠨ ᠳᠤ ᠥᠭᠡᠷᠡᠴᠢᠯᠡᠯᠲᠡ ᠶᠢ ᠠᠳᠬᠤᠵᠤ᠂ ᠴᠢᠨᠠᠷ ᠰᠠᠶᠢᠲᠠᠢ

ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ︽ᠡᠬᠢ ᠪᠠᠶᠠᠯᠢᠭ ᠤᠨ ᠭᠡᠯᠪᠡᠷᠢ ᠶᠢᠨ ᠭᠠᠵᠠᠷ

ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︾ ᠭᠡᠵᠦ ᠲᠣᠳᠣᠷᠬᠠᠢ ᠱᠠᠭᠠᠷᠳᠠᠪᠠ᠃ ᠣᠷᠳᠣᠰ ᠪᠣᠯ

ᠨᠡᠶᠢᠲᠡᠯᠢᠭ ᠡᠬᠢ ᠪᠠᠶᠠᠯᠢᠭ ᠤᠨ ᠭᠡᠯᠪᠡᠷᠢ ᠪᠦᠬᠦᠢ ᠬᠤᠲᠠ ᠪᠤᠯᠬᠤ ᠪᠥᠭᠡᠳ ᠶᠠᠭ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠠᠩᠭᠢᠯᠠᠭ᠎ᠠ ᠶᠢᠨ ᠱᠠᠲᠤ ᠦᠶ᠎ᠡ ᠳᠤ

ᠣᠷᠣᠰᠢᠵᠤ ᠪᠠᠶᠢᠭ᠎ᠠ ᠪᠣᠯᠬᠤᠷ ᠡᠷᠬᠡᠪᠰᠢ ᠥᠭᠡᠷᠡᠴᠢᠯᠡᠯᠲᠡ ᠶᠢᠨ ᠰᠢᠪᠲᠤᠯᠤᠯᠲᠠ ᠪᠣᠯᠣᠨ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠪᠠᠷ

ᠬᠥᠳᠡᠯᠭᠡᠬᠦ ᠬᠦᠴᠦᠨ ᠪᠣᠯᠭᠠᠨ ᠪᠦᠲᠦᠴᠡ ᠶᠢ ᠲᠣᠬᠢᠷᠠᠭᠤᠯᠵᠤ᠂ ᠬᠥᠳᠡᠯᠭᠡᠭᠴᠢ ᠡᠨᠧᠷᠭᠢ ᠶᠢ ᠡᠷᠭᠢᠯᠳᠦᠭᠦᠯᠦᠨ᠂ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠢᠳᠡ

ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠪᠠᠶᠢᠭᠤᠯᠬᠤ ᠶᠢᠨ ᠲᠣᠭᠤᠷᠢᠨ ᠳᠤ᠂ ᠨᠢᠭᠡᠳᠦᠭᠡᠷ ᠠᠵᠤ ᠦᠢᠯᠡᠰ ᠢ

ᠳᠠᠭᠢᠨ ᠴᠣᠭᠴᠠᠯᠠᠬᠤ᠂ ᠬᠤᠶᠠᠳᠤᠭᠠᠷ ᠠᠵᠤ ᠦᠢᠯᠡᠰ ᠢ ᠳᠠᠭᠢᠨ ᠨᠡᠶᠢᠳᠬᠡᠬᠦ᠂ ᠭᠤᠷᠪᠠᠳᠤᠭᠠᠷ ᠠᠵᠤ ᠦᠢᠯᠡᠰ ᠤᠨ ᠲᠠᠰ ᠳᠡᠪᠰᠢᠬᠦ ᠶᠢ ᠵᠣᠬᠢᠴᠠᠭᠤᠯᠤᠨ ᠠᠬᠢᠭᠤᠯᠬᠤ

ᠲᠣᠭᠲᠠᠴᠠ ᠶᠢ ᠪᠦᠷᠢᠨᠰᠢᠭᠦᠯᠵᠦ᠂ ︽ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ︾ ᠶᠢ

ᠨᠡᠶᠢᠲᠡᠯᠡᠵᠦ᠂ ᠠᠵᠤ ᠦᠢᠯᠡᠰ ᠤᠨ ᠪᠦᠲᠦᠴᠡ ᠶᠢᠨ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠠᠬᠢᠭᠤᠯᠵᠤ᠂ ᠰᠢᠨ᠎ᠡ ᠰᠢᠯᠢᠳᠡᠭ ᠲᠡᠶᠢᠰᠢ ᠬᠥᠭᠵᠢᠵᠦ᠂

ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 13.9% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠠᠵᠤ

ᠦᠢᠯᠡᠰ ᠤᠨ ᠨᠡᠮᠡᠭᠳᠡᠯ ᠥᠷᠲᠡᠭ 2.4 ᠳᠠᠭᠢᠨ ᠨᠡᠮᠡᠭᠳᠡᠪᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ

ᠬᠦᠴᠦᠨ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ

ᠲᠥᠷᠥ ᠶᠢᠨ ᠪᠣᠳᠣᠯᠭ᠎ᠠ ᠶᠢᠨ 30 ᠵᠤᠷᠪᠤᠰ︾ 2.0 ᠬᠡᠪᠯᠡᠯ ᠢ ᠨᠡᠶᠢᠲᠡᠯᠡᠵᠦ᠂ ᠴᠢᠳᠠᠪᠤᠷᠢᠲᠠᠨ ᠯᠤᠭ᠎ᠠ ᠨᠥᠭᠦᠷᠰᠡᠭ ᠭᠡᠯᠪᠡᠷᠢ ᠶᠢᠨ ᠬᠤᠲᠠ ᠶᠢᠨ ᠪᠦᠲᠦᠭᠡᠨ

ᠪᠠᠶᠢᠭᠤᠯᠤᠯᠲᠠ ᠶᠢ ᠠᠬᠢᠭᠤᠯᠤᠨ᠂ ᠳᠤᠯᠠᠭᠠᠨ ᠬᠤᠲᠠ ᠶᠢᠨ ︽ᠰᠢᠨ᠎ᠡ ᠬᠤᠲᠠ ᠶᠢᠨ ᠠᠷᠠᠳ︾ ᠲᠤ ᠦᠢᠯᠡᠴᠢᠯᠡᠬᠦ 0477 ᠰᠢᠷᠢᠰ ᠠᠷᠭ᠎ᠠ ᠬᠡᠮᠵᠢᠶ᠎ᠡ ᠶᠢ ᠨᠡᠶᠢᠲᠡᠯᠡᠵᠦ᠂

ᠣᠷᠳᠣᠰ ᠤᠨ ᠲᠤᠷᠰᠢᠯᠲᠠ ᠶᠢᠨ ᠲᠠᠰᠤᠭ ᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠲᠤᠷᠰᠢᠯᠲᠠ ᠶᠢᠨ ᠲᠠᠰᠤᠭ ᠢᠶᠠᠷ ᠦᠨᠡᠯᠡᠭᠳᠡᠪᠡ᠃ ᠪᠦᠭᠦ

ᠤᠯᠤᠰ ᠤᠨ ᠣᠶᠤᠨᠲᠤ ᠰᠦᠯᠵᠢᠶ᠎ᠡ ᠪᠠᠷ ᠬᠤᠯᠪᠣᠭᠠᠯᠠᠭᠰᠠᠨ ᠮᠠᠰᠢᠨ ᠲᠡᠷᠭᠡᠨ ᠤ ︽ᠲᠡᠷᠭᠡ ᠵᠠᠮ ᠤᠨ ᠡᠭᠦᠯᠡᠨ ᠨᠢᠭᠡ ᠴᠣᠭᠴᠠᠵᠢᠯᠲᠠ︾ ᠶᠢᠨ ᠬᠡᠷᠡᠭᠯᠡᠭᠡᠨ ᠤ

ᠲᠤᠷᠰᠢᠯᠲᠠ ᠶᠢᠨ ᠴᠡᠭ ᠤᠨ ᠬᠤᠲᠠ ᠳᠤ ᠰᠣᠩᠭᠤᠭᠳᠠᠵᠤ᠂ ᠺᠠᠷᠯ ᠤᠨ ᠬᠥᠳᠡᠯᠭᠡᠬᠦ ᠬᠦᠴᠦᠨ ᠤ ᠠᠦ᠋ᠲ᠋ᠣ᠋ ᠵᠢᠯᠤᠭᠤᠳᠬᠤ ᠡᠩᠨᠡᠭᠡ ᠶᠢᠨ ᠠᠮᠤᠷ ᠲᠦᠪᠰᠢᠨ ᠥᠨᠳᠥᠷ

ᠪᠦᠲᠦᠮᠵᠢᠲᠡᠶ ᠲᠡᠭᠡᠭᠡᠪᠦᠷᠢ ᠶᠢᠨ ᠪᠠᠷᠠᠭ᠎ᠠ 5500 ᠲᠦᠮᠡᠨ ᠲᠣᠨ ᠺᠢᠯᠣᠮᠧᠲᠷ ᠪᠣᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠢᠳᠡᠪᠬᠢᠲᠡᠢ

ᠠᠭᠤᠰᠤᠯᠴᠠᠵᠤ᠂ ᠠᠬᠤᠢ ᠲᠠᠯᠠᠪᠠᠢ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ ᠣᠷᠣᠨ ᠨᠤᠲᠤᠭ ᠢᠶᠠᠷ

ᠠᠷᠠᠯᠵᠢᠶᠠᠴᠢᠨ ᠤᠷᠢᠬᠤ ᠵᠡᠷᠭᠡ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠨ ᠠᠪᠴᠢᠷᠠᠬᠤ ᠰᠢᠨ᠎ᠡ ᠵᠠᠭᠪᠤᠷ ᠤᠨ ᠰᠢᠨ᠎ᠡ ᠶᠢ ᠡᠭᠦᠳᠦᠨ ᠬᠡᠷᠡᠭᠵᠢᠭᠦᠯᠪᠡ᠃

ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ 5.0 ᠬᠡᠪᠯᠡᠯ ᠤᠨ ᠲᠥᠰᠥᠯ ᠢ ᠨᠡᠶᠢᠲᠡᠯᠡᠵᠦ᠂ ︽ᠭᠡᠷᠡᠴᠢᠯᠡᠭᠡ ᠦᠭᠡᠢ ᠬᠤᠲᠠ︾ ᠶᠢ ᠲᠦᠷᠭᠡᠳᠬᠡᠨ

ᠡᠭᠦᠳᠦᠨ ᠪᠠᠶᠢᠭᠤᠯᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾13 ᠭᠤᠣᠯᠳᠠᠯᠭ᠎ᠠ ᠲᠠᠢ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠪᠡ᠃

ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ

ᠡᠯᠧᠮᠧᠨ᠋ᠲ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ

ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ︽1 + X︾ ᠲᠠᠰᠢᠷᠠᠮᠳᠦ ᠳᠡᠳ᠋ ᠲᠠᠯᠠᠪᠠᠶ ᠶᠢᠨ ᠰᠢᠨ᠎ᠡ ᠵᠠᠭᠪᠤᠷ ᠢ ᠬᠡᠷᠡᠭᠵᠢᠭᠦᠯᠪᠡ᠃

      ᠬᠤᠶᠠᠷ ᠲᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠤᠯᠤᠰ ᠤᠨ ︽ᠲᠠᠪᠤᠨ ᠠᠮᠤᠷ ᠲᠦᠪᠰᠢᠨ︾ ᠢ

ᠬᠠᠮᠠᠭᠠᠯᠠᠬᠤ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ ᠬᠤᠶᠠᠷ ᠶᠡᠭᠡ ᠶᠠᠪᠤᠳᠠᠯ ᠨᠢ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠂

ᠬᠢᠯᠢ ᠬᠢᠵᠠᠭᠠᠷ ᠤᠨ ᠠᠮᠤᠷ ᠲᠦᠪᠰᠢᠨ ᠳᠤ ᠬᠤᠯᠪᠣᠭᠳᠠᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠬᠦ ᠵᠠᠩᠭᠢᠯᠠᠭ᠎ᠠ ᠶᠢᠨ

ᠴᠢᠨᠠᠷᠲᠠᠢ ᠭᠠᠷᠳᠠᠴᠠ ᠪᠣᠯᠣᠨ᠎ᠠ᠂ ᠥᠭᠡᠷᠡᠴᠢᠯᠡᠯᠲᠡ ᠶᠢᠨ ᠠᠵᠢᠯ ᠢ ᠡᠷᠬᠡᠪᠰᠢ ᠡᠭᠦᠨ ᠢᠶᠠᠷ ᠥᠷᠨᠢᠭᠦᠯᠬᠦ ᠬᠡᠷᠡᠭᠲᠡᠢ᠃ ᠪᠢᠳᠡ ᠶᠡᠭᠡ ᠲᠠᠯ᠎ᠠ ᠶᠢᠨ ᠬᠡᠷᠡᠭᠴᠡᠭᠡ᠂ ᠣᠯᠠᠨ

ᠲᠦᠮᠡᠨ ᠤ ᠬᠦᠰᠡᠯ᠂ ᠢᠷᠡᠭᠡᠳᠦᠢ ᠶᠢᠨ ᠬᠠᠨᠳᠤᠰᠢ ᠶᠢ ᠨᠢᠭᠡᠳᠬᠡᠵᠦ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠰᠢᠰᠲ᠋ᠧᠮ ᠪᠠ ︽ᠲᠤᠯᠤᠭᠠᠨ ᠲᠠᠯ᠎ᠠ ᠪᠠᠷ ᠵᠢᠱᠢᠶᠡᠴᠢ

ᠪᠤᠯᠬᠤ︾ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠤᠯᠤᠰ ᠤᠨ ︽ᠲᠠᠪᠤᠨ ᠠᠮᠤᠷ

ᠲᠦᠪᠰᠢᠨ︾ ᠢ ᠬᠠᠮᠠᠭᠠᠯᠠᠬᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ

ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠬᠠᠲᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ

ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠡᠳᠦᠷ ᠳᠤᠮᠳᠠᠴᠢ ᠶᠢᠨ ᠲᠦᠮᠡᠨ ᠮᠦ ᠠᠴᠠ ᠳᠡᠭᠡᠭᠰᠢᠬᠢ ᠬᠤᠷᠳᠤᠴᠠ ᠪᠠᠷ ᠡᠯᠡᠰᠦᠷᠬᠡᠭᠵᠢᠭᠰᠡᠨ ᠭᠠᠵᠠᠷ ᠰᠢᠷᠣᠢ ᠶᠢ

ᠵᠠᠰᠠᠵᠤ᠂ ᠣᠲᠣ ᠪᠤᠯᠲᠠᠯ᠎ᠠ ᠨᠢᠭᠡᠨᠲᠡ 500 ᠲᠦᠮᠡᠨ ᠮᠦ ᠪᠡᠶᠡᠯᠡᠭᠦᠯᠪᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ

ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠴᠡᠭᠴᠡᠯᠡᠨ ᠵᠠᠰᠠᠬᠤ᠂ ᠬᠢᠨᠠᠨ ᠬᠠᠮᠢᠶᠠᠷᠬᠤ᠂

ᠰᠡᠷᠭᠡᠶᠢᠯᠡᠬᠦ ᠰᠢᠰᠲ᠋ᠧᠮ ᠢ ᠪᠦᠭᠦ ᠲᠠᠯ᠎ᠠ ᠪᠠᠷ ᠳᠠᠭᠢᠨ ᠪᠠᠶᠢᠭᠤᠯᠵᠤ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ + ᠣᠯᠠᠨ ᠦᠨᠡᠯᠡᠯᠲᠡ +

ᠵᠠᠭᠤᠴᠢᠯᠠᠭᠤᠷ ᠤᠨ ᠬᠢᠨᠠᠯᠲᠠ︾ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠪᠦᠷᠢᠨᠰᠢᠭᠦᠯᠵᠦ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ

ᠰᠢᠢᠳᠪᠦᠷᠢᠯᠡᠬᠦ ᠶᠢᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠨᠣᠷᠮ᠎ᠠ᠂ ᠬᠠᠨᠤᠮᠵᠢᠲᠠᠢ ᠪᠠᠶᠢᠬᠤ ᠨᠣᠷᠮ᠎ᠠ ᠴᠥᠮ 98% ᠠᠴᠠ ᠳᠡᠭᠡᠭᠰᠢ ᠳᠤ

ᠬᠦᠷᠴᠦ᠂ ︽ᠣᠯᠠᠨ ᠦᠨᠡᠯᠡᠯᠲᠡ︾ ᠣᠶᠤᠨᠴᠢ ᠵᠠᠰᠠᠯᠲᠠ ᠶᠢᠨ ᠲᠠᠪᠴᠠᠩ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ︽ᠨᠢᠭᠡ ᠰᠦᠯᠵᠢᠶ᠎ᠡ ᠪᠠᠷ ᠨᠡᠶᠢᠳᠡᠮ

ᠭᠦᠢᠴᠡᠳᠬᠡᠬᠦ︾᠂ ︽ᠺᠣᠳ᠋ ᠰᠢᠷᠪᠢᠪᠡᠯ ᠳᠠᠷᠤᠢ ᠭᠦᠢᠴᠡᠳᠬᠡᠵᠦ ᠳᠡᠶᠢᠯᠭᠦ︾᠂ ︽ᠳᠤᠯᠠᠭᠠᠨ ᠬᠤᠲᠠ ᠶᠢᠨ ᠠᠩᠬᠠᠷᠤᠯ ᠲᠥᠪᠯᠡᠷᠡᠯ︾ ᠪᠤᠯᠤᠩ ᠨᠢ 22 ︽ᠬᠠᠭᠤᠴᠢᠨ ᠶᠡᠭᠡ

ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ

ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠲᠣᠭᠲᠠᠴᠠ ᠶᠢ ᠪᠠᠶᠢᠭᠤᠯᠵᠤ᠂

ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠤᠨ ᠠᠷᠠᠯᠵᠢᠶᠠᠨ ᠤ ᠲᠠᠪᠴᠠᠩ ᠢ ᠪᠠᠶᠢᠭᠤᠯᠤᠨ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ 11

ᠨᠡᠭᠦᠷᠡᠰᠦᠨ ᠠᠭᠤᠷᠬᠠᠢ ᠶᠢᠨ 2000 ᠲᠦᠮᠡᠨ ᠲᠣᠨ ᠣᠷᠴᠢᠮ ᠤᠨ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠦᠢᠯᠡᠳᠪᠦᠷᠢᠯᠡᠬᠦ ᠴᠢᠳᠠᠪᠤᠷᠢ ᠶᠢ ᠪᠤᠶ

ᠪᠤᠯᠭᠠᠬᠤ ᠶᠢ ᠠᠬᠢᠭᠤᠯᠪᠠ᠃ ᠡᠨᠧᠷᠭᠢ ᠲᠣᠣᠷ ᠳᠠᠭᠠᠭᠠᠴᠠ ᠨᠥᠭᠡᠴᠡ᠂ ᠰᠠᠯᠬᠢᠨ ᠬᠦᠴᠦᠨ ᠭᠡᠷᠡᠯᠴᠢ ᠴᠡᠨᠡᠭ ᠤᠨ ᠡᠨᠧᠷᠭᠢ ᠶᠢ ᠤᠰᠤᠲᠥ᠋ᠷᠥᠭᠴᠢᠵᠢᠭᠦᠯᠦᠨ ᠬᠠᠳᠠᠭᠠᠯᠠᠬᠤ

ᠲᠡᠷᠭᠡ ᠶᠢ ᠨᠢᠭᠡ ᠴᠣᠭᠴᠠᠵᠢᠭᠤᠯᠬᠤ ᠶᠢ ᠭᠦᠨᠵᠡᠭᠡᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1219 ᠲᠦᠮᠡᠨ ᠺᠢᠯᠣᠸᠠᠲ ᠪᠠᠶᠢᠭᠤᠯᠪᠠ᠃

ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠲᠠᠢ ᠨᠢᠭᠲᠠ

ᠤᠶᠠᠯᠳᠤᠭᠤᠯᠤᠨ᠂ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ︾

ᠲᠣᠭᠲᠠᠴᠠ ᠶᠢ ᠲᠡᠭᠦᠯᠳᠡᠷᠵᠢᠭᠦᠯᠵᠦ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠭᠤᠯᠬᠤ︾ ᠲᠤᠷᠰᠢᠯᠲᠠ ᠶᠢᠨ ᠴᠡᠭ ᠤᠨ 83 ᠭᠠᠴᠠᠭ᠎ᠠ ᠲᠣᠰᠬᠤᠨ᠂ ︽ᠨᠢᠭᠡᠳᠦᠯᠲᠡᠢ

ᠲᠡᠵᠢᠭᠡᠵᠦ ᠬᠠᠮᠲᠤ ᠪᠠᠷ ᠪᠠᠶᠠᠵᠢᠭᠤᠯᠬᠤ︾ ᠲᠦᠮᠡᠨ ᠮᠦ ᠶᠢᠨ ᠲᠣᠮᠣ ᠮᠠᠯᠵᠢᠯ ᠤᠨ ᠲᠠᠯᠠᠪᠠᠶ 12᠂ ︽ᠨᠢᠭᠡᠳᠦᠯᠲᠡᠢ ᠦᠢᠯᠡᠳᠪᠦᠷᠢᠯᠡᠵᠦ ᠬᠠᠮᠲᠤ ᠪᠠᠷ ᠪᠠᠶᠠᠵᠢᠭᠤᠯᠬᠤ︾

ᠵᠢᠱᠢᠶ᠎ᠡ ᠦᠵᠡᠭᠦᠯᠭᠦ ᠲᠥᠷᠥᠯ ᠵᠦᠢᠯ 43 ᠶᠢ ᠳᠡᠯᠭᠡᠷᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ

ᠳᠤᠮᠳᠠᠴᠢ ᠡᠵᠡᠮᠳᠡᠵᠦ ᠪᠤᠯᠬᠤ ᠣᠷᠣᠯᠭ᠎ᠠ 6.7% ᠪᠠᠷ ᠨᠡᠮᠡᠭᠳᠡᠪᠡ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ

ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠴᠢᠯᠦᠭᠡᠲᠦ ᠠᠷᠠᠯᠵᠢᠶᠠᠨ ᠤ ᠣᠷᠣᠨ ᠤ ᠬᠤᠯᠪᠤᠭᠠᠯᠠᠨ ᠬᠥᠳᠡᠯᠦᠯᠴᠡᠵᠦ ᠰᠢᠨ᠎ᠡ ᠶᠢ ᠡᠭᠦᠳᠬᠦ ᠣᠷᠣᠨ ᠢ ᠭᠤᠶᠤᠴᠢᠯᠠᠨ

ᠪᠠᠶᠢᠭᠤᠯᠬᠤ ᠶᠢ ᠥᠷᠨᠢᠭᠦᠯᠵᠦ᠂ 10 ᠵᠦᠢᠯ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠭᠦᠦ ᠭᠤᠷᠪᠠᠨ

ᠤᠯᠠᠷᠢᠯ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 86.6 ᠳ᠋ᠦᠩᠰᠢᠭᠤᠷ ᠲᠥᠭᠦᠷᠢᠭ ᠲᠤ ᠭᠦᠷᠪᠡ᠃

ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠣᠬᠢᠶᠠᠨ ᠪᠠᠶᠢᠭᠤᠯᠤᠯᠲᠠ᠂ ᠤᠬᠠᠭᠤᠯᠭ᠎ᠠ ᠬᠥᠮᠦᠵᠢᠯ᠂ ᠰᠢᠯᠭᠠᠨ ᠦᠨᠡᠯᠡᠯᠲᠡ ᠪᠠ ᠵᠢᠱᠢᠶ᠎ᠡ ᠦᠵᠡᠭᠦᠯᠭᠦ

ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠣᠷᠳᠣᠰ ᠤᠨ ᠥᠯᠢᠭᠡᠷ ᠤᠨ ᠲᠣᠭᠲᠠᠴᠠ ᠶᠢ ᠰᠠᠶᠢᠲᠤᠷ ᠤᠬᠠᠭᠤᠯᠤᠨ

ᠤᠯᠠᠮᠵᠢᠯᠠᠵᠤ ᠪᠠᠳᠠᠷᠠᠭᠤᠯᠬᠤ᠂ ︽ᠳᠥᠷᠪᠡ ᠶᠢ ᠬᠠᠮᠲᠤᠳᠬᠠᠬᠤ︾᠂︽ᠲᠠᠪᠤᠨ ᠬᠠᠮᠲᠤ ᠶᠢᠨ ᠲᠠᠨᠢᠯᠲᠠ︾᠂ ︽ᠵᠢᠷᠭᠤᠭᠠᠨ ᠦᠭᠡ ᠥᠭᠦᠯᠡᠪᠦᠷᠢ ᠳᠠᠬᠢ ᠪᠣᠳᠠᠲᠤ ᠶᠠᠪᠤᠳᠠᠯ ᠪᠠ

ᠶᠣᠰᠣ ᠤᠴᠢᠷ︾ ᠵᠡᠷᠭᠡ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ᠃

      ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠥᠭᠡᠷᠡᠴᠢᠯᠡᠯᠲᠡ ᠶᠢ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ

ᠭᠦᠨᠵᠡᠭᠡᠶᠢᠷᠡᠭᠦᠯᠬᠦ ᠵᠥᠪ ᠴᠢᠭᠯᠡᠯ ᠢ ᠪᠠᠲᠤ ᠡᠵᠡᠮᠳᠡᠪᠡ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠥᠭᠡᠷᠡᠴᠢᠯᠡᠯᠲᠡ ᠶᠢ ᠤᠯᠠᠮ ᠨᠢᠭᠡ

ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠪᠢᠳᠡ

ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠥᠭᠡᠷᠡᠴᠢᠯᠡᠯᠲᠡ ᠶᠢᠨ ᠠᠵᠢᠯ ᠢ ᠤᠳᠤᠷᠢᠳᠬᠤ ᠪᠠᠶᠢᠭᠤᠯᠤᠯ ᠲᠣᠭᠲᠠᠴᠠ ᠶᠢ

ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠲᠦᠷᠦᠭᠦᠯᠡᠨ ᠶᠡᠷᠦᠩᠬᠡᠢ ᠳᠤᠨᠢ ᠠᠳᠬᠤᠬᠤ᠂ ᠲᠤᠰᠬᠠᠢ ᠠᠵᠢᠯ ᠤᠨ

ᠳᠤᠭᠤᠶᠢᠯᠠᠩ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠬᠠᠮᠵᠢᠯᠴᠠᠨ ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢᠨ

ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠤᠯᠪᠣᠭᠳᠠᠯ ᠪᠦᠬᠦᠢ ᠠᠵᠢᠯ ᠤᠨ ᠳᠦᠷᠢᠮ ᠨᠠᠷᠢᠨ ᠳᠦᠷᠢᠮ ᠢ ᠲᠡᠭᠦᠯᠳᠡᠷᠵᠢᠭᠦᠯᠵᠦ᠂ ᠬᠤᠷᠠᠮᠠᠯ

ᠳᠠᠶᠢᠯᠠᠯᠳᠤᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ

ᠪᠦᠬᠦᠯᠢ ᠴᠣᠭᠴᠠ ᠶᠢᠨ ᠳᠠᠪᠠᠯᠲᠠ ᠶᠢ ᠳᠠᠶᠢᠴᠢᠯᠠᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠪᠡ᠃ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ

ᠬᠡᠷᠡᠭᠯᠡᠬᠦ ᠶᠢ ᠴᠢᠩᠭᠠᠳᠬᠠᠨ ᠵᠢᠷᠤᠮᠵᠢᠭᠤᠯᠬᠤ ᠪᠠᠷ ᠭᠤᠣᠯ ᠴᠣᠭᠴᠠ ᠪᠤᠯᠭᠠᠬᠰᠠᠨ᠂ ᠮᠠᠲ᠋ᠧᠷᠢᠶᠠᠯ ᠢ ᠰᠢᠯᠭᠠᠵᠤ ᠭᠦᠷᠥᠭ ᠵᠢᠷᠤᠬᠤ᠂ ᠢᠯᠡ ᠵᠢᠷᠤᠭᠠᠰᠤᠲᠤ ᠬᠢᠵᠠᠭᠠᠷ

ᠲᠣᠬᠢᠷᠠᠭᠤᠯᠤᠨ ᠠᠵᠢᠯ ᠤᠨ ᠪᠠᠶᠢᠷᠢ ᠲᠣᠬᠢᠷᠠᠭᠤᠯᠬᠤ᠂ ᠬᠤᠣᠰ ᠴᠢᠭᠯᠡᠯ ᠢᠶᠠᠷ ᠰᠣᠩᠭᠤᠨ ᠣᠷᠣᠶᠢᠯᠠᠭᠰᠠᠨ ᠴᠢᠳᠠᠪᠤᠷᠢᠲᠠᠨ ᠢ ᠲᠣᠮᠢᠯᠠᠬᠤ᠂ ᠬᠥᠳᠡᠯᠦᠩᠭᠦᠢ ᠪᠠᠷ ᠠᠮᠵᠢᠯᠲᠠ

ᠰᠢᠯᠭᠠᠵᠤ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠬᠤ᠂ ᠴᠢᠳᠠᠪᠤᠷᠢᠲᠠᠨ ᠢ ᠬᠥᠮᠥᠵᠢᠭᠦᠯᠦᠨ ᠰᠠᠶᠢᠨ ᠢ ᠰᠣᠩᠭᠤᠵᠤ ᠬᠤᠶᠢᠰᠢᠬᠢ ᠶᠢ ᠵᠠᠯᠭᠠᠮᠵᠢᠯᠠᠬᠤ ︽1 + 5

ᠺᠠᠳ᠋ᠷ ᠤᠨ ᠠᠵᠢᠯ ᠤᠨ ᠲᠣᠭᠲᠠᠴᠠ︾ ᠶᠢ ᠳᠡᠰ ᠳᠠᠷᠠᠭᠠᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ

ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠭᠠᠯᠲᠠ ᠲᠤᠭ᠎ᠠ ᠶᠢᠨ ᠡᠭᠦᠷᠭᠡ ᠶᠢ 40% ᠪᠠᠷ ᠪᠠᠭᠠᠰᠬᠠᠵᠤ᠂ ︽ᠢᠵᠠᠭᠤᠷ

ᠳ᠋ᠠᠶᠢᠲ᠋ᠠ ᠬᠥᠮᠥᠷᠭᠡ︾ ᠨᠢᠭᠡ ᠬᠦᠰᠦᠨᠦᠭᠲᠦ ᠶᠢᠨ ᠲᠠᠪᠴᠠᠩ ᠢ ᠪᠦᠭᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠥᠨᠳᠥᠷ ᠳᠠᠪᠲᠠᠮᠵᠢᠲᠤ ᠮᠡᠳᠡᠭᠦᠯᠬᠦ

ᠬᠦᠰᠦᠨᠦᠭᠲᠦ ᠶᠢ ᠨᠢᠭᠡ ᠯᠡ ᠤᠳᠠᠭ᠎ᠠ ᠰᠢᠩᠭᠡᠬᠡᠨ ᠣᠷᠣᠭᠤᠯᠬᠤ᠂ ᠨᠢᠭᠡ ᠳᠠᠷᠤᠪᠴᠢ ᠪᠠᠷ ᠪᠤᠢ ᠪᠤᠯᠭᠠᠬᠤ᠂ ᠳᠤᠷ᠎ᠠ ᠪᠠᠷ ᠢᠶᠠᠨ ᠬᠡᠷᠡᠭᠯᠡᠬᠦ ᠶᠢ ᠪᠡᠶᠡᠯᠡᠭᠦᠯᠵᠦ᠂ ᠬᠦᠰᠦᠨᠦᠭᠲᠦ

ᠲᠠᠭᠯᠠᠵᠤ ᠲᠤᠭ᠎ᠠ ᠮᠡᠳᠡᠭᠦᠯᠬᠦ ᠴᠠᠭ ᠢ ᠭᠠᠷᠠᠭ ᠪᠦᠷᠢ 8 ᠴᠠᠭ ᠠᠴᠠ ᠳᠡᠭᠡᠭᠰᠢ ᠪᠣᠭᠤᠨᠢᠰᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ

ᠭᠦᠨᠵᠡᠭᠡᠶᠢᠷᠡᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃

      ᠲᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠬᠠᠨᠳᠤᠯᠭᠠᠲᠤ

ᠤᠬᠠᠮᠰᠠᠷ ᠢ ᠪᠠᠲᠤ ᠪᠤᠶ ᠪᠤᠯᠭᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ

ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ

ᠴᠢᠷᠮᠠᠶᠢᠨ ᠪᠢᠴᠢᠭᠯᠡᠨ᠎ᠡ ᠭᠡᠪᠡ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ