ᠲᠡᠪᠤᠨ ᠶᠡᠭᠡ ᠡᠬᠦᠷᠬᠡ ᠶᠢᠨ ᠨᠠᠶᠢᠳᠡᠪᠤᠷᠢᠵᠢᠭᠤᠯᠤᠯᠳᠠ ᠶᠢ ᠠᠬᠢᠭᠤᠯᠤᠶ᠎ᠠ — ᠮᠡᠷᠭᠡᠵᠢᠯ ᠵᠠᠭᠪᠤᠷ ᠢᠶᠠᠨ ᠰᠠᠶᠢᠵᠢᠷᠠᠭᠤᠯᠵᠤ ᠰᠢᠨ᠎ᠡ ᠶᠢ ᠡᠭᠦᠳᠬᠦ ᠦᠷ᠎ᠡ ᠪᠦᠲᠦᠭᠡᠯ ᠢ ᠣᠨᠳᠣᠣᠰᠢᠭᠤᠯᠤᠭᠠᠳ ᠬᠤᠵᠢᠷᠯᠢᠭ ᠭᠠᠵᠠᠷ ᠨᠣᠮᠢᠨ ᠨᠣᠭᠤᠭᠠᠨ ᠥᠩᠭᠡ ᠪᠠᠷ ᠪᠢᠯᠬᠠᠯ᠎ᠠ
ᠨᠡᠶᠢᠲᠡᠯᠡᠭᠰᠡᠨ ᠴᠠᠭ᠄
2024/11/27

   

     ᠪᠠᠶᠠᠨᠨᠠᠭᠤᠷ ᠬᠤᠳᠠ ᠬᠠᠳᠤᠨ ᠭᠤᠣᠯ ᠤᠨ ᠤᠰᠤ ᠪᠠᠷ ᠮᠢᠩᠭ᠎ᠠ ᠭᠠᠷᠤᠢ ᠲᠦᠮᠡᠨ ᠮᠦ ᠲᠠᠷᠢᠶ᠎ᠠ ᠶᠢ ᠤᠰᠤᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ

 ᠨᠢ ᠮᠠᠨ ᠤ ᠤᠯᠤᠰ ᠤᠨ ᠴᠢᠬᠤᠯᠠ ᠲᠠᠸᠠᠷ ᠤᠨ ᠠᠮᠤ ᠲᠤᠰᠤᠨ ᠤ ᠰᠠᠭᠤᠷᠢᠨ ᠪᠣᠯᠵᠤ᠂ ︽ᠪᠣᠭᠤᠮᠲᠠ ᠶᠢᠨ ᠭᠠᠳᠠᠨᠠᠬᠢ ᠠᠮᠤ ᠶᠢᠨ ᠰᠠᠩ︾ ᠭᠡᠬᠦ ᠰᠠᠶᠢᠬᠠᠨ ᠠᠯᠳᠠᠷ ᠢ

ᠣᠯᠣᠭᠰᠠᠨ ᠪᠠᠶᠢᠨ᠎ᠠ᠃ ᠭᠡᠪᠡᠴᠦ ᠠᠭᠤᠷ ᠠᠮᠢᠰᠬᠤᠯ ᠭᠠᠩ ᠬᠠᠭᠤᠷᠠᠢ᠂ ᠠᠭᠤᠷᠰᠢᠯᠲᠠ ᠴᠢᠩᠭ᠎ᠠ᠂ ᠭᠠᠵᠠᠷ ᠤᠨ ᠪᠠᠶᠢᠴᠠ ᠳᠣᠣᠷ᠎ᠠ᠂ ᠳᠠᠪᠤᠰᠤᠨ ᠠᠭᠤᠯᠤᠭᠳᠠᠴᠠ ᠶᠢᠨ

ᠬᠡᠮᠵᠢᠶ᠎ᠡ ᠪᠠ ᠭᠠᠵᠠᠷ ᠳᠣᠣᠷᠠᠬᠢ ᠤᠰᠤᠨ ᠤ ᠲᠦᠪᠰᠢᠨ ᠨᠡᠯᠢᠶᠡᠳ ᠥᠨᠳᠥᠷ ᠵᠡᠷᠭᠡ ᠰᠢᠯᠲᠠᠭᠠᠨ ᠵᠢᠴᠢ ᠤᠷᠲᠤ ᠬᠤᠭᠤᠴᠠᠭᠠᠨ ᠤ ᠵᠦᠢ ᠵᠣᠬᠢᠰ ᠦᠭᠡᠢ

ᠲᠠᠷᠢᠶᠠᠯᠠᠭ᠎ᠠ ᠠᠴᠠ ᠪᠣᠯᠵᠤ᠂ ᠲᠠᠷᠢᠶᠠᠨ ᠭᠠᠵᠠᠷ ᠤᠨ ᠬᠤᠵᠢᠷᠰᠢᠬᠤ ᠦᠵᠡᠭᠳᠡᠯ ᠨᠡᠯᠢᠶᠡᠳ ᠬᠦᠨᠳᠦ ᠨᠣᠴᠢᠲᠠᠢ ᠪᠣᠯᠵᠠᠢ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂

ᠪᠦᠭᠦ ᠬᠤᠲᠠ ᠶᠢᠨ 652.23 ᠲᠦᠮᠡᠨ ᠮᠦ ᠲᠠᠷᠢᠶᠠᠨ ᠭᠠᠵᠠᠷ ᠠᠳᠠᠯᠢ ᠪᠤᠰᠤ ᠬᠡᠮᠵᠢᠶ᠎ᠡ ᠪᠠᠷ ᠬᠤᠵᠢᠷᠰᠢᠵᠤ᠂ ᠪᠦᠭᠦ ᠲᠠᠷᠢᠶᠠᠨ ᠭᠠᠵᠠᠷ ᠤᠨ ᠲᠠᠯᠠᠪᠠᠶ ᠶᠢᠨ 48% ᠶᠢ

ᠡᠵᠡᠯᠡᠵᠦ᠂ ᠪᠦᠭᠦ ᠣᠷᠣᠨ ᠤ ᠬᠤᠵᠢᠷᠰᠢᠭᠰᠠᠨ ᠲᠠᠷᠢᠶᠠᠨ ᠭᠠᠵᠠᠷ ᠤᠨ ᠲᠠᠯᠠᠪᠠᠶ ᠶᠢᠨ 29% ᠶᠢ ᠡᠵᠡᠯᠡᠪᠡ᠃

     ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠥᠷᠭᠡᠨ ᠣᠯᠠᠨ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠣᠯᠠᠨ

ᠵᠢᠯ ᠤᠨ ᠲᠤᠷᠰᠢ ᠪᠠᠶᠠᠨᠨᠠᠭᠤᠷ ᠬᠤᠲᠠ ᠶᠢᠨ ᠬᠢᠨ ᠴᠢᠩᠬᠤᠸᠠ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ

ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠭᠦᠨᠵᠡᠭᠡᠢ

ᠬᠠᠮᠲᠤᠷᠠᠯᠴᠠᠵᠤ᠂ ︽ᠲᠠᠪᠤ ᠶᠢ ᠨᠢᠭᠡ ᠴᠣᠭᠴᠠᠵᠢᠭᠤᠯᠬᠤ︾ ︵ᠣᠷᠭᠠᠨᠢᠭ ᠪᠣᠷᠳᠣᠭᠤᠷ ᠢᠶᠠᠷ ᠴᠢᠬᠢ ᠶᠢ ᠰᠠᠶᠢᠵᠢᠷᠠᠭᠤᠯᠬᠤ᠂ ᠡᠯᠡᠰᠦ ᠬᠤᠯᠢᠵᠤ ᠬᠤᠵᠢᠷᠰᠢᠯ ᠢ ᠪᠠᠭᠤᠷᠠᠭᠤᠯᠬᠤ᠂

ᠬᠦᠬᠦᠷ ᠦᠭᠡᠶᠢᠳᠡᠭᠦᠯᠦᠭᠰᠡᠨ ᠵᠤᠭᠠᠩ ᠢ ᠬᠡᠷᠡᠭᠯᠡᠵᠦ ᠬᠤᠵᠢᠷ ᠭᠠᠳᠠᠭᠰᠢᠯᠠᠭᠤᠯᠬᠤ᠂ ᠳᠠᠪᠤᠰᠤᠨ ᠳᠤ ᠳᠠᠭᠠᠭᠠᠮᠠᠭᠠᠢ ᠲᠠᠷᠢᠮᠠᠯ ᠳᠠᠷᠢᠬᠤ᠂ ᠰᠠᠶᠢᠵᠢᠷᠠᠭᠤᠯᠬᠤ ᠡᠮ ᠬᠡᠷᠡᠭᠯᠡᠬᠦ︶

ᠠᠷᠭ᠎ᠠ ᠶᠢ ᠰᠤᠳᠤᠯᠵᠤ᠂ ︽ᠳᠠᠯᠳᠠ ᠬᠤᠭᠤᠯᠠᠢ ᠪᠠᠷ ᠬᠤᠵᠢᠷ ᠢ ᠭᠠᠳᠠᠭᠰᠢᠯᠠᠭᠤᠯᠬᠤ︾᠂ ︽ᠳᠣᠣᠷ᠎ᠠ ᠨᠢ ᠡᠰᠢ ᠰᠦᠷᠡᠯ ᠳᠡᠪᠢᠰᠴᠦ ᠳᠡᠭᠡᠷ᠎ᠡ ᠨᠢ ᠪᠦᠷᠬᠦᠪᠴᠢ ᠪᠦᠷᠬᠦᠬᠦ︾

ᠵᠡᠷᠭᠡ ᠬᠤᠵᠢᠷᠯᠢᠭ ᠭᠠᠵᠠᠷ ᠢ ᠰᠠᠶᠢᠵᠢᠷᠠᠭᠤᠯᠬᠤ ᠮᠡᠷᠭᠡᠵᠢᠯ ᠤᠨ ᠵᠠᠭᠪᠤᠷ ᠢ ᠰᠤᠳᠤᠯᠵᠤ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂

ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢ ᠨᠥᠯᠥᠭᠡ ᠦᠵᠡᠭᠦᠯᠵᠡᠢ᠃ ᠲᠣᠰ ᠬᠤᠲᠠ ᠶᠢᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ

ᠵᠠᠬ᠎ᠠ ᠳᠡᠯᠭᠡᠭᠦᠷᠴᠢᠯᠡᠭᠰᠡᠨ ᠵᠠᠭᠪᠤᠷ ᠨᠢ ︽ᠳᠤᠮᠳᠠᠳᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠰᠢᠨ᠎ᠡ ᠶᠢ ᠡᠭᠦᠳᠬᠦ ᠰᠠᠮᠪᠠᠷ᠎ᠠ︾ ᠳᠤ

ᠲᠣᠳᠣᠷᠠᠪᠠ᠂ ᠡᠭᠦᠨ ᠳᠤ᠂ ᠦᠶᠤᠸᠠᠨ ᠰᠢᠶᠠᠨ ᠤ 5 ᠲᠦᠮᠡᠨ ᠮᠦ ᠲᠤᠷᠰᠢᠯᠲᠠ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠨᠢ ᠪᠦᠭᠦ ᠤᠯᠤᠰ ᠤᠨ ᠥᠯᠢᠭᠡᠷ

ᠳᠠᠭᠤᠷᠢᠶᠠᠯ ᠪᠣᠯᠵᠠᠢ᠃

     ᠴᠢᠩᠬᠤᠸᠠ ᠶᠡᠭᠡ ᠰᠤᠷᠭᠠᠭᠤᠯᠢ ᠶᠢᠨ ᠬᠤᠵᠢᠷᠯᠢᠭ ᠭᠠᠵᠠᠷ ᠣᠷᠣᠨ ᠤ ᠠᠮᠢ ᠠᠬᠤᠢ ᠶᠢ ᠰᠡᠷᠭᠦᠭᠡᠬᠦ ᠪᠠ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ

ᠰᠤᠳᠤᠯᠭᠠᠨ ᠤ ᠲᠥᠪ ᠤᠨ ᠰᠤᠳᠤᠯᠭᠠᠨ ᠤ ᠲᠤᠰᠠᠯᠠᠭᠴᠢ ᠲᠢᠶᠠᠨ ᠷᠦᠩ ᠷᠦᠩ 2018 ᠣᠨ ᠠᠴᠠ ᠣᠲᠣ ᠪᠤᠯᠲᠠᠯ᠎ᠠ ᠦᠶᠤᠸᠠᠨ ᠰᠢᠶᠠᠨ ᠳᠤ ᠰᠠᠭᠤᠵᠤ᠂

ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠰᠦᠪᠡᠭᠴᠢᠯᠡᠵᠦ ᠪᠤᠶ᠃ ︽ᠬᠤᠵᠢᠷᠯᠢᠭ ᠭᠠᠵᠠᠷ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠤ

ᠳᠠᠷᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠢᠯᠡᠳᠲᠡ ᠳᠡᠭᠡᠭᠰᠢᠯᠡᠵᠦ᠂ ᠬᠥᠷᠥᠰᠥᠨ ᠤ ᠳᠠᠪᠤᠰᠤᠨ ᠤ ᠠᠭᠤᠯᠤᠭᠳᠠᠴᠠ 0.3% ᠪᠠᠷ ᠪᠠᠭᠤᠷᠠᠵᠤ᠂ ᠴᠢᠬᠢ

ᠬᠠᠮᠠᠭᠠᠯᠠᠬᠤ ᠨᠣᠷᠮ᠎ᠠ 20% ᠪᠠᠷ ᠳᠡᠭᠡᠭᠰᠢᠯᠡᠪᠡ᠃ ᠡᠭᠦᠨ ᠳᠤ᠂ ᠬᠦᠨᠳᠦ ᠬᠡᠮᠵᠢᠶᠡᠨ ᠤ ᠬᠤᠵᠢᠷᠯᠢᠭ ᠭᠠᠵᠠᠷ ᠤᠨ ᠴᠢᠬᠢ ᠬᠠᠮᠠᠭᠠᠯᠠᠬᠤ ᠨᠣᠷᠮ᠎ᠠ 40% ᠪᠠᠷ

ᠳᠡᠭᠡᠭᠰᠢᠯᠡᠵᠦ᠂ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ 10% —15% ᠪᠠᠷ ᠳᠡᠭᠡᠭᠰᠢᠯᠡᠵᠦ᠂ ᠲᠠᠷᠢᠶᠠᠴᠢᠳ ᠤᠨ ᠬᠥᠮᠥᠨ ᠳᠤᠮᠳᠠᠴᠢ ᠶᠢᠨ ᠴᠡᠪᠡᠷ

ᠣᠷᠣᠯᠭ᠎ᠠ 10% ᠪᠠᠷ ᠳᠡᠭᠡᠭᠰᠢᠯᠡᠵᠡᠢ᠃ ᠭᠡᠪᠡᠴᠦ ᠬᠤᠵᠢᠷᠯᠢᠭ ᠭᠠᠵᠠᠷ ᠢ ᠵᠠᠰᠠᠬᠤ ᠪᠣᠯ ᠣᠷᠳᠣ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠶᠠᠪᠤᠴᠠ ᠮᠥᠨ᠂

ᠡᠬᠢᠨ ᠤ ᠬᠤᠭᠤᠴᠠᠭᠠᠨ ᠳᠤ ᠬᠡᠳᠦᠨ ᠵᠢᠯ ᠤᠨ ᠴᠠᠭ ᠢ ᠬᠡᠷᠡᠭᠰᠡᠵᠦ ᠬᠥᠷᠥᠰᠥᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠬᠤᠵᠢᠷᠯᠢᠭ ᠬᠡᠮᠵᠢᠶ᠎ᠡ ᠶᠢ ᠪᠠᠭᠠᠰᠬᠠᠬᠤ

ᠪᠣᠯᠣᠨ᠎ᠠ᠂ ᠭᠡᠪᠡᠴᠦ ᠨᠡᠩ ᠤᠯᠠᠨ ᠴᠠᠭ ᠵᠠᠷᠤᠴᠠᠭᠤᠯᠵᠤ ᠪᠠᠶᠢᠭᠠᠳ ᠹᠢᠽᠢᠺ ᠤᠨ ᠰᠠᠶᠢᠵᠢᠷᠠᠭᠤᠯᠤᠯᠲᠠ᠂ ᠬᠢᠮᠢ ᠶᠢᠨ ᠰᠠᠶᠢᠵᠢᠷᠠᠭᠤᠯᠤᠯᠲᠠ ᠪᠤᠶᠤ ᠠᠮᠢᠳᠤ ᠪᠣᠳᠠᠰ ᠤᠨ

ᠰᠠᠶᠢᠵᠢᠷᠠᠭᠤᠯᠤᠯᠲᠠ ᠬᠢᠨ᠎ᠡ︾ ᠭᠡᠵᠦ ᠲᠢᠶᠠᠨ ᠷᠦᠩ ᠷᠦᠩ ᠲᠠᠨᠢᠯᠴᠠᠭᠤᠯᠪᠠ᠃

     ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢ ᠳᠠᠭᠠᠯᠳᠤᠨ᠂ ᠬᠤᠵᠢᠷᠯᠢᠭ ᠭᠠᠵᠠᠷ ᠢ ᠵᠠᠰᠠᠬᠤ ᠣᠶᠢᠯᠠᠭᠠᠭᠳᠠᠬᠤᠨ ᠳᠤ ᠴᠤ ᠬᠤᠪᠢᠷᠠᠯᠲᠠ ᠭᠠᠷᠴᠤ

ᠪᠠᠶᠢᠨ᠎ᠠ᠃ ︽ᠣᠲᠣ ᠪᠢᠳᠡ ᠬᠥᠷᠥᠰᠥ ᠰᠢᠷᠣᠢ ᠶᠢ ᠰᠠᠶᠢᠵᠢᠷᠠᠭᠤᠯᠬᠤ ᠡᠮ ᠪᠠ ᠡᠰᠢ ᠰᠦᠷᠡᠯ ᠢ ᠲᠠᠷᠢᠶᠠᠨ ᠳᠤ ᠣᠷᠣᠭᠤᠯᠬᠤ ᠶᠢ ᠶᠡᠭᠡ ᠪᠠᠷ ᠳᠡᠯᠭᠡᠷᠡᠭᠦᠯᠵᠦ ᠪᠠᠶᠢᠨ᠎ᠠ᠂

ᠡᠲᠡᠭᠡᠷ ᠠᠷᠭ᠎ᠠ ᠬᠡᠮᠵᠢᠶ᠎ᠡ ᠨᠢ ᠬᠥᠷᠥᠰᠥᠨ ᠤ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠵᠦ᠂ ᠬᠥᠷᠥᠰᠥᠨ ᠤ ᠰᠢᠮ᠎ᠡ ᠲᠡᠵᠢᠭᠡᠯ ᠢ

ᠳᠡᠭᠡᠭᠰᠢᠯᠡᠭᠦᠯᠦᠭᠰᠡᠨ ᠤ ᠳᠠᠷᠠᠭ᠎ᠠ᠂ ᠳᠠᠪᠤᠰᠤᠨ ᠤ ᠠᠭᠤᠯᠤᠭᠳᠠᠴᠠ ᠶᠢ ᠴᠤ ᠤᠯᠠᠮ ᠪᠠᠭᠤᠷᠠᠭᠤᠯᠵᠤ᠂ ᠳᠠᠪᠤᠰᠤᠨ ᠳᠤ ᠳᠠᠭᠠᠭᠠᠮᠠᠭᠠᠢ ᠡᠭᠦᠯᠳᠡᠷ ᠪᠠ ᠪᠣᠬᠢᠷᠳᠤᠯ ᠦᠭᠡᠢ

ᠦᠢᠯᠡᠳᠪᠦᠷᠢᠯᠡᠯ ᠤᠨ ᠢᠵᠢ ᠪᠦᠷᠢᠳᠦᠭᠦᠯᠦᠭᠰᠡᠨ ᠮᠡᠷᠭᠡᠵᠢᠯ ᠢ ᠨᠡᠮᠡᠪᠡᠯ ᠠᠮᠤ ᠪᠤᠳᠠᠭᠠᠨ ᠤ ᠦᠢᠯᠡᠳᠪᠦᠷᠢᠯᠡᠯ ᠨᠢ ᠥᠨᠳᠥᠷ ᠤᠨᠠᠯᠲᠠ ᠶᠢ ᠬᠥᠭᠡᠭᠡᠴᠡᠯᠳᠦᠵᠦ ᠪᠠᠶᠢᠭᠰᠠᠨ

 ᠠᠴᠠ ᠪᠠᠨ ᠢᠳᠡᠭ ᠢᠳᠡᠭ ᠢᠶᠠᠷ ᠴᠢᠨᠠᠷ ᠢ ᠬᠥᠭᠡᠭᠡᠴᠡᠯᠳᠦᠬᠦ ᠲᠡᠶᠢᠰᠢ ᠬᠤᠪᠢᠷᠠᠬᠤ ᠪᠣᠯᠣᠨ᠎ᠠ︾ ᠭᠡᠵᠦ ᠦᠶᠤᠸᠠᠨ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ

ᠲᠥᠪ ᠤᠨ ᠰᠤᠳᠤᠯᠤᠭᠴᠢ ᠯᠢ ᠡᠯ ᠵᠧᠨ ᠬᠡᠯᠡᠪᠡ᠃

     ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢᠨ ᠲᠥᠯᠥᠭᠡ᠂ ᠪᠠᠶᠠᠨᠨᠠᠭᠤᠷ ᠬᠤᠲᠠ ᠪᠠᠰᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠬᠤᠵᠢᠷᠯᠢᠭ ᠭᠠᠵᠠᠷ ᠢ

ᠰᠠᠶᠢᠵᠢᠷᠠᠭᠤᠯᠬᠤ︾ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠡᠨᠡ ᠵᠢᠯ ᠲᠣᠰ ᠬᠤᠲᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ

ᠲᠥᠷᠥᠯ ᠵᠦᠢᠯ ᠪᠣᠯᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠢ ᠵᠡᠷᠭᠡ ᠪᠠᠷ ᠵᠢᠷᠤᠵᠤ ᠲᠥᠰᠥᠪᠯᠡᠨ᠂ ᠵᠡᠷᠭᠡ ᠪᠠᠷ

ᠬᠡᠷᠡᠭᠵᠢᠭᠦᠯᠵᠦ᠂ ᠬᠤᠵᠢᠷᠯᠢᠭ ᠭᠠᠵᠠᠷ ᠢ ᠠᠭᠠᠵᠢᠮ ᠢᠶᠠᠷ ᠲᠠᠷᠢᠶᠠᠨ ᠭᠠᠵᠠᠷ ᠪᠣᠯᠭᠠᠪᠠ᠃

     ᠯᠢᠨ ᠾᠧ ᠲᠣᠭᠤᠷᠢᠭ ᠤᠨ ᠬᠤᠶᠠᠷ ᠪᠣᠭᠳᠠ ᠠᠭᠤᠯᠠ ᠪᠠᠯᠭᠠᠰᠤᠨ ᠤ ᠠᠢ ᠭᠦᠸᠧ ᠲᠣᠰᠬᠤᠨ ᠤ 8700 ᠭᠠᠷᠤᠢ ᠮᠦ ᠲᠠᠷᠢᠶᠠᠨ ᠭᠠᠵᠠᠷ ᠤᠨ ᠳᠣᠲᠣᠷ᠎ᠠ᠂

ᠳᠤᠮᠳᠠ ᠬᠦᠨᠳᠦ ᠬᠡᠮᠵᠢᠶᠡᠨ ᠤ ᠬᠤᠵᠢᠷᠯᠢᠭ ᠭᠠᠵᠠᠷ 50% ᠠᠴᠠ ᠳᠡᠭᠡᠭᠰᠢᠬᠢ ᠶᠢ ᠡᠵᠡᠯᠡᠵᠦ ᠪᠠᠶᠢᠳᠠᠭ᠃ ᠲᠥᠪᠯᠡᠷᠡᠭᠦᠯᠦᠨ ᠵᠠᠯᠭᠠᠯᠳᠤᠭᠤᠯᠵᠤ ᠥᠨᠳᠥᠷ

ᠪᠠᠷᠢᠮᠵᠢᠶ᠎ᠠ ᠪᠠᠷ ᠴᠡᠭᠴᠡᠯᠡᠨ ᠵᠠᠰᠠᠬᠤ ᠪᠠᠷ ᠳᠠᠮᠵᠢᠭᠤᠯᠤᠨ᠂ ︽ᠳᠣᠣᠷ᠎ᠠ ᠨᠢ ᠡᠰᠢ ᠰᠦᠷᠡᠯ ᠳᠡᠪᠢᠰᠴᠦ ᠳᠡᠭᠡᠷ᠎ᠡ ᠨᠢ ᠪᠦᠷᠬᠦᠪᠴᠢ ᠪᠦᠷᠬᠦᠬᠦ︾ ᠪᠠ ︽ᠳᠠᠯᠳᠠ

ᠬᠤᠭᠤᠯᠠᠢ ᠪᠠᠷ ᠬᠤᠵᠢᠷ ᠢ ᠭᠠᠳᠠᠭᠰᠢᠯᠠᠭᠤᠯᠬᠤ︾ ᠵᠡᠷᠭᠡ ᠮᠡᠷᠭᠡᠵᠢᠯ ᠢ ᠵᠡᠷᠭᠡ ᠪᠠᠷ ᠬᠡᠷᠡᠭᠵᠢᠭᠦᠯᠦᠭᠰᠡᠨ ᠠᠴᠠ ᠥᠩᠭᠡᠷᠡᠭᠰᠡᠨ ᠤ ᠬᠤᠵᠢᠷᠯᠢᠭ ᠭᠠᠵᠠᠷ ᠳᠠᠬᠢᠨᠲᠠ

ᠠᠮᠢᠵᠢᠷᠠᠯ ᠤᠨ ᠬᠦᠴᠦᠨ ᠲᠠᠢ ᠪᠣᠯᠪᠠ᠃ ᠲᠤᠰ ᠲᠣᠰᠬᠤᠨ ᠤ ᠨᠠᠮ ᠤᠨ ᠡᠭᠦᠷ ᠤᠨ ᠱᠦᠵᠢ ᠫᠠᠨ ᠵᠢᠩ ᠵᠥᠩ ᠰᠤᠷᠪᠤᠯᠵᠢᠯᠠᠬᠴᠢ ᠳᠤ᠄ ︽ᠬᠤᠵᠢᠷᠯᠢᠭ ᠭᠠᠵᠠᠷ ᠢ

ᠰᠠᠶᠢᠵᠢᠷᠠᠭᠤᠯᠤᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ

ᠦᠨ᠎ᠡ ᠨᠢ ᠤᠤᠯ ᠤᠨ 300 ᠲᠥᠭᠦᠷᠢᠭ ᠪᠠᠶᠢᠭᠰᠠᠨ ᠠᠴᠠ ᠪᠠᠨ ᠣᠲᠣ 1000 ᠲᠥᠭᠦᠷᠢᠭ ᠪᠣᠯᠵᠤ᠂ ᠨᠡᠷᠡᠨ ᠬᠤᠸᠠᠷ ᠤᠨ ᠮᠦ ᠳᠤᠮᠳᠠᠴᠢ ᠶᠢᠨ ᠤᠨᠠᠯᠲᠠ ᠨᠢ

ᠤᠤᠯ ᠤᠨ 100 ᠵᠢᠩ ᠪᠠᠶᠢᠭᠰᠠᠨ ᠠᠴᠠ ᠪᠠᠨ ᠣᠲᠣ ᠶᠢᠨ 400 ᠵᠢᠩ ᠪᠣᠯᠵᠤ᠂ ᠨᠢᠭᠡᠳᠦᠯᠲᠡᠢ ᠭᠠᠵᠠᠷ ᠤᠷᠪᠠᠭᠤᠯᠬᠤ᠂ ᠨᠢᠭᠡᠳᠦᠯᠲᠡᠢ ᠡᠮ ᠰᠠᠴᠤᠬᠤ᠂ ᠨᠢᠭᠡᠳᠦᠯᠲᠡᠢ

ᠳᠠᠷᠢᠬᠤ ᠪᠠᠷ ᠳᠡᠮᠵᠢᠨ᠂ ᠲᠠᠷᠢᠶᠠᠴᠢᠳ ᠤᠨ ᠦᠢᠯᠡᠳᠪᠦᠷᠢᠯᠡᠯ ᠤᠨ ᠥᠪᠡᠷ ᠤᠨ ᠥᠷᠲᠡᠭ 30% ᠪᠠᠷ ᠪᠠᠭᠤᠷᠠᠵᠤ᠂ ᠣᠷᠣᠯᠭ᠎ᠠ ᠨᠢ 40% ᠪᠠᠷ ᠨᠡᠮᠡᠭᠳᠡᠵᠡᠢ︾ ᠭᠡᠪᠡ᠃

    ᠡᠳᠦᠭᠡ ᠠᠢ ᠭᠦᠸᠧ ᠲᠣᠰᠬᠤᠨ ᠤ ᠲᠠᠷᠢᠶᠠᠨ ᠭᠠᠵᠠᠷ ᠢ ᠴᠢᠭᠯᠡᠨ ᠠᠯᠬᠤᠬᠤ ᠳᠤ ᠠᠯᠤᠰ ᠠᠴᠠ ᠳᠥᠷᠪᠡᠯᠵᠢᠨ ᠬᠦᠷᠢᠶᠡᠲᠦ ᠳᠠᠷᠢᠶ᠎ᠠ᠂ ᠢᠭᠴᠤ ᠰᠠᠬᠤᠯᠢᠭ ᠤᠢ

ᠮᠣᠳᠣ᠂ ᠨᠡᠪᠲᠡᠷᠡᠯᠴᠡᠭᠰᠡᠨ ᠰᠤᠪᠠᠭ᠂ ᠰᠦᠯᠵᠢᠯᠳᠦᠭᠰᠡᠨ ᠵᠠᠮ᠂ ᠤᠰᠤᠯᠠᠬᠤ ᠳᠤᠨᠤᠭ᠂ ᠤᠰᠤ ᠶᠢ ᠲᠠᠲᠠᠷᠠᠭᠤᠯᠬᠤ ᠲᠥᠬᠦᠭᠡᠷᠦᠮᠵᠢ᠂ ᠬᠤᠵᠢᠷ ᠢ ᠪᠠᠭᠠᠰᠬᠠᠭᠰᠠᠨ ᠭᠠᠵᠠᠷ᠂

ᠥᠩ ᠰᠢᠮᠡᠯᠢᠭ ᠬᠥᠷᠥᠰᠥ ᠰᠢᠷᠣᠢ ᠲᠣᠳᠣᠬᠠᠨ ᠬᠠᠷᠠᠭᠳᠠᠨ᠎ᠠ᠃ ︽ᠨᠢᠳᠤᠨᠤᠨ ᠪᠢ ᠰᠠᠶᠢᠵᠢᠷᠠᠭᠤᠯᠤᠭᠰᠠᠨ ᠤ ᠳᠠᠷᠠᠭᠠᠬᠢ ᠬᠤᠵᠢᠷᠯᠢᠭ ᠭᠠᠵᠠᠷ ᠲᠤ 60 ᠭᠠᠷᠤᠢ ᠮᠦ

ᠯᠠᠵᠤᠤ ᠲᠠᠷᠢᠪᠠ᠂ ᠮᠦ ᠳᠤᠮᠳᠠᠴᠢ ᠶᠢᠨ ᠴᠡᠪᠡᠷ ᠣᠷᠣᠯᠭ᠎ᠠ 3000 ᠭᠠᠷᠤᠢ ᠲᠥᠭᠦᠷᠢᠭ ᠲᠤ ᠬᠦᠷᠴᠡᠢ᠂ ᠥᠩᠭᠡᠷᠡᠭᠰᠡᠨ ᠳᠤ ᠪᠣᠯ ᠡᠨᠡ ᠴᠢᠨᠢ ᠯᠠᠪᠲᠠᠢ ᠪᠣᠯᠣᠯᠴᠠᠭ᠎ᠠ

ᠦᠭᠡᠢ ᠦᠭᠡᠢ ᠰᠢᠤ︾ ᠭᠡᠵᠦ ᠠᠢ ᠭᠦᠸᠧ ᠲᠣᠰᠬᠤᠨ ᠤ ᠠᠷᠠᠳ ᠵᠠᠩ ᠭᠦᠸᠧ ᠬᠤᠸᠠ ᠪᠠᠶᠠᠷᠲᠠᠢ ᠬᠡᠯᠡᠨ᠎ᠡ᠃

     ᠣᠶᠢᠯᠠᠭᠠᠭᠰᠠᠨ ᠢᠶᠠᠷ᠂ ᠪᠦᠬᠦᠯᠢ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂

ᠪᠠᠶᠠᠨᠨᠠᠭᠤᠷ ᠬᠤᠲᠠ ᠪᠦᠬᠦᠯᠢ ᠤᠰᠤᠯᠠᠯᠲᠠ ᠶᠢᠨ ᠣᠷᠣᠨ ᠤ ᠬᠤᠵᠢᠷᠯᠢᠭ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ 60 ᠲᠦᠮᠡᠨ

ᠮᠦ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠲᠣᠰ

ᠬᠤᠲᠠ ᠳᠤ ᠪᠠᠶᠢᠭᠤᠯᠤᠭᠰᠠᠨ ︽ᠨᠢᠭᠡ ᠰᠤᠳᠤᠯᠤᠨ ᠨᠡᠭᠡᠭᠡᠬᠦ ᠲᠥᠪ᠂ ᠳᠥᠷᠪᠡᠨ ᠲᠤᠷᠰᠢᠯᠲᠠ ᠶᠢᠨ ᠥᠷᠲᠡᠭᠡ︾ ᠳᠤ ᠲᠦᠰᠢᠭᠯᠡᠨ᠂ ᠬᠤᠵᠢᠷᠯᠢᠭ ᠭᠠᠵᠠᠷ ᠢ ᠶᠡᠷᠦᠩᠬᠡᠶᠢᠯᠡᠨ

ᠠᠰᠢᠭᠯᠠᠬᠤ ᠰᠢᠨ᠎ᠡ ᠵᠠᠭᠪᠤᠷ ᠰᠢᠨ᠎ᠡ ᠠᠷᠭ᠎ᠠ ᠵᠠᠮ ᠢ ᠬᠠᠮᠵᠢᠯᠴᠠᠨ ᠥᠷᠨᠢᠭᠦᠯᠬᠦ ᠪᠠᠷ ᠪᠠᠶᠢᠨ᠎ᠠ᠃ ᠰᠢᠨᠵᠢᠯᠡᠬᠦ ᠤᠬᠠᠭᠠᠨᠴᠢ ᠨᠠᠶᠢᠷᠠᠯᠭ᠎ᠠ ᠶᠢᠨ ᠮᠡᠷᠭᠡᠵᠢᠯ ᠢ ᠬᠡᠷᠡᠭᠯᠡᠨ

ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢᠨ ᠭᠠᠵᠠᠷ ᠤᠨ ᠬᠦᠴᠦ ᠶᠢ ᠳᠡᠭᠡᠭᠰᠢᠯᠡᠭᠦᠯᠭᠦ ᠳᠤ ᠲᠣᠬᠢᠷᠠᠬᠤ ᠨᠢᠭᠡ ᠢᠵᠢ ᠲᠠᠷᠢᠶᠠᠯᠠᠬᠤ

ᠵᠠᠭᠪᠤᠷ ᠢ ᠪᠦᠷᠢᠯᠳᠦᠭᠦᠯᠵᠦ᠂ ᠲᠠᠷᠢᠶᠠᠨ ᠭᠠᠵᠠᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ

ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃

     ︽ᠲᠠᠷᠠᠭᠠᠴᠢ ᠶᠢᠨ ᠠᠯᠬᠤᠮ ᠳᠤ᠂ ᠪᠢᠳᠡ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠢ ᠲᠣᠪᠤᠶᠢᠯᠭᠠᠨ ᠬᠥᠭᠵᠢᠭᠦᠯᠵᠦ᠂ ︿ᠦᠷ᠎ᠡ ᠪᠣᠶᠢᠵᠢᠭᠤᠯᠬᠤ﹀ ᠪᠠ

︿ᠭᠠᠵᠠᠷ ᠢ ᠵᠠᠰᠠᠬᠤ﹀ ᠬᠤᠶᠠᠷ ᠵᠠᠩᠭᠢᠯᠠᠭ᠎ᠠ ᠶᠢ ᠠᠳᠬᠤᠵᠤ᠂ ᠠᠮᠢ ᠠᠬᠤᠢ ᠪᠠ ᠦᠢᠯᠡᠳᠪᠦᠷᠢᠯᠡᠯ᠂ ᠵᠠᠰᠠᠯᠲᠠ ᠪᠠ ᠠᠰᠢᠭᠯᠠᠯᠲᠠ᠂ ᠣᠬᠤᠷ ᠬᠤᠭᠤᠴᠠᠭ᠎ᠠ ᠪᠠ ᠣᠷᠳᠣ

ᠬᠤᠭᠤᠴᠠᠭ᠎ᠠ ᠭᠤᠷᠪᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠰᠤᠨ ᠤ ᠡᠬᠢ ᠪᠠᠶᠠᠯᠢᠭ᠂ ᠪᠡᠯᠡ ᠮᠥᠩᠭᠦ᠂

ᠪᠠᠶᠢᠭᠤᠯᠤᠮᠵᠢ ᠲᠣᠭᠲᠠᠴᠠ ᠵᠡᠷᠭᠡ ᠳᠥᠷᠪᠡᠨ ᠶᠡᠭᠡ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠤᠰᠤ ᠶᠢ ᠠᠷᠪᠢᠯᠠᠬᠤ ᠮᠠᠶ᠋ᠢᠭ ᠢᠶᠠᠷ ᠤᠰᠤᠯᠠᠬᠤ ᠪᠠ ᠬᠤᠵᠢᠷ ᠢ ᠠᠷᠢᠯᠭᠠᠬᠤ᠂

ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠪᠣᠬᠢᠷᠳᠤᠯ ᠦᠭᠡᠢ ᠪᠣᠷᠳᠣᠭᠤᠷ ᠡᠪᠡᠰᠦ ᠳᠠᠷᠢᠬᠤ᠂ ᠬᠢᠮᠢ ᠶᠢᠨ ᠠᠷᠭ᠎ᠠ ᠪᠠᠷ ᠬᠤᠵᠢᠷ ᠢ ᠵᠠᠰᠠᠬᠤ᠂ ᠬᠤᠳᠳᠤᠭ ᠢᠶᠠᠷ

ᠤᠰᠤᠯᠠᠵᠤ ᠬᠤᠳᠳᠤᠭ ᠲᠤ ᠭᠠᠳᠠᠭᠰᠢᠯᠠᠭᠤᠯᠬᠤ 5 ᠵᠦᠢᠯ ᠤᠨ ᠵᠠᠭᠪᠤᠷ ᠢ ᠳᠡᠯᠭᠡᠷᠡᠭᠦᠯᠵᠦ᠂ ᠪᠦᠬᠦᠯᠢ ᠤᠰᠤᠯᠠᠯᠲᠠ ᠶᠢᠨ ᠣᠷᠣᠨ ᠳᠠᠬᠢ ᠥᠨᠳᠥᠷ ᠪᠠᠷᠢᠮᠵᠢᠶᠠᠲᠤ

ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠵᠢᠷᠯᠢᠭ ᠭᠠᠵᠠᠷ ᠢ ᠰᠠᠶᠢᠵᠢᠷᠠᠭᠤᠯᠵᠤ ᠶᠡᠷᠦᠩᠬᠡᠶᠢᠯᠡᠨ ᠠᠰᠢᠭᠯᠠᠬᠤ ᠤᠯᠤᠰ ᠤᠨ ᠲᠤᠷᠰᠢᠯᠲᠠ ᠶᠢ

ᠢᠳᠡᠪᠬᠢᠲᠡᠢ ᠴᠢᠷᠮᠠᠶᠢᠨ ᠣᠯᠵᠤ᠂ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠶᠢ ᠬᠤᠷᠢᠭᠯᠠᠨ᠎ᠠ︾ ᠭᠡᠵᠦ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋

ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠢᠯᠡᠳᠬᠡᠪᠡ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ