︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠭᠤᠪᠢ ᠶᠢᠨ ᠬᠤᠤᠰ ᠪᠦᠬᠦᠲᠤ ᠤᠯᠠᠭᠠᠨ ᠲᠡᠮᠡᠭᠡᠨ ᠤ ᠠᠵᠤ ᠦᠢᠯᠡᠰ ᠤᠨ ᠰᠢᠨ᠎ᠡ ᠬᠥᠭᠵᠢᠯᠲᠡ ᠳᠤ ᠬᠦᠴᠦᠨ ᠨᠡᠮᠡᠷᠢᠯᠠᠨ᠎ᠠ
ᠨᠡᠶᠢᠲᠡᠯᠡᠭᠰᠡᠨ ᠴᠠᠭ᠄
2024/12/19

     ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠪᠦᠲᠦᠭᠡᠨ

ᠪᠠᠶᠢᠭᠤᠯᠤᠯᠲᠠ ᠶᠢ ᠵᠠᠩᠭᠢᠯᠠᠭ᠎ᠠ ᠶᠢᠨ ᠭᠠᠷᠳᠠᠬᠤ ᠴᠡᠭ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠰᠢᠨ᠎ᠡ ᠶᠢ ᠡᠭᠦᠳᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠲᠦᠯᠬᠢᠨ

ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ 

19.2.jpg

      ᠥᠪᠥᠷ ᠮᠣᠩᠭᠤᠯ ᠤᠨ ᠢᠩᠭᠡᠨ ᠰᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠪᠢ ᠶᠢᠨ ᠬᠤᠤᠰ ᠪᠦᠬᠦᠲᠤ

ᠤᠯᠠᠭᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠦᠩᠭᠡ

ᠫᠷᠤᠹᠧᠰᠰᠤᠷ ᠭᠠᠳᠠᠭᠠᠳᠤ ᠠᠴᠠ ᠣᠷᠣᠭᠤᠯᠤᠭᠰᠠᠨ FTA ᠰᠦᠨ ᠤ ᠪᠦᠷᠢᠯᠳᠦᠭᠦᠨ ᠤ ᠵᠠᠳᠠᠯᠤᠯᠲᠠ ᠶᠢᠨ ᠬᠡᠮᠵᠢᠭᠦᠷᠯᠢᠭ ᠢᠶᠠᠷ ᠲᠡᠮᠡᠭᠡᠨ ᠰᠦ ᠶᠢ ᠰᠢᠯᠭᠠᠨ

ᠪᠠᠶᠢᠴᠠᠭᠠᠵᠤ ᠂ ᠴᠤᠭᠯᠠᠭᠤᠯᠤᠭᠰᠠᠨ ᠲᠤᠭ᠎ᠠ ᠪᠠᠷᠢᠮᠲᠠ ᠪᠠᠨ ᠨᠠᠷᠢᠨ  ᠲᠡᠮᠳᠡᠭᠯᠠᠨ᠎ᠠ᠃

19.3.jpg

     ᠣᠳᠣᠬᠠᠨ ᠳᠤ᠂ ᠭᠤᠪᠢ ᠶᠢᠨ ᠬᠤᠣᠰ ᠪᠦᠬᠦᠲᠤ ᠤᠯᠠᠭᠠᠨ ᠲᠡᠮᠡᠭᠡᠨ ᠤ ᠪᠡᠶ᠎ᠡ ᠶᠢᠨ ᠪᠠᠶᠢᠳᠠᠯ ᠢ ᠳᠡᠭᠡᠭᠰᠢᠯᠡᠭᠦᠯᠬᠦ ᠪᠠᠷ ᠳᠡᠮᠵᠢᠨ ᠲᠡᠮᠡᠭᠡᠨ ᠤ ᠴᠠᠭᠠᠨ ᠢᠳᠡᠭᠡᠨ ᠤ

ᠰᠢᠮ᠎ᠡ ᠲᠡᠵᠢᠭᠡᠯ ᠤᠨ ᠪᠦᠷᠢᠯᠳᠦᠭᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠤᠳᠤᠯᠭᠠᠨ ᠤ ᠰᠡᠳᠦᠪ ᠤᠨ 50% ᠶᠢ ᠨᠢᠭᠡᠨᠲᠡ ᠪᠡᠶᠡᠯᠡᠭᠦᠯᠪᠡ᠂ ᠮᠥᠩᠬᠡ

ᠲᠡᠭᠦᠨ ᠤ ᠬᠠᠮᠲᠤ ᠠᠵᠢᠯᠯᠠᠭᠰᠠᠳ ᠲᠠᠢ ᠪᠠᠨ ᠲᠤᠷᠰᠢᠯᠲᠠ ᠪᠠᠷ ᠳᠡᠮᠵᠢᠨ ᠲᠡᠮᠡᠭᠡᠨ ᠰᠦᠨ ᠤ ᠲᠤᠭ᠎ᠠ ᠪᠠᠷᠢᠮᠲᠠ ᠶᠢᠨ ᠬᠤᠪᠢᠷᠠᠯᠲᠠ ᠶᠢᠨ ᠪᠠᠶᠢᠳᠠᠯ ᠢ ᠬᠢᠨᠠᠨ ᠬᠡᠮᠵᠢᠵᠦ᠂

ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠴᠠᠭ ᠲᠤᠬᠠᠢ ᠳᠤᠨᠢ ᠰᠠᠶᠢᠵᠢᠷᠠᠭᠤᠯᠵᠤ᠂ ᠨᠠᠷᠢᠯᠢᠭ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠪᠠ᠃ 2022 ᠣᠨ ᠳᠤ

ᠤᠯᠠᠭᠠᠨ ᠲᠡᠮᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠵᠢᠩᠬᠢᠨᠢ ᠪᠠᠷ ᠪᠠᠶᠢᠭᠤᠯᠤᠭᠳᠠᠭᠰᠠᠨ ᠠᠴᠠ ᠨᠠᠰᠢ᠂ ᠮᠥᠩᠬᠡ ᠶᠢᠨ ᠪᠠᠶᠢᠭ᠎ᠠ

ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠭᠤᠪᠢ ᠶᠢᠨ ᠬᠤᠤᠰ ᠪᠦᠬᠦᠲᠤ ᠤᠯᠠᠭᠠᠨ ᠲᠡᠮᠡᠭᠡᠨ ᠤ

ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠵᠠᠢ᠃  ᠲᠠᠳᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠶᠠᠰᠤ ᠴᠢᠨᠠᠷ ᠢ

ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠬᠠᠮᠲᠤ᠂ ᠲᠡᠮᠡᠭᠡ ᠦᠷᠡᠵᠢᠭᠦᠯᠬᠦ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠪᠠᠰᠠ ᠨᠢᠭᠡ ᠪᠦᠯᠦᠭ ︽

ᠨᠤᠲᠤᠭ ᠤᠨ ᠲᠤᠰᠬᠠᠢ ᠮᠡᠷᠭᠡᠵᠢᠯᠲᠡᠨ︾ ᠢ ᠬᠠᠪᠰᠤᠷᠤᠨ ᠬᠥᠮᠥᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠪᠠᠷ ᠠᠵᠤ ᠦᠢᠯᠡᠰ ᠤᠨ ᠥᠨᠳᠥᠷ ᠦᠷ᠎ᠡ

ᠠᠰᠢᠭ ᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠵᠠᠢ᠃

19.4.jpg    

      ᠣᠲᠣ ᠪᠣᠯᠲᠠᠯ᠎ᠠ᠂ ᠤᠷᠠᠳ ᠤᠨ ᠬᠤᠶᠢᠲᠤ ᠬᠤᠰᠢᠭᠤ ᠨᠢᠭᠡᠨᠲᠡ 4 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠵᠤ᠂

ᠲᠠᠷᠠᠭᠠᠴᠢ ᠶᠢᠨ ᠠᠯᠬᠤᠮ ᠳᠤ᠂ ᠤᠷᠠᠳ ᠤᠨ ᠬᠤᠶᠢᠲᠤ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ

ᠳᠡᠪᠰᠢᠬᠦ ᠬᠥᠭᠵᠢᠯᠲᠡ ᠶᠢᠨ ᠬᠡᠷᠡᠭᠴᠡᠭᠡ ᠲᠠᠢ ᠦᠷᠭᠦᠯᠵᠢᠯᠡᠨ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ

ᠰᠤᠳᠤᠯᠭᠠᠨ ᠤ ᠪᠠᠶᠢᠭᠤᠯᠤᠮᠵᠢ ᠬᠡᠷᠡᠭᠯᠡᠬᠦ ᠶᠢ ᠠᠭᠤᠰᠤᠯᠴᠠᠭᠤᠯᠤᠨ᠂ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ

ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃

 

ᠢᠷᠡᠯᠲᠡ᠄ ᠣᠷᠠᠳ ᠤᠨ ᠬᠤᠶᠢᠳᠣ ᠬᠤᠰᠢᠭᠤᠨ ᠤ ᠬᠠᠮ ᠵᠠᠭᠤᠴᠢᠯᠠᠭᠤᠷ ᠤᠨ ᠲᠦᠪ