ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ᠂ ︽ᠬᠤᠭᠤᠯᠠ ᠢᠳᠡᠬᠦ ᠳᠤ ᠬᠦᠴᠢᠷ︾ ᠪᠠᠶᠢᠬᠤ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠪᠣᠯ ᠨᠠᠰᠤᠲᠠᠶᠢᠴᠤᠳ ᠤᠨ ᠵᠣᠯ ᠵᠢᠷᠭᠠᠯ ᠪᠠ ᠥᠲᠡᠯᠦᠭᠡ ᠨᠠᠰᠤ ᠲᠠᠢ ᠬᠤᠯᠪᠣᠭᠳᠠᠬᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠪᠠᠶᠢᠬᠰᠠᠨ ᠠᠴᠠ ᠪᠠᠨ | ᠢᠳᠡᠭ ᠢᠳᠡᠭ ᠢᠶᠠᠷ ᠲᠤᠩ ᠲᠦᠮᠡᠨ ᠠᠶᠢᠯ ᠡᠷᠤᠬᠡ ᠲᠠᠢ ᠨᠢᠬᠳᠠ ᠬᠤᠯᠪᠤᠭ᠎ᠠ ᠲᠠᠢ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠪᠤᠯᠵᠤ ᠬᠤᠪᠢᠷᠠᠪᠠ᠃ | ᠤᠷᠠᠳ ᠤᠨ ᠬᠤᠶᠢᠳᠤ ᠬᠤᠰᠢᠭᠤᠨ ᠤ ᠤᠦ ᠶᠢᠨ ᠭᠤᠤᠯ ᠰᠤᠮᠤ ᠶᠢᠨ ᠡᠾᠧ ᠹᠧᠩ ᠲᠤᠰᠬᠤᠨ᠂ ᠨᠠᠰᠤᠳᠠᠶᠢᠴᠤᠳ ᠤᠨ ᠬᠠᠮᠤᠭ ᠠᠴᠠ ᠠᠩᠬᠠᠷᠴᠤ ᠪᠠᠶᠢᠭ᠎ᠠ᠂ | ᠬᠠᠮᠤᠭ ᠤᠨ ᠲᠤᠯᠭᠠᠮ᠎ᠠ ᠠᠰᠠᠭᠤᠳᠠᠯ ᠢ ᠰᠡᠢᠳᠪᠤᠷᠢᠯᠠᠬᠦ ᠠᠴᠠ ᠭᠠᠷᠳᠡᠵᠤ᠂ ᠲᠤᠰᠬᠠᠶᠢᠯᠠᠨ ᠨᠠᠰᠤᠳᠠᠶᠢᠴᠤᠳ ᠲᠤ ᠦᠢᠯᠡᠴᠢᠯᠠᠬᠦ ᠬᠤᠭᠤᠯᠠᠨ ᠬᠡᠷ ᠨᠡᠬᠡᠬᠡᠵᠤ᠂ | ᠨᠠᠰᠤᠲᠠᠨ ᠡᠳᠦᠷ ᠪᠦᠷᠢ ᠵᠥᠪᠬᠡᠨ 10 ᠲᠥᠭᠦᠷᠢᠭ ᠢᠶᠠᠷ ᠰᠢᠮ᠎ᠠ ᠲᠡᠵᠢᠬᠡᠯ ᠡᠯᠪᠡᠭ᠂ ᠡᠷᠳᠠ ᠦᠳᠡᠰᠢ ᠶᠢᠨ ᠲᠦᠬᠡᠮᠠᠯ ᠬᠠᠷᠠᠭᠠᠯᠵᠠᠯ ᠬᠦᠷᠳᠡᠬᠡᠬᠦ ᠬᠤᠭᠤᠯᠠᠨ ᠬᠡᠷ | ᠤᠨ ᠡᠷᠡᠬᠦᠯ ᠰᠠᠶᠢᠬᠠᠨ ᠠᠮᠳᠠᠳᠤ ᠵᠠᠭᠤᠰᠢ ᠶᠢ ᠡᠳ᠋ᠯᠠᠬᠦ ᠶᠤᠮ᠃ | | | | | | ᠤᠦ ᠶᠢᠨ ᠭᠤᠤᠯ ᠰᠤᠮᠤ ᠶᠢᠨ ᠡᠾᠧ ᠹᠧᠩ ᠲᠤᠰᠬᠤᠨ ᠤ ᠨᠠᠮ ᠤᠨ ᠡᠭᠦᠷ ᠤᠨ ᠱᠦᠵᠢ ᠯᠢ ᠭᠤᠸᠠᠩ ᠷᠦᠩ ᠰᠤᠷᠪᠤᠯᠵᠢᠯᠠᠭᠴᠢ ᠳᠤ | ᠲᠠᠨᠢᠯᠴᠠᠭᠤᠯᠬᠤ ᠳᠠᠭᠠᠨ᠂ ᠾᠧ ᠹᠧᠩ ᠲᠣᠰᠬᠤᠨ ᠳᠤ 70 ᠨᠠᠰᠤ ᠠᠴᠠ ᠳᠡᠭᠡᠭᠰᠢᠬᠢ ᠨᠠᠰᠤᠲᠠᠨ 50 ᠰᠢᠬᠠᠮ ᠪᠠᠶᠢᠵᠤ᠂ ᠭᠠᠭᠴᠠᠭᠠᠷ ᠰᠠᠭᠤᠵᠤ ᠪᠠᠶᠢᠭ᠎ᠠ ᠪᠤᠶᠤ | ᠥᠨᠳᠥᠷ ᠨᠠᠰᠤᠳᠡᠶᠢᠴᠤᠳ ᠨᠡᠯᠢᠶᠡᠳ ᠤᠯᠠᠨ᠂ ᠡᠳᠡᠭᠡᠷ ᠨᠠᠰᠤᠲᠠᠨ ᠤ ︽ᠬᠤᠭᠤᠯᠠ ᠬᠢᠬᠦ ᠳᠤ ᠬᠦᠴᠢᠷ᠂ ᠬᠤᠭᠤᠯᠠ ᠢᠳᠡᠬᠦ ᠳᠤ ᠬᠦᠴᠢᠷ︾ ᠪᠠᠶᠢᠬᠤ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠪᠢᠳᠠᠨ100 ᠲᠡᠭᠰᠢ ᠳᠥᠷᠪᠡᠯᠵᠢᠨ ᠮᠧᠲᠷ ᠤᠨ 20 ᠨᠠᠰᠤᠳᠠᠨ ᠢ ᠪᠠᠭᠳᠠᠭᠠᠵᠤ ᠲᠠᠶᠢᠯᠬᠦ ᠬᠤᠭᠤᠯᠠᠨ ᠬᠡᠷ | ᠪᠠᠶᠢᠭᠤᠯᠪᠠ᠃ ᠬᠤᠭᠤᠯᠠᠨ ᠬᠡᠷ ᠨᠢ ᠨᠠᠰᠤᠲᠠᠶᠢᠴᠤᠳ ᠲᠤ ᠵᠤᠬᠢᠴᠠᠭᠤᠯᠤᠨ᠂ ᠮᠢᠬ᠎ᠠ ᠂ ᠨᠤᠭᠤᠭ᠎ᠠ᠂ ᠲᠤᠰᠤ᠂ ᠲᠠᠪᠤᠰᠤ ᠶᠢ ᠲᠠᠩᠴᠠᠬᠦᠯᠵᠤ᠂ ᠲᠦᠷᠤᠯ ᠵᠦᠢᠯ | ᠤᠯᠠᠨ᠂ ᠰᠢᠮ᠎ᠠ ᠲᠠᠵᠢᠬᠡᠯ ᠢᠶᠠᠷ ᠡᠯᠪᠡᠭ᠂ ᠬᠢᠮᠳᠠᠬᠠᠨ ᠢᠳᠡᠬᠡᠨ ᠤᠮᠳᠠᠭᠠᠨ ᠤ ᠦᠢᠯᠡᠴᠢᠯᠡᠭᠡ ᠬᠠᠩᠭᠠᠵᠤ ᠪᠠᠶᠢᠨ᠎ᠠ᠃ | | | | | | ᠨᠠᠰᠤᠳᠠᠶᠢᠴᠤᠳ ᠤᠨ ᠬᠤᠭᠤᠯᠠᠨ ᠬᠡᠷ ᠪᠠᠶᠢᠭᠤᠯᠤᠭᠳᠠᠭᠰᠠᠨ ᠨᠢ ᠡᠾᠧ ᠹᠧᠩ ᠲᠣᠰᠬᠤᠨ ᠤ ᠥᠨᠳᠥᠷ ᠨᠠᠰᠤᠲᠠᠶᠢᠴᠤᠳ ᠤᠨ ᠬᠤᠭᠤᠯᠠ ᠢᠳᠡᠬᠦ | ᠠᠰᠠᠭᠤᠳᠠᠯ ᠢ ᠰᠢᠢᠳᠪᠤᠷᠢᠯᠡᠭᠰᠠᠨ ᠢᠶᠠᠷ ᠪᠠᠷᠠᠬᠤ ᠥᠬᠡᠶ᠂ ᠪᠠᠰᠠ ᠨᠠᠰᠤᠲᠠᠶᠢᠴᠤᠳ ᠲᠤ ᠶᠠᠷᠢᠯᠴᠠᠵᠤ ᠵᠤᠭᠤᠬᠯᠠᠬᠤ ᠲᠠᠪᠴᠠᠩ ᠪᠠᠶᠢᠭᠤᠯᠤᠬᠰᠠᠨ ᠪᠠᠶᠢᠨ᠎ᠠ᠃ ︽ | ᠲᠠᠷᠠᠭᠠᠴᠢ ᠶᠢᠨ ᠠᠯᠬᠤᠮ ᠳᠤ ᠪᠢᠳᠡ ᠨᠠᠩ ᠣᠨᠣᠪᠴᠢᠲᠠᠶ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ | ᠰᠦᠪᠡᠭᠴᠢᠯᠡᠵᠦ᠂ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠨ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠰᠠᠭᠤᠷᠢ ᠶᠢ ᠪᠠᠬᠢᠵᠢᠭᠦᠯᠦᠨ᠎ᠡ︾ ᠭᠡᠵᠦ ᠤᠦ ᠶᠢᠨ ᠭᠤᠤᠯ ᠰᠤᠮᠤᠨ ᠤ ᠳᠡᠳ᠋ ᠳᠠᠷᠤᠭ᠎ᠠ ᠾᠧ ᠷᠦᠢ | ᠬᠡᠯᠠᠨ᠎ᠠ᠃ | | | |