ᠭᠤᠪᠢ ᠨᠤᠳᠤᠭ ᠢᠶᠠᠨ ᠨᠤᠮᠢᠨ ᠦᠩᠬᠡ ᠪᠠᠷ ᠴᠢᠮᠡᠵᠤ ᠶᠠᠪᠤᠭ᠎ᠠ ᠪᠤᠤ ᠢᠤᠢ ᠱᠦᠵᠢ
ᠨᠡᠶᠢᠲᠡᠯᠡᠭᠰᠡᠨ ᠴᠠᠭ᠄
2024/2/18
 

       ᠭᠤᠪᠢ ᠨᠤᠲᠤᠭ ᠢᠶᠠᠨ ᠨᠣᠮᠢᠨ ᠨᠣᠭᠤᠭᠠᠨ ᠥᠩᠭᠡ ᠪᠠᠷ ᠴᠢᠮᠡᠵᠦ ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠰᠠᠬᠢᠨ

ᠬᠠᠮᠠᠭᠠᠯᠠᠬᠤ ᠶᠢᠨ ᠲᠥᠯᠥᠭᠡ ᠮᠠᠯᠴᠢᠨ ᠲᠦᠮᠡᠨ ᠲᠠᠢ ᠪᠠᠨ ᠬᠠᠮᠲᠤ ᠵᠠᠭ ᠲᠠᠷᠢᠵᠦ ᠣᠶᠢᠵᠢᠭᠤᠯᠵᠤ ᠶᠠᠪᠤᠭ᠎ᠠ ᠬᠢᠯᠢ ᠶᠢᠨ ᠨᠢᠭᠡᠨ ᠭᠠᠴᠠᠭᠠᠨ ᠤ ᠨᠠᠮ ᠤᠨ ᠡᠭᠦᠷ ᠤᠨ

ᠱᠦᠵᠢ ᠪᠤᠤ ᠢᠦᠢ ᠨᠥᠬᠦᠷ ᠲᠠᠢ ᠲᠠᠨᠢᠯᠴᠠᠶ᠎ᠠ᠃

       ᠪᠤᠤ ᠢᠦᠢ ᠪᠣᠯ ᠤᠷᠠᠳ ᠤᠨ ᠬᠤᠶᠢᠲᠤ ᠬᠤᠰᠢᠭᠤᠨ ᠤ ᠪᠠᠶᠠᠨᠴᠢᠨᠳᠠᠮᠤᠨᠢ ᠰᠤᠮᠤᠨ ᠤ ᠪᠠᠶᠠᠨᠴᠠᠭᠠᠨ ᠭᠠᠴᠠᠭᠠᠨ ᠤ ᠨᠠᠮ ᠤᠨ ᠡᠭᠦᠷ ᠤᠨ ᠱᠦᠵᠢ ᠶᠢᠨ

ᠲᠤᠰᠢᠶᠠᠯ ᠢ ᠬᠠᠷᠢᠭᠤᠴᠠᠵᠤ ᠶᠠᠪᠤᠭ᠎ᠠ ᠮᠠᠯᠴᠢᠨ ᠲᠦᠮᠡᠨ ᠤ ᠪᠠᠨ ᠬᠤᠰᠢᠭᠤᠴᠢ ᠭᠠᠯᠠᠭᠤ ᠪᠢᠯᠡ᠃

ᠲᠠᠷᠠ 1998 ᠣᠨ ᠳᠤ ᠲᠤᠮᠳᠠᠳᠦ ᠤᠯᠤᠰ ᠤᠨ ᠡᠪ ᠬᠠᠮᠲᠤ ᠨᠠᠮ ᠳᠤ ᠣᠷᠣᠵᠤ᠂ ᠬᠤᠰᠢᠭᠤ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ ᠶᠢᠨ

ᠲᠤᠰᠢᠶᠠᠯ ᠲᠠᠢ᠂ 2018 ᠣᠨ ᠠᠴᠠ ᠤᠳᠦ ᠪᠤᠯᠳᠠᠯ᠎ᠠ ᠪᠠᠶᠠᠨᠴᠠᠭᠠᠨ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠭᠢᠯᠡᠭᠴᠢ ᠶᠢᠨ ᠲᠤᠰᠢᠶᠠᠯ ᠡᠭᠦᠷᠭᠡᠯᠡᠵᠦ ᠢᠷᠡᠵᠠᠢ

᠃  ᠪᠤᠤ ᠢᠦᠢ ᠨᠥᠬᠦᠷ ᠣᠶᠢᠷ᠎ᠠ ᠶᠢᠨ ᠵᠢᠯ ᠳᠤ ᠮᠠᠯᠴᠢᠨ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠠᠮᠢ ᠠᠬᠤᠢ ᠶᠢ ᠰᠡᠷᠭᠦᠭᠡᠨ ᠰᠠᠶᠢᠵᠢᠷᠠᠭᠤᠯᠤᠨ ᠬᠥᠳᠡᠭᠡ

ᠲᠤᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠴᠢᠷᠮᠠᠶᠢᠨ

ᠠᠵᠢᠯᠯᠠᠵᠤ ᠢᠷᠠᠯ᠎ᠠ᠃ 2022 ᠣᠨ ᠳᠤ ᠪᠠᠶᠠᠨᠴᠠᠭᠠᠨ ᠭᠠᠴᠠᠭ᠎ᠠ ᠨᠢ ᠬᠠᠮᠲᠤ ᠶᠢᠨ ᠨᠤᠲᠤᠭ ᠪᠡᠯᠴᠢᠭᠡᠷ ᠲᠡᠭᠡᠨ ᠠᠮᠢ ᠠᠬᠤᠢ ᠶᠢ ᠰᠡᠷᠭᠦᠭᠡᠬᠦ ᠪᠠᠷ 13000 ᠮᠦ

ᠨᠢᠯᠬ᠎ᠠ ᠵᠠᠭ ᠪᠠ ᠴᠠᠭᠠᠨ ᠭᠤᠶᠣᠣ ᠶᠢ ᠦᠨᠳᠦᠰᠦᠯᠡᠭᠦᠯᠦᠨ ᠳᠠᠷᠢᠵᠠᠢ᠂ ᠲᠠᠷᠠᠭ᠎ᠠ ᠵᠢᠯ ᠳᠤᠨᠢ ᠬᠠᠮᠲᠤ ᠶᠢᠨ ᠵᠠᠭ ᠳᠠᠷᠢᠭᠰᠠᠨ ᠬᠦᠷᠢᠶᠡᠯᠡᠩ ᠤᠨ ᠪᠦᠳᠦᠮᠵᠢ ᠪᠠᠷ ᠮᠠᠯᠴᠢᠨ

ᠡᠷᠦᠭᠡ ᠪᠠᠨ ᠲᠠᠶᠢᠴᠢᠯᠠᠨ ᠤᠬᠠᠭᠤᠯᠵᠤ᠂ ᠮᠠᠯᠴᠢᠳ ᠤᠨ ᠥᠪᠡᠷ ᠤᠨ ᠴᠢᠳᠠᠪᠬᠢ ᠤᠬᠠᠮᠰᠠᠷ ᠢᠶᠠᠷ ᠠᠮᠢ ᠠᠬᠤᠢ ᠶᠢ ᠰᠡᠷᠭᠦᠭᠡᠬᠦ᠂ ᠨᠤᠲᠤᠭ ᠤᠰᠤᠨ ᠤ ᠪᠠᠶᠢᠳᠠᠯ ᠳᠤ

ᠲᠣᠬᠢᠷᠠᠯᠴᠠᠭᠰᠠᠨ ᠵᠠᠭ ᠲᠠᠷᠢᠬᠤ ᠠᠵᠢᠯ ᠢ ᠥᠷᠨᠢᠭᠦᠯᠵᠦ᠂ ᠳᠡᠭᠡᠳᠦ ᠱᠠᠲᠤᠨ ᠲᠠᠢ ᠶᠠᠷᠢᠯᠴᠠᠨ ᠲᠣᠬᠢᠷᠠᠯᠴᠠᠵᠤ ᠠᠵᠢᠯ ᠢᠶᠠᠨ ᠥᠷᠨᠢᠭᠦᠯᠵᠦ ᠢᠷᠠᠪᠠ᠃

       ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠶᠢ 

ᠳᠤᠷᠠᠳᠤᠨ ᠭᠠᠷᠭᠠᠭᠰᠠᠨ ᠲᠠᠢ ᠤᠶᠠᠯᠳᠤᠭᠤᠯᠤᠨ ᠪᠠᠶᠠᠨᠴᠠᠭᠠᠨ ᠭᠠᠴᠠᠭ᠎ᠠ ᠨᠢ ᠭᠠᠴᠠᠭᠠᠨ ᠲᠥᠪ ᠪᠣᠯᠣᠨ ᠬᠡᠰᠡᠭ ᠮᠠᠯᠴᠢᠨ ᠡᠷᠦᠭᠡ ᠳᠤ ᠥᠨᠳᠥᠷ ᠬᠦᠴᠦᠳᠡᠯᠲᠦ

ᠴᠠᠭᠢᠯᠭᠠᠨ ᠨᠡᠪᠲᠡᠷᠡᠭᠦᠯᠦᠨ ᠥᠭᠴᠦ᠂ ᠠᠷᠠᠳ ᠢ ᠲᠡᠳᠬᠦᠬᠦ᠂ ᠠᠷᠠᠳ ᠤᠨ ᠠᠮᠢᠳᠤᠷᠠᠯ ᠢ ᠲᠡᠭᠡᠭᠰᠢᠯᠡᠭᠦᠯᠭᠦ ᠳᠤ ᠲᠦᠭᠦᠮ ᠦᠵᠡᠭᠦᠯᠦᠨ᠂ 30 ᠺᠢᠯᠣᠮᠧᠲᠷ ᠱᠦᠢᠨᠢ ᠵᠠᠮ

ᠨᠠᠪᠲᠠᠷᠡᠭᠦᠯᠵᠦ᠂ ᠮᠠᠯᠴᠢᠳ ᠤᠨ ᠠᠵᠤ ᠠᠮᠢᠳᠤᠷᠠᠯ ᠠᠵᠤ ᠦᠢᠯᠡᠰ ᠡᠷᠭᠢᠯᠡᠭᠦ ᠳᠤ ᠲᠦᠭᠦᠮ ᠦᠵᠡᠭᠦᠯᠦᠭᠰᠡᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ︽ᠠᠮᠢ

ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠤᠢ ᠪᠤᠯᠭᠠᠬᠤ ᠰᠠᠭᠤᠷᠢᠨ ᠳᠡᠭᠡᠷ᠎ᠡ᠂ ᠤᠷᠠᠳ ᠤᠨ

ᠬᠤᠶᠢᠲᠤ ᠬᠤᠰᠢᠭᠤ ᠨᠢ ᠴᠦᠯᠯᠡᠷᠭᠡᠭ ᠪᠠ ᠬᠠᠭᠠᠰ ᠴᠦᠯᠯᠡᠷᠭᠡᠭ ᠭᠠᠩ ᠬᠠᠭᠤᠷᠠᠢ ᠭᠠᠵᠠᠷ ᠲᠤ ᠡᠯᠡᠰᠦ ᠶᠢ ᠬᠤᠷᠢᠭᠯᠠᠨ ᠡᠯᠡᠰᠦ ᠶᠢ ᠵᠠᠰᠠᠬᠤ ᠢᠨᠵᠧᠨᠧᠷᠢᠩ ᠢ

ᠬᠡᠷᠡᠭᠵᠢᠭᠦᠯᠵᠦ ᠢᠷᠡᠵᠠᠢ᠃ ᠪᠠᠶᠠᠨᠴᠠᠭᠠᠨ ᠭᠠᠴᠠᠭᠠᠨ ᠤ ᠨᠠᠮ ᠤᠨ ᠡᠭᠦᠷ ᠨᠢ ᠡᠨᠡᠬᠦ ᠠᠵᠠ ᠲᠤᠭᠢᠶᠠᠯ ᠢ ᠡᠵᠡᠮᠳᠡᠵᠦ᠂ ᠭᠠᠴᠠᠭᠠᠨ ᠤ ᠬᠡᠪᠴᠢᠶᠡᠨ ᠳᠠᠬᠢ ᠵᠠᠭ ᠤᠨ ᠤᠢ

 ᠶᠢᠨ ᠡᠬᠢ ᠪᠠᠶᠠᠯᠢᠭ ᠢᠶᠠᠨ ᠠᠰᠢᠭᠯᠠᠨ᠂ ᠲᠦᠷᠦᠭᠦᠤ ᠵᠢᠯ ᠤᠳ ᠲᠤ ᠬᠢᠯᠢ ᠬᠢᠵᠠᠭᠠᠷ ᠢᠶᠠᠨ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ᠂ ᠠᠵᠤ ᠦᠢᠯᠡᠰ ᠤᠨ

ᠬᠥᠭᠵᠢᠯᠲᠡ᠂ ᠠᠮᠢ ᠠᠬᠤᠢ ᠶᠢ ᠰᠡᠷᠭᠦᠭᠡᠬᠦ᠂ ᠡᠯᠡᠰᠦ ᠶᠢ ᠵᠠᠰᠠᠬᠤ ᠵᠡᠷᠭᠡ ᠲᠦᠷᠦᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ ᠨᠠᠶᠢᠳᠠ 910

ᠲᠦᠮᠡᠨ ᠲᠥᠭᠦᠷᠢᠭ ᠤᠨ ᠪᠡᠯᠡ ᠮᠥᠩᠭᠦ ᠲᠡᠮᠡᠴᠡᠨ ᠣᠯᠵᠤ᠂ 7000 ᠮᠦ ᠴᠠᠭᠠᠨ ᠭᠤᠶᠣᠣ ᠲᠠᠷᠢᠵᠦ᠂ 6000 ᠮᠦ ᠵᠠᠭ ᠨᠥᠬᠦᠨ ᠲᠠᠷᠢᠵᠦ᠂ ᠡᠯᠡᠰᠦᠨ ᠤ ᠠᠵᠤ

ᠦᠢᠯᠡᠰ ᠢ ᠬᠥᠭᠵᠢᠭᠦᠯᠬᠦ ᠲᠠᠯ᠎ᠠ ᠪᠠᠷ ᠠᠩᠬᠠᠨ ᠤ ᠠᠯᠬᠤᠮ ᠢᠶᠠᠨ ᠠᠯᠬᠤᠯ᠎ᠠ᠃ ᠨᠢᠳᠤᠨᠤᠨ ᠵᠢᠯ ᠪᠠᠶᠠᠨᠴᠠᠭᠠᠨ ᠭᠠᠴᠠᠭ᠎ᠠ ᠨᠢ ᠠᠮᠢ ᠠᠬᠤᠢ ᠶᠢ ᠰᠡᠷᠭᠦᠭᠡᠨ ᠨᠥᠬᠦᠵᠦ

ᠲᠠᠷᠢᠬᠤ ᠲᠦᠷᠦᠯ ᠵᠦᠢᠯ ᠤᠨ ᠪᠡᠯᠡ ᠮᠥᠩᠭᠦ ᠶᠢ ᠦᠷᠭᠦᠯᠵᠢᠯᠠᠨ ᠲᠡᠮᠡᠴᠡᠨ ᠣᠯᠵᠤ᠂ ᠨᠥᠬᠦᠵᠦ ᠳᠠᠷᠢᠭᠰᠠᠨ ᠵᠠᠭ ᠤᠨ ᠤᠢ ᠶᠢᠨ ᠲᠠᠯᠠᠪᠠᠢ 5000 ᠮᠦ ᠳᠤ ᠬᠦᠷᠴᠦ᠂

400 ᠲᠡᠭᠰᠢ ᠳᠥᠷᠪᠡᠯᠵᠢᠨ ᠮᠧᠲᠷ ᠤᠨ ᠴᠠᠭᠠᠨ ᠭᠤᠶᠣᠣ ᠬᠠᠳᠠᠭᠠᠵᠦ ᠬᠠᠳᠠᠭᠠᠯᠠᠬᠤ ᠬᠥᠮᠥᠷᠭᠡ ᠪᠠᠶᠢᠭᠤᠯᠵᠤ᠂ ᠶᠡᠷᠦᠩᠬᠡᠢ ᠪᠡᠯᠡ ᠤᠷᠤᠭᠤᠯᠤᠯᠳᠠ ᠶᠢ 38 ᠲᠦᠮᠡᠨ

ᠲᠥᠭᠦᠷᠢᠭ ᠪᠡᠶᠡᠯᠡᠭᠦᠯᠵᠡᠢ᠃ ᠤᠳᠦ ᠪᠠᠶᠠᠨᠴᠠᠭᠠᠨ ᠭᠠᠴᠠᠭᠠᠨ ᠤ ᠵᠠᠭ ᠤᠨ ᠤᠢ ᠶᠢᠨ ᠲᠠᠯᠠᠪᠠᠢ 18000 ᠮᠦ ᠳᠤ ᠬᠦᠷᠴᠦ᠂ ᠵᠠᠭ ᠤᠨ ᠦᠨᠳᠦᠰᠦᠨ ᠳᠤ ᠳᠠᠷᠢᠭᠰᠠᠨ

ᠴᠠᠭᠠᠨ ᠭᠤᠶᠣᠣ ᠶᠢᠨ ᠲᠠᠯᠠᠪᠠᠢ 7000 ᠮᠦ ᠬᠦᠷᠴᠡᠢ᠃

      ᠤᠯᠠᠨ ᠤ ᠬᠦᠴᠦᠨ ᠳᠤ ᠣᠪᠣᠭ᠎ᠠ ᠪᠣᠰᠳᠠᠭ ᠭᠡᠳᠡᠭᠴᠢᠯᠡᠨ᠂ ᠭᠠᠴᠠᠭᠠᠨ ᠤ ᠨᠠᠮ ᠤᠨ ᠡᠭᠦᠷ ᠤᠨ ᠳᠠᠭᠠᠭᠤᠯᠭ᠎ᠠ ᠪᠠ ᠭᠠᠴᠠᠭᠠᠨ ᠤ ᠤᠯᠠᠨ ᠲᠦᠮᠡᠨ ᠤ ᠬᠠᠮᠲᠤ

 ᠶᠢᠨ ᠴᠢᠷᠮᠠᠶᠢᠯᠭ᠎ᠠ ᠳᠣᠣᠷ᠎ᠠ᠂ ᠪᠠᠶᠠᠨᠴᠠᠭᠠᠨ ᠭᠠᠴᠠᠭᠠᠨ ᠤ ᠨᠠᠮ ᠤᠨ ᠡᠭᠦᠷ ᠨᠢ ᠦᠨᠳᠦᠰᠦᠨ ᠱᠠᠲᠤᠨ ᠤ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠠᠮ ᠤᠨ ᠡᠭᠦᠷ + ᠠᠮᠢ ᠠᠬᠤᠢ + ᠮᠠᠯᠴᠢᠨ ᠡᠷᠦᠭᠡ︾ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠡᠬᠡ

ᠤᠯᠤᠰ ᠤᠨ ᠢᠶᠠᠨ ᠤᠮᠠᠷᠠᠲᠤ ᠬᠢᠯᠢ ᠶᠢᠨ ᠠᠮᠢ ᠠᠬᠤᠢ ᠶᠢᠨ ᠴᠢᠬᠤᠯᠠ ᠡᠭᠦᠷᠭᠡ ᠪᠤᠯᠭᠠᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ

ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ ᠢᠷᠡᠭᠰᠡᠨ ᠢᠶᠠᠷ 2021 ᠣᠨ ᠳᠤ ᠲᠤᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ

ᠤᠷᠤᠯᠭ᠎ᠠ 15 ᠲᠦᠮᠡᠨ ᠲᠥᠭᠦᠷᠢᠭ ᠲᠤ ᠬᠦᠷᠴᠦ᠂ 2022 ᠣᠨ ᠳᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠤᠷᠤᠯᠭ᠎ᠠ 20 ᠲᠦᠮᠡᠨ

ᠲᠥᠭᠦᠷᠢᠭ ᠲᠤ ᠬᠦᠷᠴᠦ᠂ 2023 ᠣᠨ ᠳᠤ ᠡᠵᠡᠩᠨᠡᠯᠲᠡ ᠶᠢᠨ ᠴᠢᠨᠠᠷᠲᠠᠢ ᠤᠷᠤᠯᠭ᠎ᠠ 60 ᠲᠦᠮᠡᠨ ᠲᠥᠭᠦᠷᠢᠭ ᠲᠤ ᠬᠦᠷᠬᠦ ᠪᠣᠯᠣᠯ᠎ᠠ᠃

      ᠬᠠᠮᠲᠤ ᠶᠢᠨ ᠴᠢᠷᠮᠠᠶᠢᠯᠭ᠎ᠠ ᠪᠠᠷ ᠲᠠᠮᠵᠢᠨ ᠭᠠᠴᠠᠭᠠᠨ ᠤ ᠨᠠᠮ ᠤᠨ ᠡᠭᠦᠷ ᠨᠢ ᠡᠯᠡᠰᠦ ᠶᠢ ᠵᠠᠰᠠᠵᠤ ᠴᠢᠨᠡᠭᠡᠯᠢᠭᠵᠢᠬᠦ ᠵᠠᠮ ᠢᠶᠠᠷ ᠵᠠᠮᠨᠠᠭᠰᠠᠨ ᠲᠡᠷᠢᠭᠦᠨ ᠤ ᠨᠢᠭᠡᠴᠢ

 ᠪᠠᠷ ᠬᠥᠬᠢᠭᠦᠯᠦᠭᠳᠡᠨ᠂ ᠪᠤᠤ ᠢᠦᠢ ᠨᠥᠬᠦᠷ ᠴᠤ ᠤᠷᠢᠳ ᠬᠤᠵᠢᠳ ᠰᠤᠮᠤ ᠬᠤᠰᠢᠭᠤᠨ ᠤ ᠱᠠᠲᠤᠨ ᠤ ᠲᠡᠷᠢᠭᠦᠨ ᠤ ᠨᠠᠮ ᠤᠨ ᠠᠵᠢᠯᠲᠠᠨ᠂ ᠬᠤᠰᠢᠭᠤᠨ ᠤ ᠱᠠᠲᠤᠨ ᠤ

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠬᠤᠪᠢ ᠭᠦᠮᠦᠨᠵᠢᠡᠷᠭᠦᠭᠢᠭᠦᠯᠦᠭᠳᠡᠭᠰᠡᠨ ᠪᠠᠶᠢᠨ᠎ᠠ᠃

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ