| | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ | ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠳᠤ᠄ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠲᠥᠷᠥ | ᠠᠯᠪᠠᠨ ᠲᠠᠷᠬᠠᠭᠠᠭᠰᠠᠨ ﹇2020﹈ 28 ᠳ᠋ᠤᠭᠠᠷ ᠲᠣᠭᠠᠲᠤ︶ ᠶᠢᠨ ᠵᠣᠷᠢᠭ ᠰᠠᠨᠠᠭ᠎ᠠ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠭᠤᠤᠯᠴᠢ | ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ | 783 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ︽ᠤᠷᠠᠳ ᠤᠨ | ᠬᠤᠶᠢᠲᠤ ᠬᠤᠰᠢᠭᠤᠨ ᠤ ᠨᠡᠶᠢᠭᠡᠮᠴᠢᠯᠡᠭᠰᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠤᠭᠴᠢ ᠶᠢᠨ ᠱᠠᠩᠨᠠᠯ ᠤᠨ | ᠬᠡᠷᠡᠭᠵᠢᠭᠦᠯᠬᠦ ᠠᠷᠭ᠎ᠠ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2020﹈ 9 ᠳ᠋ᠤᠬᠡᠷ ᠲᠣᠭᠠᠲᠤ︶ ᠶᠢᠨ ᠪᠢᠴᠢᠭ ᠮᠠᠲ᠋ᠧᠷᠢᠶᠠᠯ ᠢ ᠬᠦᠴᠦᠨ ᠦᠭᠡᠢ | ᠪᠣᠯᠭᠠᠬᠤ ᠪᠠᠷ ᠲᠣᠭᠲᠠᠪᠠ᠃ | ᠲᠣᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ᠂ ᠲᠣᠰ ᠪᠢᠴᠢᠭ ᠮᠠᠲ᠋ᠧᠷᠢᠶᠠᠯ ᠢ ᠴᠥᠮ ᠬᠡᠷᠡᠭᠵᠢᠭᠦᠯᠬᠦ ᠶᠢ ᠵᠣᠭᠰᠣᠭᠠᠵᠤ᠂ ᠠᠵᠤ ᠦᠢᠯᠡᠰ ᠤᠨ | ᠬᠥᠭᠵᠢᠯᠲᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠬᠠᠮᠢᠶ᠎ᠠ ᠪᠦᠬᠦᠢ ᠦᠢᠯᠡ | ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ | | | | ᠤᠷᠠᠳ ᠤᠨ ᠬᠤᠶᠢᠲᠤ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 12 ᠰᠠᠷ᠎ᠠ ᠶᠢᠨ 13 ᠤ ᠡᠳᠦᠷ | |