| | ᠦᠨᠳᠦᠰᠦᠨ ᠬᠠᠤᠯᠢ ᠪᠣᠯ ᠤᠯᠤᠰ ᠤᠨ ᠦᠨᠳᠦᠰᠦ ᠪᠣᠯᠬᠤ ᠶᠡᠭᠡ ᠬᠠᠤᠯᠢ ᠮᠥᠨ᠃ ᠠᠷᠪᠠᠨ ᠨᠢᠭᠡᠳᠦᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ | ᠬᠦᠷᠴᠦ ᠢᠷᠡᠬᠦ ᠲᠠᠰᠢᠷᠠᠮ ᠢᠶᠠᠷ᠂ ᠤᠷᠠᠳ ᠤᠨ ᠬᠤᠶᠢᠳᠤ ᠬᠤᠰᠢᠭᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠤᠨ᠎ᠠ︾ ᠭᠡᠬᠦ ᠭᠤᠣᠯ ᠰᠡᠳᠦᠪ ᠢᠶᠠᠷ᠂ ᠪᠥᠬᠦ ᠬᠤᠰᠢᠭᠤᠨ ᠤ 2024 | ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃ | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠪᠠᠶᠢᠴᠠᠭᠠᠬᠤ ᠬᠤᠷᠢᠶ᠎ᠠ᠂ ᠡᠷᠡᠭᠦᠯ ᠬᠠᠮᠠᠭᠠᠯᠠᠯ ᠤᠨ ᠵᠥᠪᠯᠡᠯ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠮᠠᠲ᠋ᠧᠷᠢᠶᠠᠯ ᠪᠣᠯᠣᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠵᠢᠭ ᠪᠡᠯᠡᠭ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠣᠯᠠᠨ | ᠲᠦᠮᠡᠨ ᠤ ᠠᠰᠠᠭᠤᠨ ᠯᠠᠪᠯᠠᠭᠰᠠᠨ ᠢ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯᠪᠡᠭ | ᠪᠠᠶᠠᠯᠢᠭ ᠤᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ | ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠠᠮᠤᠷ ᠲᠦᠪᠰᠢᠨ ᠰᠣᠶᠣᠯ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ | ᠰᠡᠷᠭᠡᠶᠢᠯᠡᠬᠦ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠠᠭᠤᠯᠭ᠎ᠠ ᠶᠢ ᠲᠦᠭᠡᠮᠡᠯᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠡᠷᠡᠭ | ᠶᠠᠪᠤᠳᠠᠯ ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ | ᠬᠡᠷᠡᠭᠯᠡᠵᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠵᠦ᠂ ᠡᠶ᠎ᠡ ᠵᠣᠬᠢᠴᠠᠯ ᠲᠠᠢ ᠨᠡᠶᠢᠭᠡᠮ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠡ᠃ | | | | | | ᠲᠣᠰ ᠠᠵᠢᠯᠯᠠᠭ᠎ᠠ ᠳᠤ ᠨᠡᠶᠢᠲᠡ 50 ᠦᠵᠡᠭᠦᠯᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ 2 ᠲᠦᠮᠡ ᠭᠠᠷᠤᠢ ᠬᠤᠪᠢ | ᠲᠠᠷᠬᠠᠭᠠᠪᠠ᠃ | | | | | | | | ᠣᠶᠢᠷ᠎ᠠ ᠶᠢᠨ ᠵᠢᠯ ᠳᠤ᠂ ᠤᠷᠠᠳ ᠤᠨ ᠬᠤᠶᠢᠲᠤ ᠬᠤᠰᠢᠭᠤᠨ ᠤ ᠬᠢᠨ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ︽ᠨᠢᠭᠡ ᠲᠣᠰᠬᠤᠨ ︵ | ᠰᠠᠭᠤᠭᠠᠯᠢ ᠠᠷᠠᠳ︶ ᠤ ᠬᠠᠤᠯᠢ ᠴᠠᠭᠠᠵᠠ ᠶᠢᠨ ᠵᠥᠪᠯᠡᠭᠴᠢ + N ᠬᠠᠤᠯᠢ ᠴᠠᠭᠠᠵᠠ ᠶᠢᠨ ᠤᠶᠢᠯᠠᠭᠠᠮᠵᠢ ᠲᠠᠢ ᠬᠥᠮᠥᠨ︾ ᠤ ᠠᠵᠢᠯᠯᠠᠭ᠎ᠠ ᠶᠢ ᠭᠦᠨᠵᠡᠭᠡᠢ ᠲᠦᠯᠬᠢᠨ | ᠠᠬᠢᠭᠤᠯᠵᠤ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠦᠴᠤᠲᠡᠢ ᠤᠬᠠᠭᠤᠯᠤᠨ ᠲᠠᠶᠢᠯᠪᠤᠷᠢᠯᠠᠬᠤ᠂ ᠠᠷᠠᠳ ᠢᠶᠠᠨ ᠬᠠᠶᠢᠷᠠᠯᠠᠵᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠭᠤᠳ ᠨᠡᠪᠲᠡᠷᠡᠬᠦ ᠲᠡᠷᠭᠡ ᠶᠢ ᠡᠷᠦᠭᠡ ᠳᠤ ᠣᠷᠣᠭᠤᠯᠬᠤ ᠵᠡᠷᠭᠡ ᠰᠢᠨ᠎ᠡ ᠶᠢ ᠡᠭᠦᠳᠬᠦ ᠬᠡᠯᠪᠡᠷᠢ ᠪᠠᠷ | ᠰᠢᠯᠢᠳᠡᠭ ᠰᠠᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠰᠡᠳᠬᠢᠯ ᠳᠤ ᠬᠦᠷᠭᠡᠵᠦ᠂ ᠤᠯᠠᠨ ᠲᠦᠮᠡᠨ ᠢ ᠤᠯᠠᠮ ᠨᠢᠭᠡ ᠠᠯᠬᠤᠮ | ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠤᠬᠠᠮᠰᠠᠷ ᠲᠠᠢ ᠪᠣᠯᠭᠠᠵᠤ᠂ ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ | ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠪᠠ᠃ |