| | ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭ ᠤᠨ ᠬᠡᠪᠯᠡᠯ ᠤᠨ ᠡᠷᠬᠡ ᠶᠢ ᠬᠠᠮᠠᠭᠠᠯᠠᠬᠤ ᠪᠠ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠡᠲᠡᠭᠡᠳ ᠤᠨ ᠤᠳᠬ᠎ᠠ ᠤᠷᠠᠯᠢᠭ ᠤᠨ ᠡᠷᠬᠡ ᠪᠠᠨ ᠬᠠᠮᠠᠭᠠᠯᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠠᠷᠠᠳ ᠤᠨ ᠤᠳᠬ᠎ᠠ ᠤᠷᠠᠯᠢᠭ ᠤᠨ ᠬᠡᠪᠯᠡᠯ ᠤᠨ | ᠡᠷᠬᠡ ᠶᠢᠨ ᠬᠠᠮᠠᠭᠠᠯᠠᠯᠳᠠ ᠶᠢᠨ ᠤᠮᠠᠷᠠᠲᠤ ᠬᠢᠯᠢ ᠳᠤ ᠦᠢᠯᠡᠴᠢᠯᠡᠬᠦ ᠠᠵᠢᠯᠯᠠᠭ᠎ᠠ ᠤᠷᠠᠳ ᠤᠨ ᠬᠤᠶᠢᠲᠤ ᠬᠤᠰᠢᠭᠤᠨ ᠳᠤ ᠶᠠᠪᠤᠬᠳᠠᠪᠠ᠃ | | | | | ᠤᠳᠬ᠎ᠠ ᠤᠷᠠᠯᠢᠭ ᠤᠨ ᠴᠡᠴᠡᠭᠯᠡᠨ ᠬᠦᠭᠵᠢᠯᠳᠠ ᠳᠤ᠂ ᠬᠡᠪᠯᠡᠯ ᠤᠨ ᠡᠷᠬᠡ ᠶᠢ ᠬᠠᠮᠠᠭᠠᠯᠠᠬᠤ ᠠᠵᠢᠯᠯᠠᠭ᠎ᠠ ᠨᠢ ᠲᠤᠶᠢᠯ ᠤᠨ ᠴᠢᠬᠤᠯᠠ ᠭᠤᠭᠴᠤᠭ᠎ᠠ ᠪᠤᠯᠬᠤ | ᠶᠤᠮ᠃ ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠷᠬᠡ ᠠᠰᠢᠭ ᠢ ᠬᠠᠮᠠᠭᠠᠯᠠᠬᠤ ᠠᠯᠪᠠᠨ ᠭᠡᠷ ᠤᠨ | ᠬᠠᠷᠢᠭᠤᠴᠠᠯᠭᠠᠲᠠᠨ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠤᠳᠬ᠎ᠠ ᠤᠷᠠᠯᠢᠭ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠣᠯᠣᠭᠰᠠᠨ ᠰᠢᠨ᠎ᠡ | ᠠᠬᠢᠴᠠ ᠶᠢ ᠲᠠᠨᠢᠯᠴᠠᠭᠤᠯᠵᠤ᠂ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ | ᠠᠵᠢᠯᠲᠠᠳ ︽ᠵᠣᠬᠢᠶᠠᠯ ᠪᠦᠲᠦᠭᠡᠯ ᠤᠨ ᠡᠷᠬᠡ ᠶᠢᠨ ᠳᠠᠩᠰᠠᠯᠠᠯᠲᠠ ᠶᠢᠨ ᠭᠤᠣᠯᠳᠠᠯᠭ᠎ᠠ ᠵᠢᠴᠢ ᠵᠠᠳᠠᠯᠤᠯᠲᠠ︾ ᠪᠠᠷ ᠰᠡᠳᠦᠪ ᠪᠣᠯᠭᠠᠵᠤ᠂ ᠲᠤᠬᠠᠢ ᠶᠢᠨ ᠲᠠᠯᠠᠪᠤᠷ ᠲᠤ | ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢ ᠳᠠᠩᠰᠠᠯᠠᠬᠤ ᠬᠤᠯᠪᠣᠭᠳᠠᠯ ᠪᠦᠬᠦᠢ ᠠᠰᠠᠭᠤᠳᠠᠯ ᠢ ᠲᠠᠶᠢᠯᠪᠤᠷᠢᠯᠠᠬᠤ ᠶᠢᠨ ᠬᠠᠮᠲᠤ | ᠲᠤᠬᠠᠢ ᠶᠢᠨ ᠲᠠᠯᠠᠪᠠᠶ ᠳᠤ ᠪᠦᠲᠦᠭᠡᠯ ᠤᠨ ᠬᠡᠪᠯᠡᠯ ᠤᠨ ᠡᠷᠬᠡ ᠶᠢ ᠳᠠᠩᠰᠠᠯᠠᠬᠤ ᠠᠯᠬᠤᠮ ᠳᠠᠷᠠᠭ᠎ᠠ ᠶᠢ ᠳᠡᠯᠭᠡᠨ ᠦᠵᠡᠭᠦᠯᠵᠦ᠂ ᠤᠳᠬ᠎ᠠ ᠤᠷᠠᠯᠢᠭ ᠤᠨ ᠠᠵᠢᠯᠲᠠᠨ ᠲᠠᠢ | ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠪᠠ᠃ | ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠬᠡᠪᠯᠡᠯ ᠤᠨ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠥᠪ᠂ ᠪᠠᠶᠠᠨᠨᠠᠭᠤᠷ | ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠷᠠᠳ ᠤᠨ ᠬᠤᠶᠢᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠳᠠᠭᠠᠭᠠᠴᠢᠯᠠᠨ | ᠡᠷᠭᠢᠯᠡᠵᠦ᠂ ᠤᠳᠬ᠎ᠠ ᠤᠷᠠᠯᠢᠭ ᠤᠨ ᠠᠵᠢᠯᠲᠠᠨ ᠤ ᠡᠷᠬᠡ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠠᠷᠠᠳ ᠤᠨ ᠤᠳᠬ᠎ᠠ | ᠤᠷᠠᠯᠢᠭ ᠤᠨ ᠬᠡᠪᠯᠡᠯ ᠤᠨ ᠡᠷᠬᠡ ᠶᠢ ᠬᠠᠮᠠᠭᠠᠯᠠᠬᠤ ᠳᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠷᠠᠳ ᠤᠨ ᠤᠳᠬ᠎ᠠ ᠤᠷᠠᠯᠢᠭ ᠤᠨ ᠤᠮᠠᠷᠠᠲᠤ ᠶᠢᠨ | ᠡᠬᠡ ᠭᠠᠵᠠᠷ ᠲᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠠᠰᠢᠭᠲᠠᠢ ᠶᠤᠮ᠃ | | | | | | |