ᠰᠢ ᠶᠢᠨ ᠫᠢᠩ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ
  
2024/11/28

       ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ

26᠎ ᠤ ᠴᠠᠭᠢᠯᠭᠠᠨ ᠮᠡᠳᠡᠭᠡ   11 ᠰᠠᠷ᠎ᠠ ᠶᠢᠨ 26᠎ ᠤ ᠦᠳᠡ ᠶᠢᠨ

ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠎ ᠶᠢᠨ ᠫᠢᠩ

ᠪᠡᠭᠡᠵᠢᠩ ᠤᠨ ᠳ᠋ᠢᠶᠣᠣ ᠢᠦᠢ ᠎ ᠲᠠᠢ ᠲᠦᠷᠦ ᠶᠢᠨ ᠵᠣᠴᠢᠳ ᠤᠨ

ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ

ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ 

ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ ᠃

501.jpg

 

      11 ᠰᠠᠷ᠎ᠠ ᠶᠢᠨ 26᠎ ᠤ ᠦᠳᠡ ᠶᠢᠨ ᠬᠤᠶᠢᠨ᠎ᠠ ᠂ ᠤᠯᠤᠰ ᠤᠨ

ᠲᠡᠷᠢᠭᠦᠯᠡᠭᠴᠢ ᠰᠢ ᠎ ᠶᠢᠨ ᠫᠢᠩ ᠪᠡᠭᠡᠵᠢᠩ ᠤᠨ ᠳ᠋ᠢᠶᠣᠣ ᠢᠦᠢ 

᠎ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ

ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ

ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ

ᠠᠭᠤᠯᠵᠠᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   

ᠬᠤᠸᠠᠩ ᠵᠢᠩ ᠸᠧᠨ   ᠰᠡᠭᠦᠳᠡᠷᠯᠡᠪᠡ

     ᠰᠢ ᠎ ᠶᠢᠨ ᠫᠢᠩ ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠨ

ᠳᠣᠲᠣᠷ᠎ᠠ ᠰᠠᠮᠤᠶᠠ ᠪᠣᠯ ᠰᠢᠨ᠎ᠡ ᠳᠤᠮᠳᠠᠳᠤ ᠤᠯᠤᠰ ᠲᠠᠢ

ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠪᠦᠯᠦᠭ

ᠤᠯᠤᠰ ᠤᠨ ᠨᠢᠭᠡ ᠪᠣᠯᠣᠨ᠎ᠠ ᠃ ᠭᠠᠳᠠᠭᠠᠳᠤ ᠬᠠᠷᠢᠯᠴᠠᠭ᠎ᠠ

ᠪᠠᠶᠢᠭᠤᠯᠤᠭᠰᠠᠨ 50 ᠰᠢᠬᠠᠮ ᠵᠢᠯ ᠤᠨ ᠲᠤᠷᠰᠢ ᠂ ᠬᠤᠶᠠᠷ

ᠤᠯᠤᠰ ᠢᠶᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ

ᠪᠠᠲᠤᠯᠠᠵᠤ ᠂ ᠢᠮᠠᠭᠲᠠ ᠬᠠᠷᠢᠯᠴᠠᠨ ᠭᠦᠨᠳᠦᠳᠭᠡᠵᠦ ᠂ ᠡᠷᠬᠡ

ᠲᠡᠭᠰᠢ ᠪᠠᠷ ᠬᠠᠨᠳᠤᠵᠤ ᠂ ᠬᠠᠮᠲᠤᠷᠠᠯᠴᠠᠵᠤ ᠬᠠᠮᠲᠤ ᠪᠠᠷ ᠠᠰᠢᠭ

ᠭᠥᠷᠳᠡᠭᠰᠡᠭᠡᠷ ᠢᠷᠡᠵᠠᠢ ᠃ ᠳᠤᠮᠳᠠᠳᠤ ᠤᠯᠤᠰ ᠲᠣᠮᠣ ᠤᠯᠤᠰ

ᠵᠢᠵᠢᠭ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠂ ᠴᠥᠮ

ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠶᠢ

ᠪᠡᠶᠡᠯᠡᠭᠦᠯᠬᠦ ᠡᠷᠬᠡ ᠲᠠᠢ ᠭᠡᠳᠡᠭ ᠢ ᠢᠮᠠᠭᠲᠠ

ᠰᠠᠨᠠᠭᠠᠴᠢᠯᠠᠭᠰᠠᠭᠠᠷ ᠢᠷᠡᠭᠰᠡᠨ ᠶᠤᠮ ᠃ ᠳᠤᠮᠳᠠᠳᠤ ᠤᠯᠤᠰ

ᠰᠠᠮᠤᠶᠠ ᠶᠢᠨ ᠬᠢᠨ ᠤ ᠲᠤᠰ ᠤᠯᠤᠰ ᠤᠨ ᠢᠶᠠᠨ ᠡᠷᠬᠡ ᠮᠡᠳᠡᠯ

ᠪᠣᠯᠣᠨ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ ᠂ ᠲᠤᠰ

ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ

ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠨ

ᠰᠦᠪᠡᠭᠴᠢᠯᠡᠬᠦ ᠶᠢ ᠡᠷᠡᠰ ᠲᠡᠮᠵᠢᠵᠥ ᠂ ᠳᠤᠷᠠᠲᠠᠶ᠎ᠠ

ᠰᠠᠮᠤᠶᠠ ᠶᠢᠨ ᠬᠢᠨ ᠲᠠᠢ ᠬᠠᠷᠢᠯᠴᠠᠨ ᠭᠦᠨᠳᠦᠳᠭᠡᠵᠦ

ᠬᠠᠷᠢᠯᠴᠠᠨ ᠢᠲᠡᠭᠡᠬᠦ ᠶᠢ ᠪᠠᠷᠢᠮᠲᠠᠯᠠᠵᠤ ᠂ ᠲᠦᠷᠦ ᠶᠢ

ᠵᠠᠰᠠᠵᠤ ᠵᠠᠰᠠᠭ ᠢ ᠡᠷᠭᠢᠯᠡᠭᠦ ᠪᠠ ᠬᠥᠭᠵᠢᠯᠲᠡ ᠶᠢᠨ

ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ 

ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ

ᠪᠣᠷᠣ ᠲᠥᠯᠥᠪ ᠤᠨ ᠳᠣᠲᠣᠷ᠎ᠠ ᠰᠠᠮᠤᠶᠠ ᠶᠢᠨ ᠠᠵᠤ ᠠᠬᠤᠢ

ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠳᠡᠮᠵᠢᠯᠭᠡ

ᠬᠠᠩᠭᠠᠵᠤ ᠂ ᠠᠵᠤ ᠠᠬᠤᠢ ᠠᠷᠠᠯᠵᠢᠶ᠎ᠠ ᠂ ᠪᠡᠯᠡ ᠣᠷᠣᠭᠤᠯᠤᠯᠲᠠ ᠂ 

ᠲᠠᠷᠢᠶᠠᠯᠠᠩ ᠵᠢᠭᠠᠰᠤᠨ ᠤ ᠦᠢᠯᠡᠰ ᠵᠡᠷᠭᠡ ᠬᠦᠷᠢᠶᠡᠨ ᠤ ᠳᠠᠯᠳᠠ

ᠬᠦᠴᠦᠨ ᠢ ᠭᠦᠨᠵᠡᠭᠡᠢ ᠠᠭᠤᠳᠠᠯᠵᠤ ᠂ ᠬᠠᠷᠢᠯᠴᠠᠨ ᠠᠰᠢᠭᠲᠠᠢ

ᠬᠠᠮᠲᠤᠷᠠᠯᠴᠠᠭ᠎ᠠ ᠶᠢ ᠥᠷᠭᠡᠳᠬᠡᠵᠦ ᠂ ᠬᠠᠮᠲᠤ ᠶᠢᠨ

ᠬᠥᠭᠵᠢᠯᠲᠡ ᠶᠢ ᠪᠡᠶᠡᠯᠡᠭᠦᠯᠦᠨ᠎ᠡ ᠃ ᠬᠤᠶᠠᠷ

ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ

ᠲᠣᠯᠢᠯᠠᠬᠤ ᠶᠢ ᠠᠬᠢᠭᠤᠯᠵᠤ ᠂ ᠰᠤᠷᠭᠠᠨ ᠬᠥᠮᠦᠵᠢᠯ ᠂ ᠰᠣᠶᠣᠯ ᠂ 

ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ

ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ 

ᠳᠤᠮᠳᠠᠳᠤ ᠰᠠᠮᠤᠶᠠ ᠶᠢᠨ ᠪᠦᠭᠦ ᠲᠠᠯ᠎ᠠ ᠶᠢᠨ ᠪᠠᠶᠢᠯᠳᠤᠬᠤ

ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ

ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠭᠡᠵᠦ

ᠵᠢᠭᠠᠵᠤ ᠭᠠᠷᠭᠠᠪᠠ ᠃

      ᠰᠢ ᠶᠢᠨ ᠫᠢᠩ ᠂ ᠳᠤᠮᠳᠠᠳᠤ ᠤᠯᠤᠰ ᠨᠣᠮᠣᠬᠠᠨ ᠲᠠᠯᠠᠢ ᠶᠢᠨ

ᠠᠷᠠᠯᠲᠤ ᠤᠯᠤᠰ ᠤᠳ ᠲᠤ ︽ ᠳᠥᠷᠪᠡ ᠶᠢ ᠭᠦᠢᠴᠡᠳ ᠬᠦᠨᠳᠦᠳᠬᠡᠬᠦ︾

ᠵᠠᠷᠴᠢᠮ ᠢ ᠪᠠᠷᠢᠮᠲᠠᠯᠠᠵᠤ ᠂ ᠨᠣᠮᠣᠬᠠᠨ ᠲᠠᠯᠠᠢ ᠶᠢᠨ ᠠᠷᠠᠯᠲᠤ

ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠤ ᠤᠯᠤᠰ

ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠂ 

ᠠᠯᠪᠠᠳᠠᠯᠭ᠎ᠠ ᠪᠠᠷ ᠲᠤᠯᠭᠠᠬᠤ ᠦᠭᠡᠢ᠂ ︽ ᠬᠤᠭᠤᠰᠤᠨ

ᠠᠮᠠᠯᠠᠯᠲᠠ︾ ᠬᠢᠬᠦ ᠦᠭᠡᠢ ᠃ ᠨᠣᠮᠣᠬᠠᠨ ᠳᠠᠯᠠᠢ ᠶᠢᠨ ᠠᠷᠠᠯᠲᠤ

ᠤᠯᠤᠰ ᠤᠳ ᠲᠤ ᠠᠪᠬᠤ ᠳᠤᠮᠳᠠᠳᠤ ᠤᠯᠤᠰ ᠤᠨ ᠲᠦᠷᠦ ᠶᠢᠨ

ᠪᠣᠳᠣᠯᠭ᠎ᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ ᠂ 

ᠠᠮᠢᠨᠴᠢᠷ ᠰᠠᠨᠠᠭ᠎ᠠ ᠦᠭᠡᠢ ᠂ ᠭᠤᠷᠪᠠᠳᠤᠭᠠᠷ ᠡᠲᠡᠭᠡᠳ ᠲᠤ

ᠴᠢᠭᠯᠡᠭᠦᠯᠬᠦ ᠦᠭᠡᠢ ᠂ ᠭᠠᠵᠠᠷ ᠣᠷᠣᠨ ᠤ ᠪᠤᠯᠢᠶᠠᠯᠳᠤᠭᠠᠨ ᠪᠠ

ᠡᠷᠬᠡᠰᠢᠶᠡᠯ ᠤᠨ ᠬᠦᠷᠢᠶ᠎ᠡ ᠬᠡᠪᠴᠢᠶ᠎ᠡ ᠭᠠᠷᠭᠠᠬᠤ ᠦᠭᠡᠢ ᠃ 

ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ

ᠤᠯᠤᠰ ᠤᠳ ᠢ ᠬᠠᠪᠰᠤᠷᠤᠨ ᠠᠭᠤᠷ ᠠᠮᠢᠰᠬᠤᠯ ᠤᠨ

ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ

ᠳᠡᠭᠡᠭᠰᠢᠯᠡᠭᠦᠯᠭᠦ ᠶᠢ ᠤᠷᠢᠳ ᠢᠶᠠᠷ ᠬᠠᠮᠲᠤᠷᠠᠯᠴᠠᠬᠤ

ᠬᠦᠷᠢᠶ᠎ᠡ ᠪᠤᠯᠭᠠᠵᠤ᠂ ︽ᠤᠯᠠᠨ ᠤᠯᠤᠰ ᠤᠨ ᠬᠤᠯᠪᠣᠭᠠᠲᠤ

ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ

ᠪᠦᠳᠦᠭᠦᠪᠴᠢ ᠨᠡᠶᠢᠲᠡ ᠶᠢᠨ ᠭᠡᠷ᠎ᠡ ︾ ᠵᠢᠴᠢ ︽ ᠫᠠᠷᠢᠰ ᠤᠨ

ᠬᠡᠯᠡᠯᠴᠡᠭᠡᠷ︾᠎ ᠢ ᠪᠦᠭᠦ ᠲᠠᠯ᠎ᠠ ᠪᠠᠷ ᠪᠦᠲᠦᠮᠵᠢᠲᠡᠢ

ᠬᠡᠷᠡᠭᠵᠢᠭᠦᠯᠬᠦ ᠶᠢ ᠠᠬᠢᠭᠤᠯᠵᠤ ᠂ ᠬᠠᠮᠲᠤ ᠶᠢᠨ ᠪᠤᠯᠪᠠᠴᠤ

ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ

ᠬᠠᠮᠠᠭᠠᠯᠠᠵᠤ ᠂ ᠲᠥᠪ ᠭᠤᠣᠯᠴᠢ ᠰᠢᠳᠤᠷᠭᠤ ᠶᠣᠰᠣ ᠪᠠ ᠪᠦᠭᠦ

ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ

ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠭᠠᠷ

ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ

ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ

ᠴᠢᠬᠤᠯᠠᠴᠢᠯᠠᠪᠠ ᠃

502.jpg

 

      11 ᠰᠠᠷ᠎ᠠ ᠶᠢᠨ 26᠎ ᠤ ᠦᠳᠡ ᠶᠢᠨ ᠬᠤᠶᠢᠨ᠎ᠠ ᠂ ᠤᠯᠤᠰ ᠤᠨ

ᠲᠡᠷᠢᠭᠦᠯᠡᠭᠴᠢ ᠰᠢ ᠎ ᠶᠢᠨ ᠫᠢᠩ ᠪᠡᠭᠡᠵᠢᠩ ᠤᠨ ᠳ᠋ᠢᠶᠣᠣ ᠢᠦᠢ 

᠎ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ

ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ

ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ

ᠠᠭᠤᠯᠵᠠᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ  ᠯᠢ

ᠰᠢᠶᠠᠩ   ᠰᠡᠭᠦᠳᠡᠷᠯᠡᠪᠡ

      ᠹᠢᠶᠠᠮᠸᠢ ᠂ ᠲᠡᠷᠢᠭᠦᠯᠡᠭᠴᠢ ᠰᠢ ᠎ ᠶᠢᠨ ᠫᠢᠩ ᠤᠨ ᠭᠠᠷᠮᠠᠭᠠᠢ

ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠯᠤᠲᠤ ᠶᠡᠭᠡ

ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ ᠂ ᠪᠦᠭᠦ

ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠥᠯᠢᠭᠡᠷ

ᠳᠠᠭᠤᠷᠢᠶᠠᠯ ᠪᠣᠯᠪᠠ ᠂ ᠰᠠᠮᠤᠶᠠ ᠶᠢᠨ ᠬᠢᠨ ᠳᠤᠷᠠᠲᠠᠶ᠎ᠠ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ

ᠢᠯᠠᠩᠭᠤᠶ᠎ᠠ ᠲᠡᠷᠢᠭᠦᠯᠡᠭᠴᠢ ᠰᠢ ᠎ ᠶᠢᠨ ᠫᠢᠩ ᠤᠨ ᠶᠠᠳᠠᠭᠤ

ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠪᠣᠬᠢᠷᠳᠤᠯ

ᠦᠭᠡᠢ ᠬᠥᠭᠵᠢᠯᠲᠡ ᠵᠡᠷᠭᠡ ᠲᠥᠷᠥ ᠶᠢ ᠵᠠᠰᠠᠵᠤ ᠵᠠᠰᠠᠭ ᠢ

ᠡᠷᠭᠢᠯᠡᠭᠦ ᠬᠤᠯᠪᠣᠭᠳᠠᠯ ᠪᠦᠬᠦᠢ ᠲᠤᠷᠰᠢᠯᠭ᠎ᠠ ᠶᠢ ᠰᠤᠷᠤᠯᠴᠠᠨ

ᠲᠣᠯᠢ ᠪᠣᠯᠭᠠᠨ᠎ᠠ ᠃ ᠳᠤᠮᠳᠠᠳᠤ ᠤᠯᠤᠰ ᠤᠨ ᠣᠷᠳᠣ ᠬᠤᠭᠤᠴᠠᠭᠠᠨ ᠤ

ᠲᠤᠷᠰᠢ ᠰᠠᠮᠤᠶᠠ ᠳᠤ ᠡᠷᠬᠢᠮ ᠨᠠᠨᠳᠢᠨ ᠬᠠᠪᠰᠤᠷᠤᠯᠭ᠎ᠠ

ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠂ 

ᠰᠠᠮᠤᠶᠠ ᠶᠢᠨ ᠬᠢᠨ ᠳᠤᠮᠳᠠᠳᠤ ᠤᠯᠤᠰ ᠤᠨ ᠪᠤᠰᠤᠳ ᠤᠯᠤᠰ ᠤᠨ

ᠳᠣᠲᠣᠭᠠᠳᠤ ᠶᠠᠪᠤᠳᠠᠯ ᠳᠤ ᠭᠠᠷ ᠥᠯᠥ ᠲᠦᠷᠦᠭᠦ ᠵᠠᠷᠴᠢᠮ ᠢ

ᠪᠠᠷᠢᠮᠲᠠᠯᠠᠵᠤ ᠂ ᠨᠣᠮᠣᠬᠠᠨ ᠲᠡᠯᠡᠶ ᠶᠢᠨ ᠠᠷᠠᠯᠲᠤ

ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠡᠭᠡᠨ ᠶᠠᠮᠠᠷ ᠴᠤ

ᠤᠯᠤᠰ ᠲᠥᠷᠥ ᠶᠢᠨ ᠨᠥᠬᠦᠴᠡᠯ ᠳᠠᠭᠠᠯᠳᠤᠭᠤᠯᠬᠤ ᠦᠭᠡᠢ ᠂ 

ᠶᠡᠷᠦ ᠠᠴᠠ ᠬᠡᠯᠡᠭᠰᠡᠨ ᠦᠭᠡᠨ ᠳᠡᠭᠡᠨ ᠰᠠᠭᠤᠵᠤ ᠂ 

ᠬᠡᠯᠡᠭᠰᠡᠨ ᠳᠡᠭᠡᠨ ᠭᠦᠷᠳᠡᠭ ᠢ ᠳᠡᠭᠡᠳᠦ ᠬᠡᠮᠵᠢᠶ᠎ᠡ ᠪᠠᠷ

ᠮᠠᠭᠲᠠᠨ ᠰᠠᠶᠢᠰᠢᠶᠠᠵᠤ ᠪᠠᠶᠢᠨ᠎ᠠ ᠃ ᠰᠠᠮᠤᠶᠠ ᠶᠢᠨ ᠬᠢᠨ ᠨᠢᠭᠡ

ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ ᠂ 

ᠲᠡᠷᠢᠭᠦᠯᠡᠭᠴᠢ ᠰᠢ ᠎ ᠶᠢᠨ ᠫᠢᠩ ᠤᠨ ᠳᠤᠷᠠᠳᠤᠭᠰᠠᠨ ᠪᠦᠭᠦ

ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ

ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ

ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ

ᠳᠡᠮᠵᠢᠨ᠎ᠠ ᠃ ᠰᠠᠮᠤᠶᠠ ᠶᠢᠨ ᠬᠢᠨ ᠳᠤᠮᠳᠠᠳᠤ ᠤᠯᠤᠰ ᠢ ᠴᠢᠬᠤᠯᠠ

ᠪᠠᠶᠢᠯᠳᠤᠬᠤ ᠪᠣᠳᠣᠯᠭ᠎ᠠ ᠶᠢᠨ ᠬᠠᠨᠢᠲᠠᠨ ᠢᠶᠠᠨ ᠪᠤᠯᠭᠠᠵᠤ ᠂ 

ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ

ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ

ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ ᠂ ᠬᠤᠶᠠᠷ

ᠤᠯᠤᠰ ᠤᠨ ᠬᠠᠷᠢᠯᠴᠠᠭ᠎ᠠ ᠶᠢᠨ ᠤᠯᠠᠮ ᠨᠢᠭᠡ ᠠᠯᠬᠤᠮ

ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ

ᠢᠯᠡᠳᠬᠡᠪᠡ ᠃

      ᠠᠭᠤᠯᠵᠠᠯᠲᠠ ᠶᠢᠨ ᠳᠠᠷᠠᠭ᠎ᠠ ᠂ ᠬᠤᠶᠠᠷ ᠲᠠᠯ᠎ᠠ ᠪᠠᠷ ᠢᠶᠠᠨ

︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ

ᠰᠠᠮᠤᠶᠠ ᠲᠤᠰᠠᠭᠠᠷ ᠲᠣᠭᠲᠠᠨᠢᠭᠰᠠᠨ ᠤᠯᠤᠰ ᠤᠨ ᠬᠠᠮᠲᠤᠷᠠᠭᠰᠠᠨ

ᠢᠯᠡᠷᠬᠡᠶᠢᠯᠡᠯᠲᠡ ︾ ᠨᠡᠶᠢᠲᠡᠯᠡᠪᠡ ᠃

      ᠸᠠᠩ ᠢ ᠠᠭᠤᠯᠵᠠᠯᠲᠠ ᠳᠤ ᠣᠷᠣᠯᠴᠠᠵᠠᠢ ᠃

 

   

 

 

  ᠥᠪᠥᠷ ᠮᠣᠩᠭᠤᠯ ᠤᠨ ᠡᠳᠦᠷ ᠤᠨ ᠰᠣᠨᠢᠨ