︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ︾  ᠪᠤᠶᠡᠡᠲᠡᠯᠭᠡᠷ ᠤᠨ ᠲᠡᠷᠢᠭᠦᠨ ᠤ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠤᠷᠠᠳ ᠤᠨ ᠬᠤᠶᠢᠳᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/12/19

 

       ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ

ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ  ᠨᠠᠶᠢᠲᠡᠪᠤᠷᠢᠵᠢᠭᠤᠯᠵᠤ ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ

ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠱᠢᠶᠡᠴᠢ ᠶᠢ ᠡᠷᠬᠢᠮᠯᠡᠬᠦ᠂ ᠵᠢᠱᠢᠶᠡᠴᠢ ᠠᠴᠠ ᠰᠤᠷᠤᠯᠴᠠᠬᠤ᠂ ᠵᠢᠱᠢᠶᠡᠴᠢ ᠪᠣᠯᠬᠤ ᠪᠠᠷ

ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ  ᠪᠤᠯᠭᠠᠬᠤ ᠶᠢᠨ ᠲᠦᠯᠤᠭᠡ᠂  ᠦᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂

ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ  ᠦᠠᠲᠤᠰᠤᠲᠡᠨ ᠤ ᠭᠡᠷᠡᠭ ᠡᠷᠬᠢᠯᠡᠬᠦ ᠵᠥᠪᠯᠡᠯ ᠤᠨ ᠬᠠᠮᠲᠤᠷᠠᠨ ᠡᠷᠭᠢᠯᠡᠭᠰᠡᠨ

︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ︾ ᠤ  ᠪᠤᠶᠡᠡᠲᠡᠯᠭᠡᠷ ᠤᠨ ᠲᠡᠷᠢᠭᠦᠨ ᠤ ᠦᠶᠯᠡ ᠠᠵᠢᠯᠯᠠᠭ᠎ᠠ ᠶᠢᠨ

ᠮᠡᠳᠡᠭᠦᠯᠦᠯᠲᠡ ᠶᠢᠨ ᠬᠤᠷᠠᠯ  ᠢ ᠤᠷᠠᠳ ᠤᠨ ᠬᠤᠶᠢᠳᠤ ᠬᠤᠰᠢᠭᠤᠨ ᠳᠤ  ᠬᠤᠷᠠᠯᠳᠤᠭᠤᠯᠪᠠ ᠃

 

111.20.jpg

2222.20.jpg

微信截图_20241219104819.png

 

微信截图_20241219104836.png

 

微信截图_20241219104850.png

 

 

       5  ᠶᠠᠷᠢᠶ᠎ᠠ ᠢᠯᠡᠳᠬᠡᠭᠴᠢ᠂ ᠴᠢᠩ  ᠰᠡᠳᠬᠢᠯᠭᠡ  ᠠᠮᠢᠳᠤᠯᠢᠭ  ᠪᠤᠳᠠᠳᠠᠢ ᠦᠢᠯᠠ ᠶᠠᠪᠤᠳᠠᠯ ᠢ  ᠬᠠᠷᠢᠭᠤ ᠮᠡᠳᠡᠭᠦᠯᠦᠯᠲᠡ ᠬᠢᠵᠦ᠂ ᠬᠤᠳᠠ ᠶᠢᠨ ᠰᠢᠭᠤᠳ

ᠬᠠᠷᠢᠶ᠎ᠠ ᠶᠢᠨ ᠡᠯ᠎ᠡ ᠨᠢᠭᠡᠴᠡ᠂ ᠬᠤᠰᠢᠭᠤ ᠰᠢᠶᠠᠨ ᠲᠣᠭᠤᠷᠢᠭ ᠤᠨ 600 ᠭᠠᠷᠤᠢ ᠺᠠᠳ᠋ᠷ ᠠᠵᠢᠯᠲᠠᠨ ᠨᠠᠷᠢᠨ ᠬᠢᠨᠠᠮᠠᠭᠠᠢ   ᠰᠤᠨᠤᠰᠴᠤ᠂ ᠰᠡᠳᠬᠢᠯ ᠲᠠᠯᠪᠢᠨ

ᠰᠤᠷᠤᠯᠴᠠᠨ ᠤᠷᠮᠠᠰᠢᠵᠠᠭᠠᠨ᠎ᠠ᠃ ᠪᠤᠶᠠᠨᠳᠡᠯᠭᠡᠷ ᠨᠥᠬᠦᠷ ᠦᠨᠳᠦᠰᠦᠨ ᠱᠠᠲᠤᠨ ᠳᠤ  ᠬᠦᠨᠵᠡᠬᠡᠶᠢᠷᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ

ᠦᠢᠯᠡᠴᠢᠯᠡᠵᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢᠶᠠᠷ ᠢᠶᠠᠨ

ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠥᠨ ᠪᠦᠬᠦᠨ ᠤ ᠰᠡᠳᠬᠢᠯ ᠢ ᠭᠦᠨ᠎ᠡ ᠳᠣᠭᠳᠣᠯᠤᠭᠤᠯᠵᠠᠢ᠃ ᠲᠡᠭᠦᠨ ᠤ ᠦᠯᠢᠭᠡᠷ ᠨᠢ ᠬᠤᠪᠢ ᠬᠥᠮᠥᠨ ᠤ ᠠᠵᠢᠯ

ᠮᠡᠷᠭᠡᠵᠢᠯ ᠤᠨ ᠠᠮᠢᠳᠤᠷᠠᠯ ᠤᠨ ᠲᠤᠬᠠᠢ ᠡᠷᠭᠢᠴᠡᠭᠦᠯᠦᠯ ᠪᠣᠯᠬᠤ ᠪᠠᠷ ᠪᠠᠷᠠᠬᠤ ᠦᠭᠡᠢ᠂ ᠨᠡᠩ ᠴᠤ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭᠠᠨ ᠤ ᠲᠤᠬᠠᠢ

ᠠᠮᠢᠳᠤᠯᠢᠭ ᠲᠠᠶᠢᠯᠪᠤᠷᠢᠯᠠᠯᠲᠠ ᠪᠣᠯᠬᠤ ᠶᠤᠮ᠃ ᠲᠤᠬᠠᠢ ᠶᠢᠨ ᠲᠠᠯᠠᠪᠠᠶ ᠳᠤ  ᠪᠤᠶᠠᠠᠲᠡᠯᠭᠡᠷ ᠤᠨ ᠬᠠᠮᠲᠤ ᠠᠵᠢᠯᠯᠠᠭᠰᠠᠳ᠂ ᠭᠡᠷ ᠤᠨ ᠬᠥᠮᠥᠰ᠂ ᠪᠤᠶᠠᠨ ᠤ ᠰᠠᠶᠢᠨ

ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠠᠵᠢᠯᠲᠠᠨ ᠵᠢᠴᠢ ᠴᠤᠬᠠᠦ᠋ᠠᠲᠤᠷ ᠪᠠᠯᠭᠠᠰᠤᠨ ᠤ ᠺᠠᠳ᠋ᠷᠴᠤᠳ ᠢ ᠲᠤᠰ ᠲᠤᠰ ᠠᠵᠢᠯ᠂ ᠰᠤᠷᠤᠯᠭ᠎ᠠ᠂ ᠠᠮᠢᠳᠤᠷᠠᠯ᠂

  ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠬᠤ ᠵᠡᠷᠭᠡ ᠠᠳᠠᠯᠢ ᠪᠤᠰᠤ ᠲᠠᠯ᠎ᠠ ᠠᠴᠠ  ᠪᠤᠶᠠᠠᠲᠡᠯᠭᠡᠷ ᠤᠨ 27 ᠵᠢᠯ ᠤᠨ

ᠬᠤᠭᠤᠴᠠᠭᠠᠨ ᠳᠠᠭᠠᠨ ᠭᠤᠪᠢ ᠨᠤᠲᠤᠭ ᠲᠤ ᠭᠤᠶᠠᠴᠢ ᠦᠭᠡᠢ ᠵᠢᠳᠬᠦᠵᠦ᠂ ᠦᠨᠡᠨᠴᠢ ᠪᠠᠷ ᠦᠢᠯᠡᠴᠢᠯᠡᠬᠦ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠵᠢᠱᠢᠶᠡᠴᠢ ᠦᠶᠯᠡ ᠠᠵᠢᠯᠯᠠᠭ᠎ᠠ ᠶᠢ ᠪᠢᠴᠢᠭᠯᠡᠭᠰᠡᠨ ᠲᠤᠬᠠᠢ ᠶᠠᠷᠢᠵᠠᠢ᠃

       ᠡᠨᠡ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠨᠢ ᠨᠢᠭᠡ ᠤᠳᠠᠭ᠎ᠠ ᠶᠢᠨ ᠦᠢᠯᠡ ᠠᠵᠢᠯᠯᠠᠭ᠎ᠠ ᠶᠢ ᠬᠤᠪᠢᠶᠠᠯᠴᠠᠨ ᠡᠳ᠋ᠯᠡᠭᠰᠡᠨ ᠢᠶᠠᠷ ᠪᠠᠷᠠᠬᠤ ᠦᠭᠡᠢ᠂ ᠨᠡᠩ

ᠴᠤ ᠨᠢᠭᠡ ᠤᠳᠠᠭ᠎ᠠ ᠶᠢᠨ ᠰᠡᠳᠬᠢᠯ ᠵᠢᠷᠦᠬᠡ ᠶᠢ ᠭᠦᠨᠳᠡᠭᠰᠡᠨ ᠶᠠᠪᠤᠳᠠᠯ ᠪᠣᠯᠬᠤ ᠶᠤᠮ᠃ ᠪᠤᠶᠠᠨᠳᠡᠯᠭᠡᠷ ᠨᠥᠬᠦᠷ ᠤᠨ ᠦᠢᠯᠡ ᠠᠵᠢᠯᠯᠠᠭ᠎ᠠ ᠨᠢ ᠬᠥᠮᠥᠨ ᠨᠢᠭᠡᠪᠦᠷᠢ ᠶᠢ

ᠵᠣᠷᠢᠭᠵᠢᠭᠤᠯᠤᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠶᠢᠨ ᠲᠥᠯᠥᠭᠡ᠂ ᠥᠪᠡᠷ ᠤᠨ

ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂

ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠢ ᠬᠠᠮᠲᠤᠪᠠᠷ ᠲᠡᠷᠭᠡᠯᠰᠢᠭᠦᠯᠬᠦ︾ ᠠᠭᠤᠤ ᠶᠡᠭᠡ ᠡᠭᠦᠷᠭᠡ ᠶᠢ ᠦᠢᠯᠡᠳᠦᠯᠭᠡᠵᠢᠭᠦᠯᠵᠦ᠂ ᠥᠨᠢ ᠡᠭᠦᠷᠢᠳᠡ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠷᠡᠰ ᠪᠠᠲᠤ ᠬᠦᠷᠢᠶᠡᠯᠡᠭᠴᠢ᠂ ᠦᠨᠡᠨᠴᠢ ᠰᠢᠳᠤᠷᠭᠤ

ᠦᠢᠯᠡᠳᠦᠯᠭᠡᠵᠢᠭᠦᠯᠦᠭᠴᠢ ᠪᠣᠯᠬᠤ  ᠶᠢ ᠤᠬᠠᠭᠤᠯᠤᠬᠰᠠᠨ ᠶᠤᠮ᠃

       ᠮᠧᠩ ᠵᠢᠶᠦ᠋ᠨ᠂ ᠵᠠᠩ ᠬᠠᠢ ᠹᠧᠩ᠂ ᠸᠠᠩ ᠰᠢᠤᠸᠠᠢ ᠶᠠᠨ᠂  ᠠ᠊ ᠲᠤᠶᠠᠭ᠎ᠠ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃

 

ᠢᠷᠡᠯᠲᠡ᠄ ᠣᠷᠠᠳ ᠤᠨ ᠬᠤᠶᠢᠳᠣ ᠬᠤᠰᠢᠭᠤᠨ ᠤ ᠬᠠᠮ ᠵᠠᠭᠤᠴᠢᠯᠠᠭᠤᠷ ᠤᠨ ᠲᠦᠪ