ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠪᠠᠶᠢᠭᠤᠯᠤᠬᠳᠠᠬᠰᠠᠨ ᠤ ᠲᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ  ᠳᠤ  ᠬᠡᠳᠤᠨ ᠵᠦᠢᠯ ᠤᠨ ᠰᠠᠨᠠᠯ ᠲᠤᠷᠠᠳᠪᠠ
ᠨᠡᠶᠢᠲᠡᠯᠡᠭᠰᠡᠨ ᠴᠠᠭ᠄
2024/12/5

        ᠲᠠᠷᠢᠶᠠᠨ ᠭᠠᠵᠠᠷ ᠤᠨ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠲᠥᠷᠥᠯ

ᠵᠦᠢᠯ  ᠪᠠᠶᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ  ᠲᠠᠷᠢᠶᠠᠯᠠᠩ ᠤᠨ ᠰᠠᠭᠤᠷᠢ ᠲᠦᠬᠦᠬᠡᠷᠤᠮᠵᠢ ᠶᠢᠨ ᠪᠥᠲᠥᠭᠡᠨ

ᠪᠠᠶᠢᠭᠤᠯᠤᠯᠲᠠ ᠨᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠠᠷᠭ᠎ᠠ ᠵᠠᠮ ᠮᠥᠨ᠂ ᠪᠠᠰᠠ ᠴᠤ ᠲᠠᠷᠢᠶᠠᠯᠠᠩ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ

ᠪᠠᠲᠤᠯᠠᠭ᠎ᠠ ᠮᠥᠨ᠃ ᠤᠷᠠᠳ ᠤᠨ  ᠬᠤᠶᠢᠳᠤ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠠᠴᠠ  ᠤᠶᠢᠷ᠎ᠠ ᠶᠢᠨ ᠬᠡᠳᠦᠨ ᠵᠢᠯ ᠤᠨ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠠᠵᠢᠯ ᠳᠠᠭᠤᠰᠤᠭᠰᠠᠨ ᠤ ᠲᠠᠷᠠᠭᠠᠬᠢ ᠲᠥᠰᠥᠪ ᠤᠨ  ᠦᠨᠡᠯᠠᠨ ᠪᠣᠳᠣᠯᠲᠠ  ᠠᠴᠠ ᠢᠯᠡᠷᠡᠬᠦᠯᠦᠭᠰᠠᠨ ᠨᠢ᠂ ᠪᠠᠢᠭᠤᠯᠤᠭᠳᠠᠭᠰᠠᠨ ᠤ ᠳᠠᠷᠠᠭᠠᠬᠢ ᠬᠠᠮᠢᠶᠠᠷᠤᠨ

ᠬᠠᠮᠠᠭᠠᠯᠠᠬᠤ ᠠᠵᠢᠯ ᠨᠢ ᠲᠤᠰ ᠲᠥᠷᠥᠯ ᠵᠦᠢᠯ ᠤᠨ ᠪᠠᠭᠤᠷᠠᠢ ᠲᠠᠯ᠎ᠠ ᠪᠠᠶᠢᠵᠤ᠂ ᠬᠡᠷᠬᠢᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠠᠢᠭᠤᠯᠤᠭᠰᠠᠨ ᠤ ᠳᠠᠷᠠᠭᠠᠬᠢ

ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠢᠭᠤᠯᠤᠨ ᠲᠡᠭᠦᠯᠳᠡᠷᠵᠢᠭᠦᠯᠬᠦ  ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠤᠷᠲᠤ

ᠬᠤᠭᠤᠴᠠᠭᠠᠨ ᠤ ᠪᠦᠲᠦᠮᠵᠢᠲᠡᠢ ᠦᠢᠯᠡᠳᠦᠯ ᠢ ᠭᠦᠢᠴᠡᠳ ᠪᠠᠳᠠᠷᠠᠭᠤᠯᠬᠤ ᠵᠠᠩᠭᠢᠯᠠᠭ᠎ᠠ  ᠪᠤᠯᠤᠬᠰᠠᠨ ᠪᠠᠶᠢᠨ᠎ᠠ᠃

微信截图_20241205163823.png

      ᠤᠬᠠᠭᠤᠯᠬᠤ ᠡᠷᠴᠢᠮ  ᠢ ᠠᠳᠬᠤᠵᠤ᠂ ᠡᠯ᠎ᠡ ᠪᠡᠶᠡᠴᠢ ᠴᠣᠭᠴᠠ ᠶᠢᠨ ᠬᠠᠷᠢᠭᠤᠴᠠᠯᠭ᠎ᠠ  ᠶᠢ ᠴᠢᠩᠭᠠᠳᠬᠠᠬᠤ ᠬᠡᠷᠡᠭᠳᠠᠢ

      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ 

ᠠᠵᠢᠯ ᠢ ᠤᠮᠳᠠᠭᠠᠶᠢᠯᠠᠵᠤ ᠪᠠᠶᠢᠭ᠎ᠠ ᠠᠰᠠᠭᠤᠳᠠᠯ  ᠶᠡᠭᠡ ᠪᠠᠷ ᠤᠷᠤᠰᠢᠵᠤ ᠪᠠᠶᠢᠭ᠎ᠠ ᠦᠵᠡᠭᠳᠡᠯ ᠢᠯᠡᠷᠡᠵᠦ᠂  ᠡᠨᠠ  ᠨᠢ  ᠭᠤᠤᠯᠳᠠᠭᠤ ᠤᠬᠠᠭᠤᠯᠬᠤ ᠠᠵᠢᠯ ᠢ

ᠪᠣᠳᠠᠲᠠᠶᠢᠵᠢᠭᠤᠯᠬᠤ ᠪᠠᠷ ᠬᠦᠷᠦᠯᠴᠡᠬᠦ ᠥᠬᠡᠶ᠂ ᠪᠡᠶᠡᠴᠢ ᠲᠠᠯ᠎ᠠ ᠶᠢᠨ  ᠴᠢᠬᠤᠯᠠᠴᠢᠯᠠᠯ ᠨᠢ ᠬᠦᠷᠦᠯᠴᠡᠬᠦ ᠥᠬᠡᠶ ᠠᠴᠠ ᠪᠤᠯᠤᠬᠰᠠᠨ ᠶᠤᠮ᠃ ᠪᠠᠶᠢᠭᠤᠯᠤᠭᠰᠠᠨ ᠤ

ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠲᠤ ᠡᠯ᠎ᠡ ᠵᠦᠢᠯ ᠤᠨ ᠬᠡᠯᠪᠡᠷᠢ ᠪᠠᠷ ᠬᠤᠷᠠᠯ ᠬᠢᠵᠦ᠂ ᠥᠷᠭᠡᠨ ᠢᠶᠠᠷ ᠳᠠᠶᠢᠴᠢᠯᠠᠵᠤ᠂ ᠭᠦᠨᠵᠡᠭᠡᠶ  ᠤᠬᠠᠭᠤᠯᠤᠨ

ᠲᠠᠶᠢᠯᠪᠤᠷᠢᠯᠠᠬᠤ ᠬᠡᠷᠡᠭᠲᠡᠶ᠄ ᠨᠢᠭᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠨᠠᠮ ᠪᠠ ᠵᠠᠰᠠᠭ ᠤᠨ ᠣᠷᠳᠣᠨ ᠤ ᠲᠠᠷᠢᠶᠠᠴᠢᠨ

ᠲᠦᠮᠡᠨ ᠢ ᠬᠠᠯᠠᠮᠵᠢᠯᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠳᠡᠮᠵᠢᠵᠦ᠂ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠬᠦ ᠴᠢᠬᠤᠯᠠ ᠶᠡᠭᠡ ᠠᠷᠭ᠎ᠠ

ᠬᠡᠮᠵᠢᠶ᠎ᠡ ᠮᠥᠨ᠂ ᠵᠠᠰᠠᠭ ᠤᠨ ᠣᠷᠳᠣᠨ ᠠᠴᠠ ᠨᠢᠭᠡᠨᠲᠡ ᠮᠠᠰᠢ ᠶᠡᠭᠡ ᠣᠷᠣᠭᠤᠯᠤᠯᠲᠠ ᠬᠢᠭᠰᠡᠨ ᠪᠣᠯᠬᠤᠷ ᠡᠷᠬᠡᠪᠰᠢ ᠲᠥᠷᠥᠯ ᠵᠦᠢᠯ ᠤᠨ ᠦᠷ᠎ᠡ ᠪᠦᠲᠦᠭᠡᠯ ᠢ

ᠨᠠᠨᠳᠢᠩᠨᠠᠬᠤ ᠬᠡᠷᠡᠭᠲᠡᠶ᠃ ᠬᠤᠶᠠᠷ ᠲᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠣᠯᠠᠨ

ᠲᠦᠮᠡᠨ ᠪᠣᠯ ᠠᠰᠢᠭ ᠬᠦᠷᠲᠡᠭᠴᠢ ᠪᠣᠯᠬᠤ ᠪᠠᠷ ᠪᠠᠷᠠᠬᠤ ᠥᠬᠡᠶ᠂ ᠪᠠᠰᠠ ᠴᠤ ᠬᠠᠮᠢᠶᠠᠷᠤᠭᠴᠢ ᠮᠥᠨ᠂ ᠲᠥᠷᠥᠯ ᠵᠦᠢᠯ ᠤᠨ ᠦᠷ᠎ᠡ ᠠᠰᠢᠭ ᠢ ᠣᠷᠳᠣ

ᠬᠤᠭᠤᠴᠠᠭ᠎ᠠ ᠪᠠᠷ ᠪᠠᠳᠠᠷᠠᠭᠤᠯᠵᠤ ᠴᠢᠳᠠᠬᠤ ᠡᠰᠡᠬᠦ ᠨᠢ ᠲᠥᠷᠥᠯ ᠵᠦᠢᠯ ᠤᠨ ᠣᠷᠣᠨ ᠨᠢᠭᠡᠪᠦᠷᠢ ᠶᠢᠨ ᠣᠯᠠᠨ ᠲᠦᠮᠡᠨ ᠤ ᠠᠰᠢᠭ ᠲᠤᠰᠠ ᠲᠠᠢ ᠨᠢᠭᠲᠠ

ᠬᠤᠯᠪᠣᠭ᠎ᠠ ᠲᠠᠢ ᠶᠤᠮ᠃ ᠷᠠᠳᠢᠣ᠋ ᠨᠡᠪᠲᠡᠷᠡᠭᠦᠯᠭᠡ᠂ ᠲᠧᠯᠸᠢᠰ᠂ ᠤᠷᠢᠶ᠎ᠠ ᠯᠣᠽᠦ᠋ᠩ ᠵᠡᠷᠭᠡ ᠬᠡᠯᠪᠡᠷᠢ ᠶᠢ ᠭᠦᠢᠴᠡᠳ ᠠᠰᠢᠭᠯᠠᠨ ᠢᠨᠵᠧᠨᠧᠷᠢᠩ ᠤᠨ ᠬᠠᠮᠢᠶᠠᠷᠴᠤ

ᠬᠠᠮᠠᠭᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ

ᠲᠥᠷᠥᠯ ᠵᠦᠢᠯ ᠤᠨ ᠣᠷᠣᠨ ᠤ ᠺᠠᠳ᠋ᠷ ᠣᠯᠠᠨ ᠲᠦᠮᠡᠨ ᠲᠠᠷᠢᠶᠠᠯᠠᠩ ᠤᠨ ᠲᠥᠬᠦᠭᠡᠷᠦᠮᠵᠢ ᠶᠢ ᠰᠠᠶᠢᠨ ᠳᠤᠷ᠎ᠠ ᠠᠴᠠ ᠪᠠᠨ  ᠬᠠᠮᠠᠭᠠᠯᠠᠵᠤ᠂ ᠲᠥᠷᠥᠯ ᠵᠦᠢᠯ ᠢ

ᠬᠠᠮᠢᠶᠠᠷᠴᠤ ᠬᠠᠮᠠᠭᠠᠯᠠᠬᠤ ᠠᠵᠢᠯ ᠳᠤ ᠤᠬᠠᠮᠰᠠᠷ ᠠᠴᠠ ᠪᠠᠨ ᠣᠷᠣᠯᠴᠠᠭᠤᠯᠬᠤ ᠬᠡᠷᠡᠭᠲᠡᠶ᠃

    微信截图_20241205163812.png   

      ᠲᠦᠷᠦᠯ ᠵᠦᠢᠯ ᠤᠨ ᠪᠠᠷᠢᠯᠭ᠎ᠠ ᠶᠢᠨ ᠦᠮᠴᠢᠯᠡᠬᠦ ᠡᠷᠬᠡ ᠶᠢ  ᠲᠤᠳᠤᠷᠬᠠᠶᠢᠯᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠲᠤᠤᠱᠲᠠᠢ

ᠨᠠᠶᠢᠳᠠᠪᠤᠷᠢᠵᠢᠭᠤᠯᠤᠨ᠎ᠠ

    

      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭ᠎ᠠ᠂

ᠬᠤᠰᠢᠭᠤ ︵ᠰᠢᠶᠠᠨ︶ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠲᠠᠰ ᠳᠠᠷᠠᠭᠠᠯᠠᠯ ᠤᠨ ᠬᠡᠯᠪᠡᠷᠢ ᠶᠣᠰᠣᠭᠠᠷ

ᠥᠮᠴᠢᠯᠡᠬᠦ ᠡᠷᠬᠡ ᠶᠢ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠨ᠎ᠡ᠂ ᠲᠤᠬᠠᠶᠢᠯᠠᠪᠠᠯ ᠬᠤᠰᠢᠭᠤ ︵ᠰᠢᠶᠠᠨ︶ ᠶᠢᠨ ᠱᠠᠲᠤᠨ ᠤ ᠭᠤᠤᠯᠴᠢᠯᠠᠨ ᠬᠠᠮᠢᠶᠠᠷᠬᠤ

ᠰᠠᠯᠠᠭ᠎ᠠ ᠮᠥᠴᠢᠷ ᠠᠴᠠ ᠲᠥᠷᠥᠯ ᠵᠦᠢᠯ ᠤᠨ ᠪᠠᠶᠢᠭ᠎ᠠ ᠰᠤᠮᠤ ᠰᠢᠶᠠᠩ ᠪᠠᠯᠭᠠᠰᠤᠨ ᠳᠤ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠵᠦ᠂ ᠳᠠᠬᠢᠨ ᠰᠤᠮᠤ

ᠰᠢᠶᠠᠩ ᠪᠠᠯᠭᠠᠰᠤ ᠠᠴᠠ ᠲᠣᠰᠬᠤᠨ ︵ᠬᠤᠷᠰᠢᠶ᠎ᠠ︶ ᠵᠡᠷᠭᠡ ᠳᠤ ᠰᠢᠯᠵᠢᠭᠦᠯᠦᠨ ᠲᠤᠰᠢᠶᠠᠬᠤ ᠭᠠᠷᠳᠠᠮ ᠭᠦᠢᠴᠡᠳᠬᠡᠵᠦ᠂ ᠪᠠᠷᠢᠯᠭ᠎ᠠ ᠶᠢᠨ ᠥᠮᠴᠢᠯᠡᠬᠦ ᠡᠷᠬᠡ᠂

ᠬᠠᠮᠢᠶᠠᠷᠤᠯᠲᠠ ᠶᠢᠨ ᠡᠷᠬᠡ ᠪᠠ ᠬᠡᠷᠡᠭᠯᠡᠬᠦ ᠡᠷᠬᠡ ᠶᠢ ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠶᠢ ᠰᠢᠯᠵᠢᠭᠦᠯᠦᠨ ᠲᠤᠰᠢᠶᠠᠭᠰᠠᠨ ᠤ ᠳᠠᠷᠠᠭ᠎ᠠ ᠳᠠᠷᠤᠶ ᠮᠥᠨ ᠴᠢᠨᠠᠷ ᠤᠨ

ᠬᠡᠷᠡᠭᠯᠡᠯᠲᠡ ᠶᠢᠨ ᠱᠠᠲᠤᠨ ᠳᠤ ᠣᠷᠣᠵᠤ᠂ ᠮᠥᠷᠳᠡᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠴᠦ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠬᠤᠰᠢᠭᠤ ︵

ᠰᠢᠶᠠᠨ︶᠂ ᠰᠢᠶᠠᠩ ︵ᠪᠠᠯᠭᠠᠰᠤ︶᠂ ᠲᠣᠰᠬᠤᠨ ᠭᠤᠷᠪᠠᠨ ᠱᠠᠲᠤ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠡᠷᠡᠭᠲᠡᠶ᠃

   

微信截图_20241205164306.png

      ᠬᠠᠮᠢᠶᠠᠷᠴᠦ ᠬᠠᠮᠠᠭᠠᠯᠠᠬᠤ ᠭᠤᠤᠯ ᠴᠤᠭᠴᠠ ᠶᠢ  ᠲᠤᠬᠳᠠᠭᠠᠵᠤ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠤᠨ᠎ᠠ

   

       ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠭᠤᠤᠯ ᠴᠣᠭᠴᠠ  ᠨᠢ ᠲᠣᠰᠬᠤᠨ ᠤ ᠠᠷᠠᠳ ᠤᠨ

ᠵᠥᠪᠯᠡᠯ  ᠪᠤᠯᠬᠤ ᠶᠤᠮ᠃ ᠬᠡᠨ ᠠᠰᠢᠭ  ᠬᠦᠷᠳᠡᠪᠠᠯ᠂ ᠬᠡᠨ ᠬᠠᠮᠢᠶᠠᠷᠴᠤ ᠬᠠᠮᠠᠭᠠᠯᠠᠬᠤ ᠶᠢ ᠢᠮᠠᠭᠲᠠ ᠴᠢᠬᠤᠯᠠᠴᠢᠯᠠᠭᠰᠠᠭᠠᠷ ᠢᠷᠡᠭᠰᠡᠨ ᠪᠣᠯᠪᠠᠴᠤ᠂ ᠠᠰᠢᠭ

ᠬᠦᠷᠳᠡᠭᠴᠢ ᠨᠢ ᠵᠦᠪᠬᠡᠨ  ᠴᠦᠬᠡᠩᠬᠢ  ᠤᠯᠠᠨ ᠲᠦᠮᠡᠨ ᠪᠠᠶᠢᠪᠠᠯ᠂ ᠬᠠᠮᠢᠶᠠᠷᠴᠤ ᠬᠠᠮᠠᠭᠠᠯᠠᠬᠤ ᠠᠵᠢᠯ ᠢ ᠪᠦᠬᠦᠨ ᠢ  ᠲᠠᠳᠠᠨ ᠳᠤ ᠲᠠᠭᠠᠯᠭᠠᠪᠠᠯ  ᠵᠤᠬᠢᠰ ᠦᠭᠡᠢ ᠶᠤᠮ

᠃ ᠭᠠᠴᠠᠭᠠᠨ ᠱᠠᠲᠤᠨ ᠤ ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ ᠬᠠᠮᠢᠶᠠᠷᠴᠤ᠂ ᠠᠰᠢᠭ ᠬᠦᠷᠲᠡᠬᠦ ᠣᠯᠠᠨ ᠲᠦᠮᠡᠨ ᠤᠷᠤᠯᠴᠠᠪᠠᠯ᠂  ᠠᠰᠢᠭ ᠬᠦᠷᠳᠡᠭᠴᠢ ᠶᠢᠨ

ᠪᠡᠯᠨ ᠮᠦᠩᠬᠦ ᠬᠤᠷᠠᠮᠳᠤᠭᠤᠯᠬᠤ ᠲᠠᠷᠤᠭᠠᠰᠤ ᠶᠢ ᠬᠦᠩᠬᠡᠯᠠᠵᠤ ᠴᠢᠳᠠᠬᠤ ᠶᠤᠮ᠃ ᠬᠠᠮᠢᠶᠠᠷᠤᠨ ᠬᠠᠮᠠᠭᠠᠯᠠᠬᠤ ᠵᠠᠷᠤᠳᠠᠯ ᠢ ᠮᠤᠵᠢ᠂ ᠬᠤᠲᠠ᠂ ᠰᠢᠶᠠᠨ ᠭᠤᠷᠪᠠᠨ

ᠱᠠᠲᠤᠨ ᠤ ᠬᠠᠮᠲᠤ ᠪᠠᠷ ᠬᠤᠪᠢᠶᠠᠨ ᠡᠭᠦᠷᠭᠡᠯᠡᠬᠦ ᠲᠣᠭᠲᠠᠴᠠ ᠪᠠᠷ ᠲᠤᠰᠬᠠᠶ ᠲᠠᠩᠰᠠᠨ ᠡᠷᠦᠬᠡ ᠳᠤ ᠣᠷᠣᠭᠤᠯᠤᠨ ᠬᠠᠮᠢᠶᠠᠷᠴᠤ᠂ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠲᠥᠷᠥᠯ  ᠵᠦᠢᠯ ᠤᠨ ᠦᠯᠡᠳᠡᠪᠦᠷᠢ ᠪᠠᠯᠠ ᠮᠥᠩᠭᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ ᠰᠢᠷᠣᠶ ᠶᠢᠨ  ᠰᠢᠯᠵᠢᠬᠦᠯᠤᠯᠳᠠ ᠶᠢᠨ 

ᠮᠦᠩᠬᠦ  ᠵᠡᠷᠬᠡ ᠣᠯᠠᠨ ᠠᠷᠭ᠎ᠠ ᠵᠠᠮ ᠢᠶᠠᠷ  ᠪᠡᠯᠨ ᠮᠦᠩᠬᠦ ᠴᠤᠭᠯᠠᠭᠤᠯᠵᠤ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ

ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠳᠣᠲᠣᠷ᠎ᠠ ᠠᠴᠠ 1%~ 2%  ᠢ ᠲᠥᠷᠥᠯ ᠵᠦᠢᠯ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ

ᠪᠠᠯᠠ ᠮᠥᠩᠭᠦ  ᠳᠤ ᠤᠷᠤᠭᠤᠯᠵᠤ ᠪᠤᠯᠤᠨ᠎ᠠ᠂  ᠪᠠᠰᠠ ᠬᠥᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠱᠠᠩᠨᠠᠯ ᠨᠦᠬᠦᠪᠤᠷᠢ ᠶᠢᠨ ᠪᠡᠯᠨ ᠮᠦᠩᠬᠦ ᠠᠴᠠ ᠦᠨᠳᠤᠷ

ᠪᠠᠷᠢᠮᠵᠢᠶᠠᠳᠤ ᠲᠠᠷᠢᠶᠠᠨ ᠭᠠᠵᠠᠷ ᠢ ᠬᠠᠮᠠᠭᠠᠯᠠᠨ ᠬᠠᠮᠢᠶᠠᠷᠬᠤ ᠵᠠᠷᠣᠳᠠᠯ ᠳᠤ ᠨᠦᠬᠦᠪᠤᠷᠢᠯᠠᠵᠤ ᠪᠤᠯᠬᠤ ᠶᠤᠮ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ