ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤᠷᠠᠳ ᠤᠨ ᠬᠤᠶᠢᠳᠤ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ  ᠪᠠᠶᠢᠳᠠᠯ ᠳᠤ  ᠪᠠᠶᠢᠴᠠᠭᠠᠨ ᠰᠤᠳᠤᠯᠤᠯᠲᠠ  ᠬᠢᠪᠠ
ᠨᠡᠶᠢᠲᠡᠯᠡᠭᠰᠡᠨ ᠴᠠᠭ᠄
2024/11/6

   

       ᠦᠢᠷ᠎ᠠ ᠳᠤ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ  ᠪᠠᠶᠢᠴᠠᠭᠠᠨ ᠰᠤᠳᠤᠯᠬᠤ ᠳᠤᠭᠤᠢᠯᠠᠩ ᠤᠨ ᠬᠢᠨ ᠂

ᠤᠷᠠᠳ ᠤᠨ  ᠬᠤᠶᠢᠳᠤ ᠬᠤᠰᠢᠭᠤᠨ ᠳᠤ ᠬᠦᠷᠴᠦ ︽ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ︾

 ᠶᠢᠨ  ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᡁᠢ ᠵᠥᠩ᠂

ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠤᠤ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

微信截图_20241106111857.png

        ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠰᠢᠩ ᠷᠠᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂

ᠪᠠᠶᠠᠨᠨᠠᠭᠤᠷ ᠤᠨ ᠹᠸᠢ ᠱᠠᠩ ᠵᠡᠰ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠸᠢ ᠮᠤᠤ ᠨᠡᠭᠦᠷᠡᠰᠦ ᠬᠢᠮᠢ ᠶᠢᠨ ᠠᠵᠤ ᠦᠢᠯᠡᠳᠪᠤᠷᠢ ᠶᠢᠨ

ᠬᠢᠵᠠᠭᠠᠷᠲᠤ ᠺᠣᠮᠫᠠᠨᠢ ᠵᠡᠷᠭᠡ ᠭᠠᠵᠠᠷ ᠪᠠᠷ ᠬᠦᠨᠵᠠᠬᠡᠶᠢᠷᠠᠵᠤ᠂ ᠤᠷᠠᠳ ᠤᠨ ᠬᠤᠶᠢᠲᠤ ᠬᠤᠰᠢᠭᠤᠨ ᠤ ᠠᠵᠤ  ᠦᠢᠯᠡᠳᠪᠤᠷᠢ ᠶᠢᠨ ᠠᠵᠤ ᠠᠬᠤᠶᠢᠯᠠᠯ ᠤᠨ 

ᠦᠢᠯᠡᠳᠪᠤᠷᠢᠯᠠᠯ ᠡᠵᠡᠩᠨᠡᠯᠲᠡ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠥᠭᠵᠢᠯᠲᠡ ᠪᠠ ᠵᠠᠮ ᠬᠠᠷᠢᠯᠴᠠᠭ᠎ᠠ ᠡᠳ᠋ ᠪᠠᠷᠠᠭᠠᠨ ᠤ ᠬᠦᠢᠯᠬᠡᠬᠡᠨ ᠤ

ᠲᠤᠷᠰᠢᠯᠭ᠎ᠠ‌ᠠᠷᠭ᠎ᠠ ᠬᠢᠳᠡᠯ ᠢ‌ᠨᠠᠷᠢᠨ ᠣᠶᠢᠯᠠᠭᠠᠪᠠ᠃     

        ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠠᠴᠠ ᠪᠢᠳᠠᠨ ᠲᠡᠷᠢᠬᠦᠨ ᠤ ᠠᠷᠭ᠎ᠠ ᠲᠤᠷᠰᠢᠯᠭ᠎ᠠ ᠬᠦᠷᠳᠡᠯ᠎ᠠ᠂  ᠡᠨᠡᠬᠦ  ᠤᠯᠤᠯᠳᠠ ᠪᠠᠨ ᠲᠥᠪᠡᠳ ᠤᠨ

ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ

ᠬᠤᠪᠢᠷᠠᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ

ᠭᠡᠵᠦ ᠢᠯᠡᠳᠬᠡᠪᠡ᠃

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ