| ᠣᠶᠢᠷ᠎ᠠ ᠶᠢᠨ ᠵᠢᠯ ᠤᠳ ᠲᠤ᠂ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠤᠯᠠᠭᠠᠨ ᠭᠠᠴᠠᠭ᠎ᠠ ᠠᠵᠤ ᠦᠢᠯᠡᠰ ᠤᠨ ᠬᠥᠭᠵᠢᠯᠲᠡ ᠶᠢᠨ | ᠤᠷᠢᠬᠠᠨ ᠬᠠᠪᠤᠷ ᠢ ᠤᠭᠲᠤᠨ ᠠᠪᠴᠢᠷᠠᠵᠤ᠂ ᠨᠢᠭᠡ ᠪᠦᠯᠦᠭ ᠰᠢᠯᠢᠳᠡᠭ ᠲᠥᠷᠥᠯ ᠵᠦᠢᠯ ᠢ ᠵᠠᠯᠭᠠᠭ᠎ᠠ ᠪᠠᠷ ᠣᠷᠣᠭᠤᠯᠤᠨ ᠠᠪᠴᠢᠷᠠᠵᠤ᠂ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ 2022 ᠣᠨ ᠳᠤ 22 ᠲᠦᠮᠡ ᠭᠠᠷᠤᠢ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2023 ᠣᠨ ᠳᠤ 25 ᠲᠦᠮᠡᠨ | ᠲᠥᠭᠦᠷᠢᠭ ᠪᠣᠯᠵᠤ᠂ ᠡᠨᠡ ᠵᠢᠯ 55 ᠲᠦᠮᠡᠨ ᠲᠥᠭᠦᠷᠢᠭ ᠢ ᠳᠠᠪᠠᠭ᠋ᠤ ᠪᠣᠯᠣᠮᠵᠢ ᠲᠠᠢ ᠪᠠᠶᠢᠨ᠎ᠠ᠃ | ᠲᠦᠷᠦᠭᠦᠬᠡᠨ᠂ ᠤᠯᠠᠭᠠᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠲᠠᠰᠤᠭ ᠲᠤ ᠶᠠᠭ ᠡᠨᠡ ᠵᠢᠯ ᠤᠨ ᠲᠣᠰᠬᠤᠨ ᠤ ᠬᠠᠮᠲᠤ ᠶᠢᠨ ᠠᠵᠤ | ᠠᠬᠤᠢ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠶᠠᠪᠤᠭᠳᠠᠭᠤᠯᠵᠤ ᠪᠠᠶᠢᠨ᠎ᠠ᠂ ᠲᠣᠰᠬᠤᠨ ᠤ ᠠᠷᠠᠳ ᠡᠮᠬᠢ ᠵᠢᠷᠤᠮ ᠲᠠᠢ ᠪᠠᠷ ᠮᠥᠷᠯᠡᠵᠦ᠂ ᠳᠡᠩᠰᠡᠯᠡᠨ | ᠲᠡᠮᠳᠡᠭᠯᠡᠵᠦ᠂ ᠭᠠᠷ ᠤᠨ ᠥᠰᠥᠭ ᠵᠢᠷᠤᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠠᠪᠴᠤ ᠪᠠᠶᠢᠯ᠎ᠠ᠃ | ᠤᠯᠠᠭᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠡᠶᠢᠲᠡ 321 ᠬᠥᠮᠥᠨ ᠪᠠᠶᠢᠵᠤ᠂ ᠬᠠᠮᠲᠤ ᠶᠢᠨ ᠠᠵᠤ | ᠠᠬᠤᠢ ᠶᠢᠨ ᠣᠯᠣᠭᠰᠠᠨ ᠠᠰᠢᠭ ᠣᠷᠣᠯᠭ᠎ᠠ ᠶᠢᠨ 70% ᠶᠢ ᠠᠰᠢᠭ ᠬᠤᠪᠢᠶᠠᠬᠤ ᠳᠤ ᠬᠡᠷᠡᠭᠯᠡᠵᠦ᠂ ᠲᠣᠰ ᠤᠳᠠᠭᠠᠨ ᠤ ᠠᠰᠢᠭ ᠬᠤᠪᠢᠶᠠᠬᠤ ᠳᠤ ᠨᠡᠶᠢᠲᠡ 12.84 | ᠲᠦᠮᠡᠨ ᠲᠥᠭᠦᠷᠢᠭ ᠲᠠᠷᠬᠠᠭᠠᠵᠤ᠂ ᠭᠠᠶᠢᠯᠢ ᠲᠤᠰᠢᠶᠠᠭᠰᠠᠨ ᠤ ᠳᠠᠷᠠᠭ᠎ᠠ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠬᠥᠮᠥᠨ | ᠪᠦᠷᠢ ᠳᠤ 400 ᠲᠥᠭᠦᠷᠢᠭ ᠤᠯᠵᠡᠢ᠃ ᠤᠯᠠᠭᠠᠨ ᠭᠠᠴᠠᠭ᠎ᠠ ᠶᠢᠨ ᠡᠷᠴᠢᠮ ᠲᠠᠢ ᠬᠥᠭᠵᠢᠯᠲᠡ ᠨᠢ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠶᠢᠨ ᠠᠴᠢ ᠪᠠᠷ᠂ | ︽ ᠬᠠᠮᠲᠤ ᠪᠠᠷ ᠬᠥᠭᠵᠢᠭᠦᠯᠬᠦ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ︾ ᠥᠭᠡᠷᠡᠴᠢᠯᠡᠯᠲᠡ ᠶᠢᠨ ᠰᠡᠳᠬᠢᠴᠡ ᠪᠠᠷ ᠲᠣᠰᠬᠤᠨ ᠤ ᠱᠠᠲᠤᠨ ᠤ ᠡᠳ᠋ ᠬᠥᠷᠥᠩᠭᠡ ᠶᠢ | ᠠᠰᠢᠭᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠦᠷᠭᠦᠯᠵᠢᠯᠡᠨ ᠬᠥᠭᠵᠢᠨ | ᠪᠤᠵᠠᠭᠠᠶᠢᠷᠠᠬᠤ ᠶᠢ ᠠᠬᠢᠭᠤᠯᠵᠤ ᠪᠠᠶᠢᠨ᠎ᠠ᠃ | ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠪᠠᠶᠠᠨᠪᠤᠯᠠᠭ ᠪᠠᠯᠭᠠᠰᠤᠨ ᠤ ᠤᠯᠠᠭᠠᠨ ᠭᠠᠴᠠᠭ᠎ᠠ ᠶᠢᠨ ᠨᠠᠮ ᠤᠨ ᠡᠭᠦᠷ ᠲᠣᠰᠬᠤᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠣᠨᠴᠠ ᠭᠠᠷᠤᠯᠲᠠ ᠶᠢᠨ ᠡᠬᠢ | ᠪᠠᠶᠠᠯᠢᠭ᠂ ᠭᠠᠵᠠᠷ ᠰᠢᠷᠣᠢ ᠶᠢᠨ ᠡᠬᠢ ᠪᠠᠶᠠᠯᠢᠭ ᠪᠠ ᠴᠢᠳᠠᠪᠤᠷᠢᠲᠠᠨ ᠤ ᠡᠬᠢ ᠪᠠᠶᠠᠯᠢᠭ ᠲᠤ ᠲᠦᠰᠢᠭᠯᠡᠨ᠂ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ | ᠡᠭᠦᠨ ᠳᠤ 100 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠲᠤᠸᠠᠨ ᠵᠢᠶᠧ ᠲᠣᠰᠬᠤᠨ ᠳᠤ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠳᠤ ᠪᠠᠶᠢᠭᠤᠯᠪᠡ᠃ | 105 ᠲᠦᠮᠡᠨ ᠲᠥᠭᠦᠷᠢᠭ ᠤᠨ ᠪᠡᠯᠨ ᠤᠷᠤᠭᠤᠯᠵᠤ᠂ ᠳ᠋ᠦᠩ ᠱᠧᠩ ᠲᠣᠰᠬᠤᠨ ᠳᠤ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠦᠢᠯᠡᠳᠪᠦᠷᠢ ᠶᠢ ᠥᠷᠭᠡᠳᠬᠡᠨ | ᠪᠠᠶᠢᠭᠤᠯᠪᠡ᠃ ᠡᠬᠦᠨ ᠳᠤ ᠲᠦᠮᠡᠨ ᠮᠦ ᠥᠨᠳᠥᠷ ᠦᠷ᠎ᠡ ᠠᠰᠢᠭᠲᠤ ᠲᠦᠬᠦᠭᠡᠷᠤᠮᠵᠢᠲᠤ ᠲᠠᠷᠢᠶᠠᠯᠠᠩ ᠨᠢ ᠲᠣᠰ ᠲᠣᠰ 2021 ᠣᠨ᠂ 2022 ᠣᠨ ᠳᠤ | ᠤᠯᠠᠭᠠᠨ ᠭᠠᠴᠠᠭ᠎ᠠ ᠯᠤᠭ᠎ᠠ ᠬᠠᠮᠲᠤᠷᠠᠯᠴᠠᠵᠤ᠂ ᠲᠦᠷᠢᠶᠡᠰᠦᠯᠡᠬᠦ ᠪᠠᠷ ᠳᠠᠮᠵᠢᠭᠤᠯᠤᠨ᠂ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠪᠡᠯᠡ ᠮᠥᠩᠭᠦ ᠶᠢ | ᠠᠰᠢᠭᠯᠠᠨ ᠬᠤᠨᠢᠨ ᠰᠦᠷᠦᠭ ᠢ ᠨᠠᠶᠢᠳᠠᠨ ᠬᠠᠮᠢᠶᠠᠷᠤᠭᠤᠯᠵᠤ ᠠᠯᠲᠠᠨ ᠲᠠᠯ᠎ᠠ ᠨᠤᠲᠤᠭ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ | ᠵᠦᠢᠯ ᠤᠨ ᠪᠡᠯᠡ ᠮᠥᠩᠭᠦ ᠪᠠᠷ ᠰᠠᠷᠠᠪᠴᠢ ᠬᠤᠳᠠᠯᠳᠤᠨ ᠠᠪᠴᠤ ᠂ ᠥᠪᠥᠷ ᠮᠣᠩᠭᠤᠯ ᠤᠨ ᠳ᠋ᠠ ᠱᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠦᠷᠢᠶᠡᠰᠦᠯᠡᠨ ᠥᠭᠴᠦ ᠠᠰᠢᠭ ᠣᠯᠵᠠᠪᠤᠷᠢ ᠣᠯᠭᠤᠨ᠎ᠠ᠃ | |