@ ᠮᠠᠰᠢᠨᠲᠤ ᠲᠡᠷᠭᠡᠨ ᠤ ᠡᠵᠡᠳ ᠵᠠᠮᠨᠠᠬᠤ ᠦᠨᠡᠮᠯᠡᠯ ᠤᠨ ᠡᠯᠧᠺᠲᠷᠣᠨᠵᠢᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/12/3

      ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 ᠳ᠋ᠤᠭᠠᠷ ᠰᠠᠷ᠎ᠠ ᠶᠢᠨ 2᠎ ᠤᠨ ᠡᠳᠦᠷ ᠠᠴᠠ

ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ ᠡᠯᠧᠺᠲᠷᠣᠨᠵᠢᠯᠲᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ

ᠲᠤᠰᠬᠠᠢ ᠣᠷᠣᠨ ᠤ ᠳᠡᠰ ᠤᠨ ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ 12123︾ APP ᠢᠶᠠᠷ ᠵᠠᠮᠨᠠᠬᠤ ᠡᠯᠧᠺᠲᠷᠣᠨ

ᠦᠨᠡᠮᠯᠡᠯ ᠭᠤᠶᠤᠴᠢᠯᠠᠨ ᠠᠪᠴᠤ ᠪᠣᠯᠣᠨ᠎ᠠ᠃

      ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠢ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ

ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠥᠯ ᠲᠣᠭᠲᠠᠭᠠᠨ᠂

ᠰᠢᠰᠲ᠋ᠧᠮ ᠢ ᠵᠣᠬᠢᠶᠠᠨ ᠪᠠᠶᠢᠭᠤᠯᠵᠤ ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ

ᠰᠠᠯᠠᠭ᠎ᠠ ᠮᠥᠴᠢᠷ ᠲᠥᠰᠥᠯ ᠢ ᠨᠠᠷᠢᠯᠢᠭᠵᠢᠭᠤᠯᠤᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1᠎ ᠤ ᠡᠳᠦᠷ ᠠᠴᠠ ᠨᠠᠭᠠᠰᠢ

8600 ᠭᠠᠷᠤᠢ ᠲᠦᠮᠡᠨ ᠲᠡᠷᠭᠡᠨ ᠤ ᠡᠵᠡᠳ ᠲᠤ ᠵᠠᠮᠨᠠᠬᠤ ᠡᠯᠧᠺᠲᠷᠣᠨ ᠦᠨᠡᠮᠯᠡᠯ ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ᠦᠨᠡᠮᠯᠡᠯ ᠭᠠᠷᠳᠠᠭᠤᠯᠬᠤ︾

︽ᠺᠣᠳ᠋ ᠢ ᠨᠢ ᠦᠵᠡᠭᠦᠯᠬᠦ︾ ᠦᠢᠯᠡᠴᠢᠯᠡᠭᠡ ᠬᠠᠩᠭᠠᠪᠠ᠃

      ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄

      ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ 12123︾

APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ ᠭᠤᠶᠤᠴᠢᠯᠠᠨ ᠠᠪᠴᠤ ᠪᠣᠯᠣᠨ᠎ᠠ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ

ᠤᠯᠤᠰ ᠲᠤ ᠨᠢᠭᠡᠳᠦᠯᠲᠡᠢ ᠪᠠᠶᠢᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ ᠰᠢᠢᠳᠪᠦᠷᠢᠯᠡᠭᠦᠯᠬᠦ᠂ ᠠᠳᠡᠯ ᠢ

ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ

ᠪᠣᠯᠣᠨ᠎ᠠ᠂ ᠮᠠᠰᠢᠨ ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠥᠨ ᠳᠤ ᠨᠠᠶᠢᠳᠠᠵᠤ ᠲᠤᠬᠠᠶᠢᠯᠠᠭᠰᠠᠨ ᠠᠵᠢᠯ ᠢ

ᠣᠷᠣᠯᠠᠨ ᠭᠦᠢᠴᠡᠳᠬᠡᠬᠦ ᠳᠤ ᠳᠥᠭᠦᠮᠯᠡᠪᠡ᠃ ᠡᠭᠦᠨ ᠤ ᠬᠠᠮᠲᠤ᠂ ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ ᠵᠡᠷᠭᠡ

ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠣᠨ᠎ᠠ᠃

      ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠲᠷᠣᠨ ᠦᠨᠡᠮᠯᠡᠯ ᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ

ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ

ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠢ ᠪᠠᠷ ᠢᠯᠡᠷᠡᠭᠦᠯᠵᠦ᠂

ᠴᠠᠭ ᠲᠤᠬᠠᠢ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠢ ᠳᠤ ᠨᠢ ᠭᠠᠷᠭᠠᠨ ᠦᠵᠡᠭᠦᠯᠬᠦ᠂ ᠴᠠᠭ ᠲᠤᠬᠠᠢ ᠳᠤ ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ

ᠬᠥᠰᠬᠡ ᠶᠢ ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ ᠳᠥᠭᠦᠮᠯᠡᠪᠡ᠃

      ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ

ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂

ᠭᠠᠷ ᠤᠨ ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠢᠶᠠᠷ ᠵᠣᠬᠢᠶᠠᠬᠤ ᠶᠢ

ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠢ ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ

ᠲᠡᠷᠭᠡᠨ ᠤ ᠠᠷᠠᠯᠵᠢᠶ᠎ᠠ ᠵᠡᠷᠭᠡ ᠠᠬᠤᠢ ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠢ ᠬᠤᠶᠠᠷ

ᠬᠡᠮᠵᠢᠯᠲᠦ ᠺᠣᠳ᠋᠂ ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠥᠨ ᠭᠡᠷᠡᠴᠢᠯᠡᠬᠦ ᠵᠡᠷᠭᠡ ᠮᠡᠷᠭᠡᠵᠢᠯ ᠢ ᠬᠡᠷᠡᠭᠯᠡᠨ ᠬᠤᠪᠢ ᠬᠥᠮᠥᠨ ᠤ

ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃

      ᠲᠣᠳᠣᠷᠬᠠᠶᠢᠯᠠᠬᠤ ᠴᠢᠬᠤᠯᠠᠲᠠᠢ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠎ ᠶᠢᠨ ᠲᠣᠭᠲᠠᠭᠠᠯ ᠶᠣᠰᠣᠭᠠᠷ᠂ ᠵᠠᠮᠨᠠᠬᠤ ᠦᠨᠡᠮᠯᠡᠯ ᠤᠨ

ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠢ︔ ᠵᠠᠮᠨᠠᠬᠤ ᠡᠯᠧᠺᠲᠷᠣᠨ ᠦᠨᠡᠮᠯᠡᠯ ᠢ ᠭᠤᠣᠯᠳᠠᠭᠤ ᠬᠠᠮᠢᠶ᠎ᠠ ᠪᠦᠬᠦᠢ ᠴᠣᠩᠬᠤᠪᠴᠢ ᠶᠢᠨ

ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠡᠷᠡᠭᠯᠡᠨ᠎ᠡ᠃

      ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1᠎ ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭᠠᠨ ᠤ

ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ ᠨᠠᠭᠠᠰᠢ᠂ 1 ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠠᠰᠢᠭ

ᠬᠦᠷᠲᠡᠭᠡᠵᠦ᠂ ᠣᠯᠠᠨ ᠲᠦᠮᠡᠨ ᠤ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ