ᠪᠥᠬᠦ ᠬᠤᠲᠠ ᠶᠢᠨ ᠲᠦᠷᠦᠭᠦᠦ︕ ᠡᠨᠡ ᠬᠦ ᠨᠥᠬᠦᠪᠥᠷᠢ ᠶᠢᠨ ᠲᠤᠷᠰᠢᠯᠲᠠ ᠶᠢᠨ ᠴᠡᠭ ᠤᠷᠠᠳ ᠤᠨ ᠬᠤᠶᠢᠲᠤ ᠬᠤᠰᠢᠭᠤᠨ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2024/11/6

  

       ᠤᠶᠢᠷ᠎ᠠ ᠳᠤ᠂  ᠤᠷᠠᠳ ᠤᠨ ᠬᠤᠶᠢᠳᠤ ᠬᠤᠰᠢᠭᠤᠨ ᠤ ᠪᠠᠶᠠᠨᠴᠢᠨᠳᠠᠮᠤᠨᠢ ᠰᠤᠮᠤᠨ ᠤ ᠠᠪᠤᠷᠠᠯᠲᠦ ᠭᠠᠴᠠᠭᠠᠨ  ᠤ ᠬᠤᠷᠠᠯ ᠤᠨ ᠬᠡᠷ ᠲᠤ ᠨᠢᠵᠢᠭᠢᠨᠡᠲᠡᠯ᠎ᠡ

ᠠᠯᠠᠭ᠎ᠠ ᠲᠠᠰᠢᠬᠤ ᠲᠠᠭᠤᠨ ᠴᠤᠤᠷᠢᠶᠠᠲᠤᠨ᠂ ᠪᠦᠭᠦ ᠮᠠᠯᠴᠢᠳ ᠤᠨ ᠲᠦᠯᠤᠬᠡᠯᠡᠭᠴᠢᠳ ᠤᠷᠠᠳ ᠤᠨ ᠬᠤᠶᠢᠲᠤ ᠬᠤᠰᠢᠭᠤᠨ ᠤ ᠠᠪᠤᠷᠠᠯᠲᠦ ᠭᠠᠴᠠᠭᠠᠨ ᠤ ᠬᠤᠲᠠ

ᠬᠥᠳᠡᠭᠡ ᠶᠢᠨ ᠰᠠᠭᠤᠭᠠᠯᠢ ᠠᠷᠠᠳ ᠤᠨ ᠦᠨᠲᠤᠰᠤᠨ ᠨᠠᠰᠤᠵᠢᠯ ᠤᠨ ᠲᠠᠭᠠᠳᠬᠠᠯ ᠤᠨ ᠬᠠᠮᠲᠦ ᠶᠢᠨ ᠠᠵᠤ ᠠᠬᠤᠢ ᠶᠢᠨ ᠨᠦᠭᠦᠪᠤᠷᠢ ᠦᠭᠭᠦ ᠠᠷᠭ᠎ᠠ ᠶᠢ ᠰᠠᠨᠠᠯ ᠨᠢᠭᠡᠲᠠᠢ 

ᠪᠠᠳᠤᠯᠠᠵᠠᠢ᠂ ᠡᠨᠡ ᠨᠢ ᠪᠦᠭᠦ ᠬᠤᠲᠠ ᠶᠢᠨ ᠠᠩᠬᠠᠲᠠᠭᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠤᠨᠬᠠᠯ ᠤᠨ ᠬᠠᠮᠲᠦ ᠶᠢᠨ ᠨᠦᠭᠦᠪᠤᠷᠢ

ᠦᠭᠭᠦ ᠲᠤᠷᠰᠢᠯᠲᠡ ᠶᠢᠨ ᠴᠡᠭ ᠨᠢ ᠤᠷᠠᠳ ᠤᠨ ᠬᠤᠶᠢᠲᠤ ᠬᠤᠰᠢᠭᠤᠨ ᠳᠤ  ᠪᠠᠶᠢᠭᠤᠯᠤᠬᠳᠠᠬᠰᠠᠨ  ᠶᠢ ᠬᠠᠷᠠᠭᠤᠯᠵᠤ ᠪᠠᠶᠢᠨ᠎ᠠ᠃

   

11.1.jpg

       ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ  ᠳᠠᠭᠠᠳᠬᠠᠯ ᠤᠨ ᠬᠠᠮᠲᠤ ᠶᠢᠨ ᠨᠥᠬᠦᠪᠥᠷᠢ ᠪᠣᠯ ᠡᠨᠡ ᠵᠢᠯ ᠤᠨ ᠥᠪᠡᠷᠲᠡᠭᠡᠨ

ᠵᠠᠰᠠᠬᠤ ᠣᠷᠣᠨ ᠠᠴᠠ ᠭᠠᠷᠭᠠᠭᠰᠠᠨ ᠠᠷᠠᠳ ᠲᠤ ᠠᠰᠢᠭ ᠬᠦᠷᠲᠡᠭᠡᠬᠦ ᠪᠠᠰᠠ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠮᠥᠨ᠂

ᠲᠡᠭᠦᠨ ᠤ ᠭᠤᠤᠯ ᠵᠣᠷᠢᠯᠭ᠎ᠠ ᠨᠢ ᠳᠠᠷᠤᠶ ᠬᠠᠮᠲᠤ ᠶᠢᠨ ᠠᠵᠤ ᠠᠬᠤᠶ ᠶᠢᠨ ᠡᠬᠢ ᠪᠠᠶᠠᠯᠢᠭ ᠢ ᠳᠠᠶᠢᠴᠢᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠥᠷᠢ ᠥᠭᠴᠦ᠂ ᠣᠯᠠᠨ ᠲᠦᠮᠡᠨ ᠤ ︽ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ

ᠠᠰᠠᠷᠠᠮᠵᠢ ᠲᠠᠢ︾ ᠪᠠᠶᠢᠬᠤ ᠶᠢ ᠤᠯᠠᠮ ᠨᠢᠭᠡ ᠠᠯᠬᠤᠮ ᠪᠠᠲᠤᠯᠠᠬᠤ ᠶᠠᠪᠤᠳᠠᠯ ᠪᠣᠯᠤᠨ᠎ᠠ᠃ ᠤᠷᠠᠳ ᠤᠨ ᠬᠤᠶᠢᠲᠤ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ

ᠲᠥᠪ ᠠᠴᠠ ᠭᠦᠢᠴᠡᠳ ᠪᠠᠶᠢᠴᠠᠭᠠᠨ ᠰᠤᠳᠤᠯᠤᠯᠲᠠ ᠬᠢᠬᠦ ᠵᠢᠴᠢ ᠰᠠᠨᠠᠯ ᠬᠤᠷᠢᠶᠠᠭᠰᠠᠨ ᠤ ᠳᠠᠷᠠᠭ᠎ᠠ᠂ ᠡᠴᠦᠰ ᠲᠡᠭᠡᠨ ᠪᠠᠶᠠᠨᠴᠢᠨᠳᠠᠮᠤᠨᠢ ᠰᠤᠮᠤ ᠶᠢᠨ ᠠᠪᠤᠷᠯᠠᠲᠤ

ᠭᠠᠴᠠᠭ᠎ᠠ ᠳᠤ ᠲᠤᠷᠰᠢᠯᠲᠠ ᠶᠢᠨ ᠴᠡᠭ ᠤᠨ ᠠᠵᠢᠯ ᠥᠷᠨᠢᠭᠦᠯᠬᠦ ᠪᠠᠷ ᠲᠣᠭᠲᠠᠪᠠ᠃

       ᠡᠶᠢᠨᠬᠦ᠂ ᠡᠷᠬᠡᠲᠦ ᠭᠠᠴᠠᠭ᠎ᠠ  ᠶᠢᠨ ᠨᠥᠬᠦᠴᠡᠯ ᠳᠤ ᠨᠡᠶᠢᠴᠡᠭᠰᠠᠨ 128 ᠬᠠᠮᠲᠤ ᠶᠢᠨ ᠭᠡᠰᠢᠭᠦᠳ ᠲᠤ ᠬᠥᠮᠦᠨ ᠪᠦᠷᠢ ᠵᠢᠯ  ᠳᠤ 100 ᠲᠥᠭᠦᠷᠢᠭ ᠤᠨ

ᠪᠠᠷᠢᠮᠵᠢᠶ᠎ᠠ ᠪᠠᠷ ᠨᠥᠬᠦᠪᠥᠷᠢ ᠤᠯᠵᠤ ᠠᠩᠬᠠᠨ ᠤ ᠪᠦᠯᠦᠭ ᠤᠨ ᠠᠰᠢᠭ ᠬᠦᠷᠳᠡᠭᠴᠢ ᠪᠤᠯᠤᠬᠰᠠᠨ ᠪᠠᠶᠢᠨ᠎ᠠ᠃ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠵᠠᠰᠠᠭ ᠤᠨ ᠣᠷᠳᠣᠨ ᠤ ᠨᠥᠬᠦᠪᠥᠷᠢ  ᠠᠴᠠ ᠭᠠᠳᠠᠨ᠎ᠠ ᠪᠠᠰᠠ ᠭᠠᠴᠠᠭᠠᠨ ᠤ

ᠬᠠᠮᠲᠤ ᠶᠢᠨ ᠠᠵᠤ ᠠᠬᠤᠶ ᠶᠢᠨ ᠨᠥᠬᠦᠪᠥᠷᠢ ᠲᠠᠢ ᠪᠣᠯᠵᠠᠢ᠂ ᠢᠩᠭᠢᠪᠡᠯ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠪᠠᠷ ᠳᠠᠮᠵᠢᠭᠤᠯᠤᠨ ᠳᠠᠭᠠᠳᠬᠠᠯ ᠳᠤ

ᠣᠷᠣᠯᠴᠠᠭᠰᠠᠨ ᠮᠠᠯᠴᠢᠨ ᠲᠠᠷᠢᠶᠠᠴᠢᠨ ᠳᠤ ᠨᠦᠬᠦᠪᠤᠷᠢ ᠤᠯᠭᠤᠵᠤ᠂ ᠲᠡᠳᠡᠨ ᠤ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢ ᠳᠡᠭᠡᠭᠰᠢᠯᠡᠭᠦᠯᠵᠦ ᠪᠣᠯᠤᠨ᠎ᠠ︾  ᠬᠡᠵᠤ

ᠡᠷᠬᠡᠲᠦ ᠭᠠᠴᠠᠬᠠᠨ ᠤ ᠨᠠᠮ ᠤᠨ ᠡᠭᠦᠷ ᠤᠨ ᠱᠦ᠋ᠵᠢ ᠬᠠᠨ ᠬᠦᠶ ᠢ ᠬᠡᠯᠠᠨ᠎ᠠ᠃

11.2.jpg

       ᠲᠠᠷᠠᠭᠠᠴᠢ  ᠪᠠᠷ᠂ ᠤᠷᠠᠳ ᠤᠨ ᠬᠤᠶᠢᠲᠤ ᠬᠤᠰᠢᠭᠤ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠬᠢᠭᠡᠳ

ᠣᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠲᠤᠰᠠᠯᠠᠮᠵᠢ ᠶᠢᠨ ᠠᠵᠢᠯ ᠢ ᠦᠷᠭᠦᠯᠵᠢᠯᠡᠨ ᠠᠬᠢᠭᠤᠯᠵᠤ᠂

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂

ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠣᠯᠠᠨ ᠠᠰᠢᠭ  ᠬᠦᠷᠳᠡᠬᠡᠬᠦ ᠪᠠᠷ

ᠬᠦᠴᠤᠯᠠᠬᠦ ᠶᠤᠮ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ