ᠬᠡᠨ ᠴᠢᠳᠠᠪᠤᠷᠢ ᠲᠠᠢ ᠪᠣᠯ ᠬᠡᠨ ᠤᠷᠤᠯᠴᠠᠵᠦ ᠬᠡᠨ ᠬᠢᠵᠦ ᠳᠡᠶᠢᠯᠪᠡᠯ ᠬᠡᠨ ᠢᠶᠠᠷ ᠭᠢᠯᠭᠡᠵᠤ ︽ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ︾ ᠪᠠᠷ ᠪᠣᠳᠠᠲᠠᠢ ᠠᠵᠢᠯ ᠬᠢᠭᠰᠡᠳ ᠢ ᠵᠣᠷᠢᠭᠵᠢᠭᠤᠯᠤᠨ ᠶᠡᠭᠡ ᠡᠭᠦᠷᠭᠡ ᠶᠢ ᠵᠣᠷᠢᠭᠲᠠᠢ ᠡᠭᠦᠷᠭᠡᠯᠡᠭᠦᠯᠦᠨ᠎ᠡ
ᠨᠡᠶᠢᠲᠡᠯᠡᠭᠰᠡᠨ ᠴᠠᠭ᠄
2024/11/30

      ᠰᠤᠷᠪᠤᠯᠵᠢᠯᠠᠬᠴᠢ ᠲᠦᠷᠦᠭᠦᠬᠡᠨ ᠯᠢᠨᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤᠨ ᠤ ᠨᠣᠭᠤᠭᠠᠨ ᠲᠣᠰᠬᠤᠨ ᠳᠤ ᠰᠢᠨ᠎ᠡ ᠪᠠᠷ ᠤᠭᠰᠠᠷᠠᠭᠰᠠᠨ ᠤᠰᠤ

ᠬᠡᠷᠡᠭᠯᠡᠬᠦ ᠬᠡᠮᠵᠢᠯᠲᠡ ᠶᠢᠨ ᠲᠥᠬᠦᠭᠡᠷᠦᠮᠵᠢ ᠠᠴᠠ ᠭᠠᠵᠠᠷ ᠳᠣᠣᠷᠠᠬᠢ ᠤᠰᠤᠨ ᠤ ᠶᠡᠷᠦᠩᠬᠡᠢ ᠬᠡᠮᠵᠢᠶ᠎ᠡ ᠪᠣᠯᠣᠨ ᠤᠰᠤ ᠬᠡᠷᠡᠭᠯᠡᠵᠦ ᠪᠠᠶᠢᠬᠤ ᠪᠠᠶᠢᠳᠠᠯ ᠢ ᠲᠣᠳᠣᠷᠬᠠᠢ

ᠣᠯᠵᠤ ᠬᠠᠷᠠᠭᠰᠠᠨ ᠪᠢᠯᠡ᠃

      ︽ᠤᠤᠯ ᠳᠠᠭᠠᠨ ᠤᠰᠤ ᠬᠡᠷᠡᠭᠯᠡᠬᠦ ᠬᠡᠮᠵᠢᠶ᠎ᠡ ᠶᠢ ᠣᠨᠣᠪᠴᠢᠲᠠᠢ ᠲᠥᠰᠥᠭᠡᠯᠡᠨ ᠪᠤᠳᠤᠬᠤ ᠶᠢᠨ ᠠᠷᠭ᠎ᠠ ᠦᠭᠡᠢ᠂ ᠭᠤᠣᠯᠳᠠᠭᠤ ᠤᠯᠠᠨ ᠵᠢᠯ ᠤᠨ ᠲᠤᠷᠰᠢᠯᠭ᠎ᠠ

 ᠳᠠᠭᠠᠨ ᠲᠦᠰᠢᠭᠯᠡᠳᠡᠭ ᠪᠠᠶᠢᠵᠠᠢ᠂ ᠡᠨᠡ ᠵᠢᠯ ᠲᠣᠰᠬᠤᠨ ᠤ ᠬᠢᠨ ᠭᠤᠣᠯ ᠪᠤᠯᠬᠤ ᠤᠰᠤᠨ ᠰᠤᠪᠠᠭ ᠳᠡᠭᠡᠷ᠎ᠡ ᠣᠶᠤᠨᠲᠤ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ᠂

ᠤᠯᠠᠨ ᠢᠶᠠᠷ ᠢᠶᠠᠨ ᠤᠰᠤ ᠬᠡᠷᠡᠭᠯᠡᠬᠦ ᠲᠠᠯ᠎ᠠ ᠪᠠᠷ ᠨᠠᠷᠢᠨ ᠲᠣᠳᠣᠷᠬᠠᠢ ᠪᠣᠯᠵᠠᠢ︾ ᠭᠡᠵᠦ ᠲᠣᠰᠬᠤᠨ ᠤ ᠠᠷᠠᠳ ᠸᠠᠩ ᠰᠢᠨ ᠮᠢᠨ ᠪᠠᠶᠠᠷᠲᠠᠢ ᠬᠡᠯᠡᠨ᠎ᠡ᠃

      ᠣᠶᠢᠯᠠᠭᠠᠭᠰᠠᠨ ᠢᠶᠠᠷ᠂ ᠡᠨᠡ ᠪᠣᠯ ᠲᠤᠬᠠᠢ ᠶᠢᠨ ᠭᠠᠵᠠᠷ ᠤᠨ ᠺᠠᠳ᠋ᠷᠴᠤᠳ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ

︽ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ︾ ᠠᠵᠢᠯᠯᠠᠭ᠎ᠠ ᠪᠠᠷ ᠳᠡᠮᠵᠢᠨ ᠭᠤᠶᠤᠴᠢᠯᠠᠭᠰᠠᠨ ︽ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠭᠢᠯᠭᠠᠨ

ᠬᠤᠳᠳᠤᠭ ᠤᠨ ᠭᠠᠵᠠᠷ ᠳᠣᠣᠷᠠᠬᠢ ᠤᠰᠤ ᠶᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠥᠷᠥᠯ ᠵᠦᠢᠯ︾ ᠪᠣᠯᠣᠨ᠎ᠠ᠂ ᠲᠥᠷᠥᠯ ᠵᠦᠢᠯ ᠤᠨ ᠭᠤᠶᠤᠴᠢᠯᠠᠭᠴᠢ

ᠪᠣᠯ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠦᠢ ᠶᠦᠩ ᠹᠧᠩ ᠪᠣᠯᠣᠨ᠎ᠠ᠃ ᠲᠦᠷᠦᠯ

ᠵᠦᠢᠯ ᠢᠶᠠᠨ ᠤᠷᠤᠭᠰᠢᠲᠠᠢ ᠪᠡᠶᠡᠯᠡᠭᠦᠯᠬᠦ ᠶᠢᠨ ᠲᠥᠯᠥᠭᠡ᠂ ᠰᠢᠦᠢ ᠶᠦᠩ ᠹᠧᠩ ᠮᠡᠷᠭᠡᠵᠢᠯ ᠥᠨᠳᠥᠷ ᠲᠤᠷᠰᠢᠯᠭ᠎ᠠ ᠰᠠᠶᠢᠲᠠᠢ ᠲᠢᠶᠠᠨᠵᠢᠨ᠂ ᠾᠧᠪᠧᠢ᠂ ᠨᠢᠩᠰᠢᠶᠠ ᠵᠡᠷᠭᠡ

ᠭᠠᠵᠠᠷ ᠲᠤ ᠬᠦᠷᠴᠦ ᠰᠤᠷᠤᠯᠴᠠᠨ᠂ ᠡᠳᠦᠷ ᠨᠢ ᠲᠤᠨᠤᠭ ᠲᠥᠬᠦᠭᠡᠷᠦᠮᠵᠢ ᠦᠵᠡᠵᠦ᠂ ᠲᠤᠭ᠎ᠠ ᠪᠠᠷᠢᠮᠲᠠ ᠠᠰᠠᠭᠤᠨ᠂ ᠣᠷᠣᠢ ᠨᠢ ᠵᠠᠳᠠᠯᠤᠯᠲᠠ ᠬᠢᠵᠦ᠂ ᠰᠡᠳᠬᠢᠴᠡ ᠪᠠᠨ

ᠲᠣᠳᠣᠷᠠᠭᠤᠯᠵᠤ᠂ ᠡᠴᠦᠰ ᠲᠡᠭᠡᠨ ᠲᠤᠬᠠᠢ ᠶᠢᠨ ᠭᠠᠵᠠᠷ ᠤᠨ ᠢᠶᠠᠨ ᠪᠣᠳᠠᠲᠤ ᠪᠠᠶᠢᠳᠠᠯ ᠳᠤ ᠨᠡᠶᠢᠴᠡᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠪᠠ᠃

3 ᠰᠠᠷ᠎ᠠ ᠶᠢᠨ ᠡᠬᠢ ᠪᠠᠷ ᠲᠣᠰ ᠲᠥᠷᠥᠯ ᠵᠦᠢᠯ ᠤᠨ ᠠᠵᠢᠯ ᠢ ᠤᠷᠤᠭᠰᠢᠲᠠᠢ ᠡᠬᠢᠯᠡᠭᠦᠯᠵᠦ᠂ 9 ᠰᠠᠷ᠎ᠠ ᠶᠢᠨ ᠡᠴᠦᠰ ᠪᠤᠯᠲᠠᠯ᠎ᠠ 3227 ᠢᠵᠢ ᠬᠡᠮᠵᠢᠯᠲᠡ ᠶᠢᠨ

ᠲᠥᠬᠦᠭᠡᠷᠦᠮᠵᠢ ᠶᠢ ᠪᠦᠭᠦᠨ ᠢ ᠤᠭᠰᠠᠷᠠᠵᠤ ᠳᠠᠭᠤᠰᠬᠠᠵᠠᠢ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠭᠢᠯᠭᠠᠨ ᠬᠤᠳᠳᠤᠭ ᠳᠡᠭᠡᠷ᠎ᠡ ᠨᠠᠷᠢᠯᠢᠭ ᠣᠨᠣᠴᠠᠲᠠᠢ

ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠪᠠᠷ ᠳᠠᠮᠵᠢᠭᠤᠯᠤᠨ᠂ ᠯᠢᠨ ᠾᠧ ᠲᠣᠭᠤᠷᠢᠭ ᠤᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠭᠠᠵᠠᠷ ᠳᠣᠣᠷᠠᠬᠢ

ᠤᠰᠤᠨ ᠤ ᠶᠡᠷᠦᠩᠬᠡᠢ ᠬᠡᠮᠵᠢᠶ᠎ᠡ ᠪᠠ ᠤᠰᠤᠨ ᠤ ᠲᠦᠪᠰᠢᠨ ᠢ ᠬᠢᠨᠠᠨ ᠬᠡᠮᠵᠢᠬᠦ ᠶᠢ ᠪᠦᠲᠦᠮᠵᠢᠲᠡᠶ ᠪᠡᠶᠡᠯᠡᠭᠦᠯᠪᠡ᠃

      ︽ᠲᠠᠷᠢᠶᠠᠨ ᠭᠠᠵᠠᠷ ᠤᠨ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠰᠤᠯᠠᠷᠠᠭᠤᠯᠵᠤ ᠪᠤᠯᠬᠤ ᠦᠭᠡᠢ᠃ ᠤᠰᠤᠨ ᠤ ᠡᠬᠢ ᠪᠠᠶᠠᠯᠢᠭ ᠤᠨ ᠬᠠᠲᠠᠭᠤ

ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠤᠨ᠂ ᠤᠰᠤ ᠬᠡᠷᠡᠭᠯᠡᠬᠦ ᠡᠷᠬᠡ ᠶᠢ ᠨᠠᠷᠢᠯᠢᠭᠵᠢᠭᠤᠯᠬᠤ ᠥᠭᠡᠷᠡᠴᠢᠯᠡᠯᠲᠡ ᠶᠢ ᠶᠠᠭ ᠭᠦᠨᠵᠡᠭᠡᠶᠢᠷᠡᠭᠦᠯᠦᠨ ᠠᠬᠢᠭᠤᠯᠵᠤ

ᠪᠠᠶᠢᠨ᠎ᠠ︾ ᠭᠡᠵᠦ ᠰᠢᠦᠢ ᠶᠦᠩ ᠹᠧᠩ ᠬᠡᠯᠡᠨ᠎ᠡ᠃ ︽︿ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ﹀ ᠪᠣᠯ ᠬᠠᠷᠢᠭᠤᠴᠠᠯᠭ᠎ᠠ ᠪᠥᠭᠡᠳ ᠳᠠᠪᠲᠠᠯᠲᠠ ᠮᠥᠨ᠂ ᠴᠢᠬᠤᠯᠠ

ᠶᠡᠭᠡ ᠲᠦᠷᠦᠯ ᠵᠦᠢᠯ ᠢ ᠥᠩᠭᠡᠷᠡᠭᠡᠭᠡᠳ᠂ ᠮᠢᠨᠤ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠨᠠᠩ ᠴᠢᠩᠭᠠᠷᠠᠵᠤ᠂ ᠲᠠᠷᠠᠭᠠᠴᠢ ᠶᠢᠨ ᠠᠯᠬᠤᠮ ᠤᠨ ᠠᠵᠢᠯ

 ᠳᠤ ᠭᠦᠢᠴᠡᠳ ᠮᠡᠷᠭᠡᠵᠢᠯ ᠮᠡᠳᠡᠯᠭᠡ ᠶᠢ ᠨᠥᠭᠡᠴᠡᠯᠡᠨ᠂ ᠮᠥᠨ ᠴᠣ᠋ ᠬᠤᠶᠢᠰᠢᠳᠠ ᠶᠢᠨ ᠠᠵᠢᠯ ᠶᠠᠪᠤᠳᠠᠯ ᠬᠢᠬᠦ ᠬᠦᠰᠡᠯ᠂ ᠠᠵᠢᠯ ᠶᠠᠪᠤᠳᠠᠯ ᠪᠦᠲᠦᠭᠡᠬᠦ ᠳᠤ ᠪᠠᠲᠤ ᠪᠠᠬᠢ

ᠦᠵᠡᠯ ᠰᠠᠨᠠᠭᠠᠨ ᠤ ᠰᠠᠭᠤᠷᠢ ᠲᠠᠯᠪᠢᠵᠠᠢ︾ ᠭᠡᠵᠦ ᠲᠠᠷᠠ ᠲᠥᠷᠥᠭᠳᠡᠯ ᠢᠶᠠᠨ ᠬᠤᠪᠢᠶᠠᠯᠴᠠᠵᠤ ᠭᠠᠷᠤᠯ᠎ᠠ᠃

      ᠪᠠᠶᠠᠨᠨᠠᠭᠤᠷ ᠬᠤᠳᠠ ᠳᠤ ᠰᠢᠦᠢ ᠶᠦᠩ ᠹᠧᠩ ᠰᠢᠭ ᠡᠶᠢᠮᠦᠷᠬᠦᠦ ᠬᠡᠪ ᠪᠣᠯᠪᠠᠰᠤᠷᠠᠯ ᠥᠨᠳᠥᠷ᠂ ᠳᠠᠯᠳᠠ ᠬᠦᠴᠦᠨ ᠶᠡᠭᠡ᠂ ᠡᠷᠴᠢ ᠵᠣᠷᠢᠭ ᠲᠡᠭᠦᠯᠳᠡᠷ ᠺᠠᠳ᠋ᠷ

ᠳᠠᠰᠤᠷᠠᠯᠳᠠ ᠦᠭᠡᠢ ᠴᠣᠯᠭᠤᠷᠠᠨ ᠭᠠᠷᠴᠤ ᠪᠤᠢ᠃ ᠭᠡᠷ ᠲᠡᠭᠡᠨ ︽ᠢᠳᠡᠬᠦ ᠪᠤᠳᠠᠭ᠎ᠠ ᠪᠠᠨ ᠬᠦᠯᠢᠶᠡᠵᠦ︾ ᠪᠠᠶᠢᠭᠰᠠᠨ ᠠᠴᠠ ᠵᠠᠬ᠎ᠠ ᠳᠡᠯᠭᠡᠭᠦᠷ ᠠᠴᠠ ︽ᠢᠳᠡᠬᠦ ᠪᠤᠳᠠᠭ᠎ᠠ

 ᠪᠠᠨ ᠡᠷᠢᠵᠦ︾᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ︾ ᠠᠵᠢᠯᠯᠠᠭ᠎ᠠ ᠭᠦᠷᠲᠡᠯ᠎ᠡ᠂

︽ᠬᠡᠨ ᠴᠢᠳᠠᠪᠤᠷᠢ ᠲᠠᠢ ᠪᠣᠯ ᠬᠡᠨ ᠤᠷᠤᠯᠴᠠᠵᠦ᠂ ᠬᠡᠨ ᠬᠢᠵᠦ ᠳᠡᠶᠢᠯᠪᠡᠯ ᠬᠡᠨ ᠢᠶᠠᠷ ᠬᠢᠯᠭᠡᠬᠦ︾ ᠢᠯᠡ ᠲᠣᠳᠣ ᠤᠳᠤᠷᠢᠳᠤᠮᠵᠢ ᠶᠢ ᠪᠤᠶ ᠪᠤᠯᠭᠠᠵᠤ᠂ ᠠᠵᠢᠯ ᠬᠢᠵᠦ

ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠵᠤ᠂ ︽ᠬᠠᠷᠢᠭᠤᠴᠠᠯᠭ᠎ᠠ ᠡᠭᠦᠷᠭᠡᠯᠡᠬᠦ ᠭᠡᠯᠪᠡᠷᠢ︾ ᠶᠢᠨ ᠺᠠᠳ᠋ᠷ ᠢ ᠶᠡᠭᠡ ᠪᠠᠷ ᠳᠠᠪᠲᠠᠨ

ᠪᠣᠯᠪᠠᠰᠤᠷᠠᠭᠤᠯᠪᠠ᠃

      ᠣᠶᠢᠯᠠᠭᠠᠭᠰᠠᠨ ᠢᠶᠠᠷ᠂ ᠦᠷ᠎ᠡ ᠪᠦᠲᠦᠮᠵᠢ ᠶᠢ ᠦᠨᠡᠯᠡᠨ ᠵᠢᠱᠢᠬᠦ ᠱᠠᠲᠤᠨ ᠳᠤ᠂ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠲᠥᠷᠥᠯ

ᠵᠦᠢᠯ ᠢ ᠠᠬᠢᠭᠤᠯᠤᠭᠠᠳ ᠢᠯᠡᠳᠲᠡ ᠠᠮᠵᠢᠯᠲᠠ ᠪᠦᠲᠦᠮᠵᠢ ᠣᠯᠣᠭᠰᠠᠨ ᠺᠠᠳ᠋ᠷ ᠢ ᠤᠷᠢᠳ ᠢᠶᠠᠷ ᠳᠡᠪᠰᠢᠭᠦᠯᠦᠨ ᠬᠡᠷᠡᠭᠯᠡᠵᠦ᠂ ᠵᠡᠷᠭᠡ ᠳᠡᠰ ᠳᠡᠪᠰᠢᠭᠦᠯᠵᠡᠢ᠃ 3 ᠰᠠᠷ᠎ᠠ

 ᠶᠢᠨ ᠳᠣᠲᠣᠷ᠎ᠠ ᠪᠣᠳᠠᠲᠠᠢ ᠠᠬᠢᠯᠲᠠ ᠦᠭᠡᠢ ᠲᠥᠷᠥᠯ ᠵᠦᠢᠯ ᠳᠤ᠂ ᠬᠠᠮᠲᠤᠷᠠᠭᠰᠠᠨ ᠬᠤᠷᠠᠯ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠦᠴᠦᠨ ᠦᠭᠡᠢ ᠪᠣᠯᠭᠠᠨ᠎ᠠ᠂

︽ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ︾ ᠠᠵᠢᠯᠯᠠᠭ᠎ᠠ ᠺᠠᠳ᠋ᠷ ᠲᠤ ᠨᠥᠯᠥᠭᠡ ᠪᠤᠯᠬᠤ ᠦᠭᠡᠢ᠂ ᠡᠶᠢᠨ ᠬᠦ ᠬᠤᠵᠢᠮ ᠤᠨ ᠰᠠᠨᠠᠭᠠᠰᠢᠷᠠᠯ ᠵᠣᠪᠠᠨᠢᠯ ᠢ ᠨᠢ ᠴᠣ᠋

ᠠᠷᠢᠯᠭᠠᠵᠠᠢ᠃

      ︽ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠢᠲᠡᠭᠡᠯ ᠵᠣᠷᠢᠭ ᠬᠦᠷᠦᠯᠴᠡᠬᠦ ᠦᠭᠡᠢ᠂ ᠲᠠᠪᠴᠠᠩ ᠤᠨ ᠠᠴᠢᠶᠠᠯᠠᠪᠤᠷᠢ ᠴᠥᠭᠡᠨ ᠪᠠᠶᠢᠬᠤ ᠵᠡᠷᠭᠡ ᠠᠰᠠᠭᠤᠳᠠᠯ

 ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠮᠠᠨ ᠤ ᠬᠤᠲᠠ ᠺᠠᠳ᠋ᠷ ᠤᠨ ︿ᠲᠤᠩᠬᠠᠭ ᠨᠡᠶᠢᠲᠡᠯᠡᠵᠦ ᠮᠠᠩᠯᠠᠶᠢᠯᠠᠭᠴᠢ ᠡᠯᠰᠡᠬᠦ﹀ ᠠᠵᠢᠯᠯᠠᠭ᠎ᠠ ᠶᠢ ᠭᠦᠨᠵᠡᠭᠡᠶᠢᠷᠡᠭᠦᠯᠦᠨ

ᠥᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠰᠢᠨᠵᠢᠯᠡᠬᠦ

ᠤᠬᠠᠭᠠᠨ ᠲᠸᠭᠨᠢᠭ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ᠂ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ

ᠠᠵᠢᠯ ᠢ ᠠᠵᠢᠯᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠺᠠᠳ᠋ᠷᠴᠤᠳ ᠤᠨ ᠥᠭᠡᠷᠡᠴᠢᠯᠡᠯᠲᠡ ᠬᠥᠭᠵᠢᠯᠲᠡ ᠶᠢᠨ ᠨᠢᠭᠡᠳᠦᠭᠡᠷ ᠹᠷᠣᠨᠲ ᠲᠤ ᠬᠤᠰᠢᠭᠤᠴᠢᠯᠠᠨ᠂

ᠥᠯᠢᠭᠡᠷ ᠳᠠᠭᠤᠷᠢᠶᠠᠯ ᠪᠤᠯᠬᠤ ᠶᠢ ᠵᠣᠷᠢᠭᠵᠢᠭᠤᠯᠵᠤ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢ ᠨᠢ ᠲᠠᠰᠤᠷᠠᠯᠲᠠ ᠦᠭᠡᠢ ᠬᠥᠪᠴᠢᠯᠡᠪᠡ︾ ᠭᠡᠵᠦ ᠪᠠᠶᠠᠨᠨᠠᠭᠤᠷ

ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠦᠦ ᠯᠢ ᠬᠤᠸᠠ ᠬᠡᠯᠡᠨ᠎ᠡ᠃

      ᠣᠳᠣᠬᠠᠨ ᠪᠤᠯᠲᠠᠯ᠎ᠠ ᠪᠠᠶᠠᠨᠨᠠᠭᠤᠷ ᠬᠤᠲᠠ ᠶᠢᠨ ᠨᠡᠶᠢᠲᠡ 149 ᠺᠠᠳ᠋ᠷ ᠲᠥᠷᠥᠯ ᠵᠦᠢᠯ ᠤᠨ ᠭᠤᠶᠤᠴᠢᠯᠠᠯ ᠤᠨ ᠪᠢᠴᠢᠭ ᠲᠤᠰᠢᠶᠠᠵᠤ ᠪᠤᠢ᠂ ᠡᠨᠡ ᠨᠢ 156

ᠲᠥᠷᠥᠯ ᠵᠦᠢᠯ ᠳᠤ ᠬᠤᠯᠪᠣᠭᠳᠠᠵᠤ ᠪᠤᠢ᠃ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠦᠭᠦ ᠬᠤᠲᠠ ᠨᠡᠶᠢᠲᠡ 83 ᠭᠤᠣᠯᠳᠠᠯᠭ᠎ᠠ ᠲᠠᠢ ᠲᠥᠷᠥᠯ ᠵᠦᠢᠯ ᠢ

ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠬᠤ ᠶᠢ ᠪᠠᠲᠤᠯᠠᠵᠤ᠂ 557.36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠨ᠂ ᠨᠢᠭᠡ ᠪᠦᠯᠦᠭ

ᠭᠤᠣᠯᠳᠠᠯᠭ᠎ᠠ ᠲᠠᠢ ᠲᠥᠷᠥᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠦᠵᠡᠭᠦᠯᠭᠦ ᠪᠣᠯᠣᠨ᠎ᠠ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ​