ᠤᠷᠠᠳ ᠤᠨ ᠬᠤᠶᠢᠲᠤ ᠬᠤᠰᠢᠭᠤᠨ ᠤ ︽ᠲᠡᠮᠡᠭᠡᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ︾ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠲᠥᠷᠥᠯ ᠵᠦᠢᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/2/18

      ᠣᠶᠢᠷ᠎ᠠ ᠶᠢᠨ ᠡᠳᠦᠷ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠰᠣᠶᠣᠯ ᠤᠨ ᠦᠵᠡᠰᠭᠦᠯᠡᠩ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ

ᠵᠢᠭᠤᠯᠴᠢᠯᠠᠯ ᠤᠨ ᠦᠵᠡᠰᠭᠦᠯᠡᠩ︾ ᠤᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠲᠥᠷᠥᠯ ᠵᠦᠢᠯ ᠤᠨ ᠱᠠᠩᠨᠠᠯ ᠣᠯᠭᠤᠬᠤ ᠶᠣᠰᠣᠯᠠᠯ ᠵᠢᠶᠠᠩᠰᠤ

ᠮᠤᠵᠢ ᠶᠢᠨ ᠰᠦᠵᠧᠦ ᠬᠤᠲᠠ ᠳᠤ ᠶᠠᠪᠤᠭᠳᠠᠯ᠎ᠠ᠃ ᠰᠢᠯᠭᠠᠷᠠᠭᠤᠯᠤᠯᠲᠠ ᠪᠠᠷ ᠳᠡᠮᠵᠢᠨ᠂ ᠤᠷᠠᠳ ᠤᠨ ᠬᠤᠶᠢᠲᠤ ᠬᠤᠰᠢᠭᠤᠨ ᠤ ︽ᠲᠡᠮᠡᠭᠡᠨ ᠪᠥᠮᠪᠦᠭᠡ ᠶᠢᠨ

ᠤᠷᠢᠯᠭ᠎ᠠ ᠶᠢᠨ ᠤᠷᠤᠯᠳᠤᠭᠠᠨ︾ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠲᠥᠷᠥᠯ ᠵᠦᠢᠯ ᠳᠤ ᠰᠣᠩᠭᠤᠭᠳᠠᠪᠠ᠃

      ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠲᠦᠷᠦᠯ ᠵᠦᠢᠯ ᠢ ᠲᠠᠨᠢᠯᠴᠠᠭᠤᠯᠬᠤ ᠪᠣᠯ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ

ᠰᠣᠶᠣᠯ ᠤᠨ ᠦᠵᠡᠰᠭᠦᠯᠡᠩ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠵᠡᠰᠭᠦᠯᠡᠩ︾ ᠤᠨ ᠴᠢᠬᠤᠯᠠ ᠠᠭᠤᠯᠭ᠎ᠠ ᠶᠢᠨ ᠨᠢᠭᠡ ᠪᠠᠶᠢᠵᠤ᠂

ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠪᠠᠶᠠᠷ ᠳᠤᠷᠠᠰᠬᠠᠯ ᠤᠨ ᠲᠦᠷᠦᠯ ᠵᠦᠢᠯ᠂ ᠠᠷᠠᠳ ᠤᠨ ᠵᠠᠩ ᠦᠢᠯᠡ ᠶᠢᠨ ᠲᠦᠷᠦᠯ ᠵᠦᠢᠯ᠂

ᠦᠨᠳᠦᠰᠦᠲᠡᠨ ᠤ ᠲᠦᠷᠦᠯ ᠵᠦᠢᠯ ᠢ ᠠᠭᠤᠳᠠᠯᠤᠨ ᠡᠮᠬᠢᠯᠡᠬᠦ ᠪᠠᠷ ᠳᠠᠮᠵᠢᠭᠤᠯᠤᠨ᠂ ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠢ ᠬᠠᠮᠠᠭᠠᠯᠠᠬᠤ᠂

ᠳᠡᠯᠭᠡᠷᠡᠭᠦᠯᠬᠦ ᠪᠠ ᠰᠢᠨ᠎ᠡ ᠶᠢ ᠡᠭᠦᠳᠦᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃

       ᠤᠷᠠᠳ ᠤᠨ ᠬᠤᠶᠢᠲᠤ ᠬᠤᠰᠢᠭᠤ ᠨᠢ ᠠᠩᠬ᠎ᠠ 2010 ᠣᠨ ᠳᠤ ︽ᠲᠡᠮᠡᠭᠡᠨ ᠪᠥᠮᠪᠦᠭᠡ ᠶᠢᠨ ᠥᠯᠥᠭᠡᠢ︾ ᠬᠡᠮᠡᠨ ᠨᠡᠷᠡᠶᠢᠳᠦᠭᠳᠡᠨ᠂ 2014 ᠣᠨ ᠳᠤ᠂

ᠤᠷᠠᠳ ᠤᠨ ᠬᠤᠶᠢᠲᠤ ᠬᠤᠰᠢᠭᠤᠨ ᠤ ᠮᠣᠩᠭᠤᠯ ᠦᠨᠳᠦᠰᠦᠲᠡᠨ ᠤ ᠲᠡᠮᠡᠭᠡᠨ ᠪᠥᠮᠪᠦᠭᠡ ᠨᠢ ᠳᠥᠷᠪᠡᠳᠦᠭᠡᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ

ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠢᠶᠠᠷ ᠰᠣᠩᠭᠤᠭᠳᠠᠭᠰᠠᠨ ᠶᠤᠮ᠃

      ︽ᠲᠡᠮᠡᠭᠡᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ︾ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠰᠢᠯᠢᠳᠡᠭ ᠲᠥᠷᠥᠯ ᠵᠦᠢᠯ ᠢᠶᠠᠷ

ᠰᠣᠩᠭᠤᠭᠳᠠᠭᠰᠠᠨ ᠨᠢ ᠤᠷᠠᠳ ᠤᠨ ᠬᠤᠶᠢᠲᠤ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠨᠠᠷᠠᠲᠤ ᠲᠥᠷᠥᠯ

ᠲᠡᠮᠳᠡᠭᠲᠦ ᠶᠢ ᠭᠦᠨᠵᠡᠭᠡᠢ ᠳᠡᠯᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ︽ᠪᠡᠶ᠎ᠡ ᠶᠢᠨ ᠲᠠᠮᠢᠷ + ᠰᠣᠶᠣᠯ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ

ᠠᠬᠢᠭᠤᠯᠪᠠ᠃

      ᠳᠠᠷᠠᠭᠠᠴᠢ ᠪᠠᠷ᠂ ᠤᠷᠠᠳ ᠤᠨ ᠬᠤᠶᠢᠲᠤ ᠬᠤᠰᠢᠭᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠣᠨᠴᠠᠯᠢᠭ ᠲᠠᠢ ᠰᠣᠶᠣᠯ ᠤᠨ ᠨᠡᠷ᠎ᠡ ᠲᠡᠮᠳᠡᠭᠲᠦ ᠶᠢ

ᠦᠷᠭᠦᠯᠵᠢᠯᠡᠨ ᠬᠦᠴᠦᠯᠡᠨ ᠡᠭᠦᠳᠴᠦ᠂ ᠦᠨᠳᠦᠰᠦᠲᠡᠨ ᠤ ᠪᠡᠶ᠎ᠡ ᠶᠢᠨ ᠲᠠᠮᠢᠷ᠂ ᠠᠷᠠᠳ ᠤᠨ ᠪᠡᠶ᠎ᠡ ᠶᠢᠨ ᠲᠠᠮᠢᠷ᠂ ᠠᠷᠠᠳ ᠤᠨ ᠵᠠᠩ ᠦᠶᠯᠡ ᠶᠢᠨ ᠪᠡᠶ᠎ᠡ ᠶᠢᠨ ᠲᠠᠮᠢᠷ ᠢ

ᠰᠠᠶᠢᠲᠤᠷ ᠠᠭᠤᠳᠠᠯᠤᠨ ᠤᠬᠠᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠪᠡᠶ᠎ᠡ ᠶᠢᠨ ᠲᠠᠮᠢᠷ ᠤᠨ ᠰᠣᠶᠣᠯ ᠤᠨ ᠨᠡᠷ᠎ᠡ ᠲᠡᠮᠳᠡᠭᠲᠦ ᠶᠢ ᠤᠯᠠᠮ ᠨᠢᠭᠡ  ᠠᠯᠬᠤᠮ

ᠲᠠᠯᠬᠡᠷᠠᠬᠦᠯᠬᠦ ᠪᠠᠷ ᠪᠠᠶᠢᠨ᠎ᠠ᠃

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ