ᠰᠢ ᠶᠢᠨ ᠫᠢᠩ ᠨᠠᠮᠢᠪᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠧᠨᠳᠠᠶᠢᠳ᠋ᠸᠧᠠ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2024/12/6

    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ 12 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ

ᠫᠢᠩ ᠨᠧᠶᠢᠲ᠋ᠦ᠋ᠩᠪᠦᠸᠧ · ᠨᠠᠨᠳᠢ — ᠧᠨᠳᠠᠶᠢᠳ᠋ᠸᠧᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠨᠠᠮᠢᠪᠢᠶ᠎ᠠ ᠤᠯᠤᠰ ᠤᠨ

ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃

    ᠰᠢ ᠶᠢᠨ ᠫᠢᠩ᠂ ᠳᠤᠮᠳᠠᠳᠤ ᠤᠯᠤᠰ ᠨᠠᠮᠢᠪᠢᠶ᠎ᠠ ᠲᠠᠢ ᠤᠯᠠᠮᠵᠢᠯᠠᠯᠲᠤ ᠨᠥᠬᠦᠷᠯᠡᠯ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ

ᠲᠥᠷᠥ ᠶᠢᠨ ᠢᠲᠡᠭᠡᠯᠴᠡᠭᠡ ᠨᠡᠩ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠲᠣᠰ ᠲᠣᠰ ᠤᠨ ᠭᠤᠣᠯᠯᠠᠭᠴᠢ

ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠪᠡ᠃ ᠪᠢ ᠳᠤᠮᠳᠠᠳᠤ ᠨᠠᠮᠢᠪᠢᠶ᠎ᠠ ᠶᠢᠨ ᠬᠠᠷᠢᠯᠴᠠᠭ᠎ᠠ ᠶᠢᠨ

ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠧᠨᠳᠠᠶᠢᠳ᠋ᠸᠧᠠ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ

ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ

ᠪᠣᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠪᠥᠬᠦ

ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ

ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

    

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ