ᠰᠢᠰᠲ᠋ᠧᠮ ᠤᠨ ᠦᠵᠡᠯᠲᠡ ᠪᠠᠷ ᠥᠭᠡᠷᠡᠴᠢᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/11/14

      — ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠲᠠᠩ ᠢ ᠶᠢ ᠰᠤᠷᠪᠤᠯᠵᠢᠯᠠᠭᠰᠠᠨ ᠨᠢ

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ

ᠪᠠᠶᠢᠷᠢᠯᠠᠭᠤᠯᠤᠯᠲᠠ ᠬᠢᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ

ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠤᠯᠠᠭᠠᠨᠬᠠᠳᠠ ᠶᠢᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠦᠭᠦ ᠲᠠᠯ᠎ᠠ ᠪᠠᠷ

ᠰᠢᠰᠲ᠋ᠧᠮ ᠲᠠᠢ᠂ ᠲᠤᠭᠤᠷᠠᠲᠠᠯ᠎ᠠ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠤᠭᠰᠠᠨ

ᠲᠤᠬᠠᠢ ᠰᠤᠷᠪᠤᠯᠵᠢᠯᠠᠬᠴᠢ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠲᠠᠩ ᠢ ᠶᠢ ᠰᠤᠷᠪᠤᠯᠵᠢᠯᠠᠪᠠ᠃

     ᠲᠠᠩ ᠢ ᠬᠡᠯᠡᠬᠦ ᠳᠡᠭᠡᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ

ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠦᠵᠡᠯ ᠰᠠᠨᠠᠭ᠎ᠠ ᠪᠠ

ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠭᠦ

ᠲᠠᠯ᠎ᠠ ᠠᠴᠠ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠭᠦ ᠲᠠᠯ᠎ᠠ ᠳᠤ ᠦᠢᠯᠡᠴᠢᠯᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ

ᠬᠥᠭᠵᠢᠭᠡᠵᠦ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ᠃

      ᠨᠢᠭᠡ ᠳᠤ᠂ ᠰᠢᠰᠲ᠋ᠧᠮ ᠤᠨ ᠦᠵᠡᠯᠲᠡ ᠪᠠᠷ ᠥᠭᠡᠷᠡᠴᠢᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠵᠣᠬᠢᠶᠠᠨ ᠪᠠᠶᠢᠭᠤᠯᠵᠤ ᠤᠳᠤᠷᠢᠳᠬᠤ ᠪᠠᠨ

ᠴᠢᠩᠭᠠᠳᠬᠠᠵᠤ᠂ ᠨᠢᠭᠡ ᠬᠤᠲᠠ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠬᠢᠬᠦ᠂ ᠨᠢᠭᠡ ᠨᠢᠭᠡᠴᠢ ᠭᠤᠣᠯᠯᠠᠨ ᠠᠳᠬᠤᠬᠤ᠂ ᠬᠠᠮᠢᠶ᠎ᠠ ᠪᠦᠬᠦᠢ ᠨᠢᠭᠡᠴᠢ ᠣᠷᠣᠯᠴᠠᠨ

ᠥᠭᠡᠷᠡᠴᠢᠯᠡᠯᠲᠡ ᠶᠢ ᠠᠬᠢᠭᠤᠯᠬᠤ ᠵᠠᠭᠪᠤᠷ ᠢ ᠪᠠᠶᠢᠭᠤᠯᠵᠤ᠂ ᠡᠭᠦᠷᠭᠡ ᠶᠢ ᠬᠤᠪᠢᠶᠠᠷᠢᠯᠠᠬᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ᠂ ᠠᠮᠵᠢᠯᠲᠠ ᠪᠦᠲᠦᠮᠵᠢ ᠶᠢ

ᠦᠨᠡᠯᠡᠨ ᠵᠢᠱᠢᠬᠦ ᠵᠡᠷᠭᠡ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠳᠠᠬᠢ ᠨᠠᠮ ᠤᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ

ᠡᠵᠡᠮᠳᠡᠪᠡ᠃ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠶᠢ ᠴᠢᠩᠭᠠᠳᠬᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ

ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠳᠤ᠂ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠭᠠᠷᠳᠠᠴᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂

ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠬᠦᠴᠦᠲᠡᠢ ᠠᠵᠢᠯᠯᠠᠭ᠎ᠠ ᠠᠪᠴᠤ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠭᠤᠣᠯᠳᠠᠯᠭ᠎ᠠ ᠲᠠᠢ

ᠥᠭᠡᠷᠡᠴᠢᠯᠡᠯᠲᠡ ᠶᠢᠨ ᠵᠦᠢᠯ ᠤᠨ ᠨᠠᠷᠢᠨ ᠲᠠᠩᠰᠠ︾ ᠶᠢ ᠲᠣᠭᠲᠠᠭᠠᠵᠤ᠂ ᠳᠡᠭᠡᠳᠦ ᠱᠠᠲᠤᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠤᠲᠠ ᠶᠢᠨ ᠪᠣᠳᠠᠲᠤ ᠪᠠᠶᠢᠳᠠᠯ ᠳᠤ

ᠨᠡᠶᠢᠴᠡᠭᠰᠡᠨ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ 373 ᠵᠦᠢᠯ ᠤᠨ ᠥᠭᠡᠷᠡᠴᠢᠯᠡᠯᠲᠡ ᠶᠢᠨ ᠵᠦᠢᠯ ᠢ ᠲᠣᠳᠣᠷᠬᠠᠶᠢᠯᠠᠵᠤ᠂ ᠡᠯ᠎ᠡ ᠵᠦᠢᠯ ᠤᠨ

ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠣᠨᠣᠪᠴᠢᠲᠠᠶ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠪᠠ᠃

ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠦᠷᠢᠨᠰᠢᠵᠦ ᠲᠡᠭᠦᠯᠳᠡᠷᠵᠢᠬᠦ ᠶᠢ ᠪᠠᠶᠢᠭᠤᠯᠤᠨ ᠠᠬᠢᠭᠤᠯᠬᠤ᠂

ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠬᠤᠳᠠ ᠶᠢᠨ ᠬᠡᠪᠴᠢᠶᠡᠨ ᠳᠣᠲᠣᠷᠠᠬᠢ ᠣᠷᠣᠨ ᠪᠦᠰᠡ ᠶᠢᠨ ᠵᠣᠬᠢᠴᠠᠩᠭᠤᠢ

ᠬᠥᠭᠵᠢᠯᠲᠡ ᠶᠢ ᠠᠬᠢᠭᠤᠯᠬᠤ᠂ ᠡᠯ᠎ᠡ ᠵᠦᠢᠯ ᠤᠨ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠯᠠᠨ ᠲᠦᠮᠡᠨ ᠤ ᠪᠦᠯᠭᠦᠮ ᠤᠨ ᠠᠵᠢᠯ ᠢ ᠬᠠᠮᠵᠢᠯᠴᠠᠨ

ᠠᠬᠢᠭᠤᠯᠬᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ᠂ ᠭᠤᠣᠯᠳᠠᠯᠭ᠎ᠠ ᠲᠠᠢ ᠠᠵᠢᠯ ᠢ ᠬᠠᠮᠵᠢᠯᠴᠠᠨ

ᠬᠤᠯᠪᠣᠭᠠᠯᠠᠬᠤ᠂ ᠪᠢᠲᠡᠭᠦᠮᠵᠢᠯᠡᠭᠰᠡᠨ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠤᠯᠲᠠ ᠪᠠ ᠺᠠᠳ᠋ᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ

ᠵᠣᠷᠢᠭᠵᠢᠭᠤᠯᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ 9 ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠥᠨᠳᠥᠷ ᠪᠦᠲᠦᠮᠵᠢᠲᠡᠢ

ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂

ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠪᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠵᠤ᠂ ᠥᠭᠡᠷᠡᠴᠢᠯᠡᠯᠲᠡ ᠬᠢᠭᠰᠡᠳ ᠲᠤ

ᠬᠠᠷᠢᠭᠤᠴᠠᠬᠤ᠂ ᠠᠵᠢᠯ ᠬᠢᠭᠰᠡᠳ ᠲᠤ ᠡᠭᠦᠷᠭᠡᠯᠡᠬᠦ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠹᠷᠣᠨᠲ ᠬᠤᠪᠢᠶᠠᠨ ᠲᠡᠰ ᠳᠠᠪᠬᠤᠷᠭ᠎ᠠ ᠬᠤᠪᠢᠶᠠᠨ

︽ᠥᠷᠢᠰᠦᠯᠳᠦᠬᠦ︾᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠪᠠ ︽ᠭᠤᠷᠪᠠ ᠶᠢ ᠢᠯᠭᠠᠨ ᠦᠵᠡᠬᠦ︾ ᠶᠢ

ᠰᠠᠶᠢᠲᠤᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢ ᠺᠠᠳ᠋ᠷ ᠤᠨ ᠢᠷᠠᠭᠤ ᠠᠯᠳᠠᠷ ᠢ ᠬᠥᠬᠢᠭᠦᠯᠦᠨ

ᠰᠠᠶᠢᠰᠢᠶᠠᠬᠤ ᠴᠢᠬᠤᠯᠠ ᠨᠥᠬᠦᠴᠡᠯ ᠪᠤᠯᠭᠠᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃

      ᠬᠤᠶᠠᠷ ᠲᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠨ ᠡᠯ᠎ᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠪᠠ᠃ ︽ᠲᠠᠪᠤᠨ ᠶᠡᠭᠡ

ᠡᠭᠦᠷᠭᠡ︾ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂

ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠵᠤ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ᠂

ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠲᠥᠷᠥ ᠶᠢᠨ ᠪᠣᠳᠣᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂

ᠣᠩᠨᠢᠭᠤᠳ ᠬᠤᠰᠢᠭᠤ ᠪᠦᠭᠦ ᠣᠷᠣᠨ ᠤ ᠠᠩᠬᠠᠳᠠᠭᠴᠢ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ

ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠤᠰᠤᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠷᠭ᠎ᠠ ᠬᠢᠳᠡᠯ ᠢ ᠳᠡᠭᠡᠳᠦ ᠱᠠᠲᠤᠨ ᠤ

ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠤᠲᠠᠯᠠᠨ ᠳᠡᠯᠭᠡᠷᠡᠭᠦᠯᠪᠡ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ

ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂

ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠳᠠᠭ᠎ᠠ ᠪᠣᠯᠣᠨ ᠬᠥᠮᠥᠨ

ᠤᠳᠠᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠪᠡ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ

ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠵᠤ ᠪᠠᠶᠢᠭ᠎ᠠ ᠪᠠ ᠨᠢᠭᠡᠨᠲᠡ ᠵᠥᠪᠰᠢᠶᠡᠷᠡᠭᠦᠯᠦᠭᠰᠡᠨ ᠪᠠᠶᠢᠭᠤᠯᠬᠤ ᠭᠡᠵᠦ ᠪᠠᠶᠢᠭ᠎ᠠ ᠰᠢᠨ᠎ᠡ ᠡᠨᠧᠷᠭᠢ ᠶᠢᠨ ᠲᠦᠷᠦᠯ ᠵᠦᠢᠯ

26 ᠪᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 745 ᠲᠦᠮᠡᠨ ᠺᠢᠯᠣᠸᠠᠲ ᠲᠤ ᠬᠦᠷᠴᠦ᠂ ᠪᠣᠬᠢᠷᠳᠤᠯ ᠦᠭᠡᠢ ᠡᠨᠧᠷᠭᠢ ᠬᠢᠭᠡᠳ ᠠᠵᠤ

ᠦᠢᠯᠡᠰ ᠢ ᠬᠠᠮᠵᠢᠯᠴᠠᠨ ᠨᠡᠭᠡᠭᠡᠨ ᠬᠥᠭᠵᠢᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠴᠠᠭᠢᠯᠭᠠᠨ ᠭᠠᠷᠭᠠᠵᠤ ᠴᠠᠭᠢᠯᠭᠠᠨ ᠬᠤᠳᠠᠯᠳᠤᠬᠤ︾ ᠠᠴᠠ

︽ᠴᠠᠭᠢᠯᠭᠠᠨ ᠭᠠᠷᠭᠠᠵᠤ ᠴᠠᠭᠢᠯᠭᠠᠨ ᠬᠡᠷᠡᠭᠯᠡᠬᠦ︾ ᠲᠡᠶᠢᠰᠢ ᠬᠤᠪᠢᠷᠠᠬᠤ ᠶᠢ ᠴᠢᠷᠮᠠᠶᠢᠨ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ

ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 126.4 ᠲᠦᠮᠡᠨ

ᠮᠦ ᠪᠦᠲᠦᠭᠡᠨ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 21.4 ᠲᠦᠮᠡᠨ ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠨᠢᠭᠡ ᠪᠦᠯᠦᠭ ᠦᠷ᠎ᠡ ᠶᠢᠨ

ᠦᠢᠯᠡᠰ ᠢ ᠬᠥᠭᠵᠢᠭᠦᠯᠬᠦ ᠴᠢᠬᠤᠯᠠ ᠶᠡᠭᠡ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ ︽ᠤᠯᠠᠭᠠᠨᠬᠠᠳᠠ ᠶᠢᠨ ᠦᠨᠦᠷ ᠠᠮᠲᠠ︾ ᠶᠢᠨ ᠣᠷᠣᠨ ᠪᠦᠰᠡ ᠶᠢᠨ

ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠤᠨ ᠥᠷᠲᠡᠭ 754.3 ᠳ᠋ᠦᠩᠰᠢᠭᠤᠷ ᠲᠥᠭᠦᠷᠢᠭ ᠲᠤ ᠬᠦᠷᠴᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢᠨ

ᠬᠠᠮᠲᠤᠷᠠᠯᠴᠠᠭ᠎ᠠ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠢ ᠳᠠᠭᠠᠤ ᠪᠣᠭᠤᠮᠲᠠ ᠪᠣᠯᠣᠨ ᠣᠶᠢᠷ᠎ᠠ ᠬᠠᠪᠢ ᠶᠢᠨ ᠭᠠᠷᠠᠮ ᠯᠤᠭ᠎ᠠ ᠶᠢᠨ

ᠬᠠᠮᠵᠢᠯᠴᠠᠭᠠᠨ ᠤ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠭᠦᠯᠵᠦ᠂ ︽ᠬᠢᠯᠢ ᠬᠢᠭᠡᠳ ᠳᠣᠲᠣᠷ ᠭᠠᠵᠠᠷ︾ ᠤᠨ ᠬᠠᠮᠲᠤᠷᠠᠯᠴᠠᠭ᠎ᠠ ᠪᠣᠯᠣᠨ ᠡᠬᠡ

ᠬᠠᠭᠤᠷᠠᠢ ᠶᠢᠨ ᠭᠠᠷᠠᠮ ᠤᠨ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ 1— 9 ᠰᠠᠷ᠎ᠠ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ

ᠭᠠᠷᠭᠠᠯᠲᠠ ᠶᠢᠨ ᠶᠡᠷᠦᠩᠬᠡᠢ ᠬᠡᠮᠵᠢᠶ᠎ᠡ 217.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38.4% ᠨᠡᠮᠡᠭᠳᠡᠪᠡ᠃ ᠵᠢᠱᠢᠶᠡᠴᠢ

ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ︽ᠳᠣᠯᠣᠭᠠᠨ ᠵᠢᠱᠢᠶᠡᠴᠢ ᠪᠤᠯᠬᠤ︾ ᠱᠠᠭᠠᠷᠳᠠᠯᠭ᠎ᠠ ᠪᠠᠷ ᠬᠥᠲᠥᠯᠥᠮᠵᠢ

ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠮ ᠤᠨ ᠠᠴᠢ ᠶᠢ ᠬᠠᠷᠢᠭᠤᠯᠠᠬᠤ᠂ ᠨᠠᠮ ᠤᠨ

ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠰᠣᠳᠣᠨ

ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢ ᠡᠬᠢᠯᠡᠭᠦᠯᠵᠦ᠂ ᠤᠯᠠᠭᠠᠨᠬᠠᠳᠠ ᠣᠷᠣᠨ ᠤ ᠡᠯ᠎ᠡ ᠦᠨᠳᠦᠰᠦᠲᠡᠨ ᠤ ᠬᠠᠮᠲᠤ ᠪᠠᠷ ᠲᠤᠭᠤᠯᠵᠤ᠂ ᠬᠠᠮᠲᠤ ᠪᠠᠷ

ᠤᠷᠤᠭᠰᠢᠯᠠᠵᠤ᠂ ᠬᠠᠮᠲᠤ ᠪᠠᠷ ᠣᠳᠣᠬᠢᠴᠢᠯᠠᠯᠲᠠ ᠵᠦᠭ ᠤᠷᠤᠭᠰᠢᠯᠠᠭᠰᠠᠨ ᠦᠯᠢᠭᠡᠷ ᠢ ᠭᠦᠨᠵᠡᠭᠡᠢ ᠶᠠᠷᠢᠵᠤ᠂ ᠥᠭᠡᠷᠡᠴᠢᠯᠡᠯᠲᠡ ᠬᠥᠭᠵᠢᠯᠲᠡ ᠶᠢᠨ ︽ᠭᠤᠷᠪᠠᠨ ᠠᠴᠢ

ᠬᠤᠯᠪᠣᠭᠳᠠᠯ︾ ᠢ ᠯᠠᠪᠳᠠᠭᠤᠨ ᠪᠠᠲᠤᠲᠠᠢ ᠪᠦᠲᠦᠮᠵᠢᠲᠡᠢ ᠣᠯᠭᠤᠵᠤ᠂ ᠬᠥᠮᠥᠰ ᠤᠨ ᠰᠡᠳᠬᠢᠯ ᠨᠢᠭᠡᠳᠦᠨ᠂ ᠣᠶᠤᠨ ᠰᠠᠨᠠᠭᠠᠨ ᠤ ᠲᠦᠰᠢᠭ ᠲᠤᠯᠭᠠᠭᠤᠷᠢ ᠪᠤᠯᠬᠤ ᠶᠢ ᠨᠠᠩ

ᠰᠠᠶᠢᠨ ᠠᠬᠢᠭᠤᠯᠪᠠ᠃

      ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ᠃ ︽ᠠᠯᠳᠠᠭ᠎ᠠ

ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂

ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂

ᠥᠭᠡᠷᠡᠴᠢᠯᠡᠯᠲᠡ ᠶᠢ ᠠᠬᠢᠭᠤᠯᠬᠤ ᠳᠤ ᠢᠮᠠᠭᠲᠠ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢ ᠠᠩᠬᠠᠷᠴᠤ᠂ ᠠᠰᠠᠭᠤᠳᠠᠯ ᠳᠤ ᠴᠢᠭᠯᠡᠭᠦᠯᠦᠨ ᠴᠡᠭᠴᠡᠯᠡᠨ

ᠰᠠᠶᠢᠵᠢᠷᠠᠭᠤᠯᠪᠠ᠃ ᠨᠢᠭᠡ ᠲᠠᠯ᠎ᠠ ᠪᠠᠷ᠂ ᠠᠰᠠᠭᠤᠳᠠᠯ ᠢ ᠢᠯᠡᠷᠡᠭᠦᠯᠬᠦ ᠳᠡᠭᠡᠨ ᠣᠨᠣᠪᠴᠢᠲᠠᠢ ᠪᠠᠶᠢᠬᠤ ᠶᠢ ᠪᠡᠶᠡᠯᠡᠭᠦᠯᠪᠡ᠃ ᠪᠣᠳᠠᠲᠤ ᠪᠠᠶᠢᠳᠠᠯ ᠠᠴᠠ ᠡᠭᠦᠰᠬᠦ ᠶᠢ

ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ᠂ ᠨᠡᠶᠢᠭᠡᠮ ᠤᠨ ᠵᠠᠰᠠᠯᠲᠠ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠰᠠᠭᠤᠳᠠᠯ ᠢ

ᠲᠤᠶᠢᠯᠪᠤᠷᠢᠲᠠᠢ ᠪᠠᠶᠢᠴᠠᠭᠠᠵᠤ ᠥᠷᠨᠢᠭᠦᠯᠪᠡ᠃ ᠣᠳᠣᠬᠠᠨ ᠪᠤᠯᠲᠠᠯ᠎ᠠ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠨᠢ ᠡᠯ᠎ᠡ ᠲᠥᠷᠥᠯ ᠤᠨ

ᠠᠰᠠᠭᠤᠳᠠᠯ ᠢ ᠨᠡᠶᠢᠲᠡ 297 ᠵᠢᠭᠰᠠᠭᠠᠨ ᠪᠠᠶᠢᠴᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠨᠢ 92 ᠴᠢᠬᠤᠯᠠ ᠦᠯᠡᠳᠡᠭᠳᠡᠯ ᠠᠰᠠᠭᠤᠳᠠᠯ᠂ 2000 ᠭᠠᠷᠤᠢ

ᠪᠤᠰᠤᠳ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠨᠠᠷᠢᠨ ᠲᠠᠩᠰᠠ ᠪᠠ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠶᠢ ᠲᠥᠷᠥᠯ ᠬᠤᠪᠢᠶᠠᠨ

ᠪᠠᠶᠢᠭᠤᠯᠵᠤ᠂ ᠥᠭᠡᠷᠡᠴᠢᠯᠡᠯᠲᠡ ᠶᠢ ᠠᠬᠢᠭᠤᠯᠬᠤ ᠪᠣᠳᠠᠲᠠᠢ ᠠᠭᠤᠯᠭ᠎ᠠ ᠪᠣᠯᠭᠠᠪᠠ᠃ ᠨᠦᠭᠦᠭᠡ ᠲᠠᠯ᠎ᠠ ᠪᠠᠷ᠂ ᠠᠰᠠᠭᠤᠳᠠᠯ ᠢ ᠰᠢᠢᠳᠪᠦᠷᠢᠯᠡᠬᠦ ᠳᠤ ᠪᠣᠳᠠᠲᠠᠢ ᠪᠠᠶᠢᠬᠤ ᠶᠢ

ᠪᠡᠶᠡᠯᠡᠭᠦᠯᠪᠡ᠃ ᠲᠤᠶᠢᠯᠪᠤᠷᠢᠲᠠᠢ ᠪᠠᠶᠢᠴᠠᠭᠠᠵᠤ ᠣᠯᠣᠭᠰᠠᠨ ᠠᠰᠠᠭᠤᠳᠠᠯ ᠢ ᠬᠤᠲᠠ ᠰᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ ᠬᠢᠵᠦ᠂

ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠡᠶᠡᠯᠡᠭᠦᠯᠬᠦ ᠴᠠᠭ ᠤᠨ

ᠬᠢᠵᠠᠭᠠᠷ ᠢ ᠲᠣᠳᠣᠷᠬᠠᠶᠢᠯᠠᠵᠤ᠂ ᠰᠠᠷ᠎ᠠ ᠪᠠᠷ ᠠᠬᠢᠴᠠ ᠶᠢᠨ ᠪᠠᠶᠢᠳᠠᠯ ᠢ ᠲᠣᠬᠢᠷᠠᠭᠤᠯᠵᠤ᠂ ᠥᠭᠡᠷᠡᠴᠢᠯᠡᠯᠲᠡ ᠶᠢ ᠪᠣᠳᠠᠲᠠᠶᠢᠵᠢᠭᠤᠯᠤᠭᠰᠠᠨ ᠦᠭᠡᠢ ᠪᠣᠯ ᠲᠠᠯᠪᠢᠬᠤ ᠦᠭᠡᠢ᠂

ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠵᠣᠬᠰᠣᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠪᠡ᠃

      ᠳᠥᠷᠪᠡ ᠳᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ ᠥᠭᠡᠷᠡᠴᠢᠯᠡᠯᠲᠡ ᠶᠢᠨ ᠭᠠᠷᠳᠠᠴᠠ ᠶᠢ ᠣᠨᠣᠪᠴᠢᠲᠠᠢ ᠣᠯᠵᠠᠢ᠃ ᠠᠷᠠᠳ ᠤᠨ

ᠠᠮᠢᠳᠤᠷᠠᠯ ᠤᠨ ᠬᠦᠷᠢᠶᠡᠨ ᠳᠠᠬᠢ ᠨᠢᠭᠡ ᠪᠦᠯᠦᠭ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯ ᠢ ᠬᠡᠷᠡᠭᠵᠢᠭᠦᠯᠵᠦ᠂ ᠨᠢᠭᠲᠠ ᠭᠡᠯᠪᠡᠷᠢ ᠶᠢᠨ ᠬᠤᠲᠠ ᠶᠢᠨ

ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠲᠣᠭᠲᠠᠭᠤᠨ ᠢᠶᠠᠷ ᠠᠬᠢᠵᠤ᠂ ᠪᠦᠭᠦ ᠬᠤᠲᠠ ᠳᠤ ᠨᠡᠶᠢᠲᠡ 2 ᠬᠤᠲᠠ ᠶᠢᠨ ᠡᠮᠴᠢᠯᠡᠭᠡᠨ ᠤ ᠪᠦᠯᠦᠭᠯᠡᠯ ᠪᠠ

10 ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠰᠢᠤᠸᠠᠨ ᠦ᠋ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ

ᠡᠮᠨᠡᠯᠭᠡ ᠶᠢᠨ ᠬᠤᠷᠢᠶ᠎ᠠ ᠶᠢᠨ ᠤᠯᠤᠰ ᠤᠨ ᠮᠡᠳᠡᠷᠡᠯ ᠤᠨ ᠡᠪᠡᠳᠴᠢᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠵᠢᠩᠬᠢᠨᠢ ᠪᠠᠷ ᠫᠠᠶᠢᠰᠠ ᠡᠯᠭᠦᠨ ᠠᠵᠢᠯᠯᠠᠵᠤ 

ᠡᠭᠢᠯᠡᠪᠡ; ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠦᠯᠦᠭᠵᠢᠭᠦᠯᠦᠨ ᠰᠤᠷᠭᠠᠭᠤᠯᠢ ᠡᠷᠭᠢᠯᠡᠭᠦ ᠥᠭᠡᠷᠡᠴᠢᠯᠡᠯᠲᠡ ᠢᠯᠡᠳᠲᠡ

ᠦᠷ᠎ᠡ ᠪᠦᠲᠦᠮᠵᠢ ᠣᠯᠵᠤ᠂ ᠰᠤᠷᠭᠠᠭᠤᠯᠢ ᠶᠢ ᠪᠠᠶᠢᠭᠤᠯᠤᠨ ᠬᠥᠭᠵᠢᠭᠦᠯᠬᠦ ᠬᠠᠮᠲᠤ ᠶᠢᠨ ᠴᠣᠭᠴᠠ 163 ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ

ᠪᠠᠬᠢᠵᠢᠭᠦᠯᠦᠭᠰᠡᠨ ᠨᠣᠷᠮ᠎ᠠ 98% ᠳᠤ ᠭᠦᠷᠪᠡ᠃ ᠨᠢᠭᠡ ᠪᠦᠯᠦᠭ ︽ᠮᠡᠳᠡᠷᠡᠵᠦ ᠳᠡᠶᠢᠯᠭᠦ᠂ ᠬᠠᠶᠢᠷ᠎ᠠ ᠬᠠᠯᠠᠮᠵᠢ ᠲᠠᠢ᠂ ᠦᠷ᠎ᠡ ᠪᠦᠲᠦᠮᠵᠢ ᠲᠠᠢ︾ ᠪᠠᠭ᠎ᠠ ᠵᠢᠵᠢᠭ

ᠭᠡᠯᠪᠡᠷᠢ ᠶᠢᠨ ᠥᠭᠡᠷᠡᠴᠢᠯᠡᠯᠲᠡ᠂ ᠲᠣᠰᠬᠤᠨ ᠤ ᠱᠠᠲᠤᠨ ᠤ ᠬᠡᠷᠡᠭ ᠵᠥᠪᠯᠡᠵᠦ ᠵᠥᠪᠳᠡᠯᠴᠡᠬᠦ᠂ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ

ᠰᠢᠨᠵᠢᠬᠦ ᠪᠠ ᠪᠠᠶᠢᠩᠭᠤᠵᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠶᠢ ᠦᠵᠡᠭᠳᠡᠮᠡᠯ ᠪᠤᠯᠭᠠᠬᠤ

ᠪᠠ ᠣᠶᠤᠨᠴᠢ ᠤᠲᠠᠰᠤ ᠪᠠᠷ ᠦᠢᠯᠡᠴᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠵᠤ ᠨᠠᠰᠤᠵᠢᠯ ᠤᠨ ᠠᠰᠠᠷᠠᠮᠵᠢ ᠭᠦᠷᠳᠡᠭᠦ᠂ ︽ᠰᠢᠶᠠᠩ ᠠᠴᠠ

ᠡᠯᠰᠡᠵᠦ ᠲᠣᠰᠬᠤᠨ ᠳᠠᠭᠠᠨ ᠬᠡᠷᠡᠭᠯᠡᠬᠦ︾ ᠵᠡᠷᠭᠡ ᠠᠷᠭ᠎ᠠ ᠬᠢᠳᠡᠯ ᠤᠳ ᠨᠢ ᠣᠯᠠᠨ ᠲᠦᠮᠡᠨ ᠤ ᠬᠦᠷᠢᠶᠡᠯᠡᠯ ᠢ ᠣᠯᠵᠤ᠂ ᠬᠥᠳᠡᠭᠡ ᠲᠣᠰᠬᠤᠨ ᠤ ᠬᠠᠮᠲᠤ ᠶᠢᠨ

ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠤᠷᠰᠢᠯᠲᠠ ᠶᠢᠨ ᠴᠡᠭ ᠤᠨ ᠠᠷᠭ᠎ᠠ ᠬᠢᠳᠡᠯ ᠨᠢ ᠪᠦᠭᠦ ᠤᠯᠤᠰ ᠤᠨ ᠭᠠᠵᠠᠷ

ᠰᠢᠷᠣᠢ ᠬᠡᠷᠡᠭᠯᠡᠬᠦ ᠭᠤᠣᠯ ᠴᠣᠭᠴᠠ ᠶᠢ ᠬᠥᠲᠥᠯᠥᠨ ᠵᠢᠯᠤᠭᠤᠳᠬᠤ ᠪᠦᠲᠦᠮᠵᠢᠲᠡᠶ ᠲᠥᠷᠥᠯ ᠤᠨ ᠵᠢᠱᠢᠶ᠎ᠡ ᠦᠵᠡᠭᠦᠯᠭᠦ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ ᠤᠯᠠᠨ

ᠲᠦᠮᠡᠨ ᠤ ᠲᠤᠰᠬᠠᠯ ᠴᠢᠩᠭ᠎ᠠ ᠪᠠᠶᠢᠭ᠎ᠠ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾

ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ︽ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ

ᠪᠠᠶᠢᠩᠭᠤᠵᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠯᠠᠨ ᠲᠦᠮᠡᠨ ᠤ ᠳᠡᠷᠭᠡᠳᠡᠬᠢ 9400 ᠭᠠᠷᠤᠢ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ

ᠰᠢᠢᠳᠪᠦᠷᠢᠯᠡᠵᠦ᠂ ᠵᠠᠭᠤᠴᠢᠯᠠᠭᠤᠷ ᠲᠤ ᠪᠦᠯᠦᠭ ᠬᠤᠪᠢᠶᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ 448 ᠨᠡᠶᠢᠲᠡᠯᠡᠵᠦ᠂ ᠬᠤᠲᠠ ᠰᠢᠶᠠᠨ

ᠬᠤᠶᠠᠷ ᠱᠠᠲᠤᠨ ᠤ 147 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠢᠶᠠᠷ ᠬᠡᠷᠡᠭᠵᠢᠭᠦᠯᠪᠡ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ