ᠤᠷᠠᠳ ᠤᠨ ᠬᠤᠶᠢᠲᠤ ᠬᠤᠰᠢᠭᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ  ᠬᠦᠴᠤᠳᠠᠢ ᠠᠳᠬᠤᠵᠤ ᠮᠡᠳᠡᠭᠳᠠᠮ᠎ᠠ ᠦᠷ᠎ᠠ ᠪᠦᠳᠤᠮᠵᠢ ᠤᠯᠪᠠ
ᠨᠡᠶᠢᠲᠡᠯᠡᠭᠰᠡᠨ ᠴᠠᠭ᠄
2024/2/18

       ᠢᠳᠤᠨᠤᠨ᠂ ᠤᠷᠠᠳ ᠤᠨ ᠬᠤᠶᠢᠲᠤ ᠬᠤᠰᠢᠭᠤ ᠬᠥᠮᠥᠨ ᠪᠠᠶᠢᠭᠠᠯᠢ ᠶᠢᠨ ᠡᠶ᠎ᠡ ᠵᠣᠬᠢᠴᠠᠯᠳᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂

ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ

ᠮᠡᠳᠡᠭᠳᠡᠮ᠎ᠡ ᠦᠷ᠎ᠡ ᠪᠦᠳᠤᠮᠵᠢ ᠣᠯᠪᠠ᠃

       ᠨᠣᠭᠤᠭᠠᠷᠠᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠢᠶᠠᠨ ᠭᠤᠶᠣᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂

ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ ᠨᠢ 715 ᠮᠦ ᠪᠠᠶᠢᠵᠤ᠂ 8 ᠵᠠᠮ ᠵᠡᠭᠡᠯᠢ ᠶᠢᠨ ᠥᠨᠴᠥᠭ ᠲᠠᠬᠢ ᠴᠡᠴᠡᠷᠯᠢᠭ ᠤᠨ

ᠨᠣᠭᠤᠭᠠᠷᠠᠭᠤᠯᠤᠯᠲᠠ ᠶᠢ ᠰᠠᠶᠢᠵᠢᠷᠠᠭᠤᠯᠬᠤ ᠬᠠᠷᠠᠯᠲᠠ ᠡᠭᠦᠷᠭᠡ ᠪᠠᠨ ᠪᠡᠶᠡᠯᠡᠭᠦᠯᠪᠡ᠃

        ᠴᠡᠴᠡᠷᠯᠢᠭ ᠤᠨ ᠨᠣᠭᠤᠭᠠᠷᠠᠭᠤᠯᠤᠯᠲᠠ ᠪᠠᠷ ᠭᠠᠷᠳᠠᠴᠠ ᠪᠤᠯᠭᠠᠵᠤ᠂ ᠠᠮᠢ ᠠᠬᠤᠢ ᠶᠢᠨ ᠦᠵᠡᠮᠵᠢ ᠪᠠᠷ ᠭᠠᠵᠠᠷ ᠣᠷᠣᠨ ᠤ ᠰᠣᠶᠣᠯ ᠢᠶᠠᠨ ᠲᠤᠪᠤᠶᠢᠯᠭᠠᠵᠦ᠂

ᠤᠯᠤᠰ ᠤᠨ ᠴᠡᠴᠡᠷᠯᠢᠭᠵᠢᠭᠦᠯᠦᠭᠰᠡᠨ‌‍ᠰᠢᠶᠠᠨ ᠤ ᠬᠤᠳᠠ ᠶᠢ ᠡᠭᠦᠳᠦᠨ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠤ᠂ 1

ᠠᠭᠤᠳᠠᠮ ᠲᠠᠯᠠᠪᠠᠢ᠂ 8 ᠴᠡᠴᠡᠷᠯᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃

        ᠬᠤᠲᠠ ᠶᠢᠨ ᠦᠵᠡᠮᠵᠢ ᠶᠢᠨ ᠲᠣᠭᠤᠷᠢᠭ ᠢ ᠴᠣᠭᠴᠠᠯᠠᠨ ᠪᠠᠶᠢᠭᠤᠯᠵᠤ᠂ ᠠᠷᠠᠳ ᠤᠯᠠᠨ ᠳᠤ ᠪᠣᠬᠢᠷᠳᠤᠯ ᠦᠭᠡᠢ ᠴᠡᠪᠡᠷ ᠴᠡᠮᠴᠡᠭᠡᠷ ᠣᠷᠴᠢᠨ ᠠᠬᠤᠢ ᠶᠢ

ᠡᠳ᠋ᠯᠠᠭᠦᠯᠭᠦ ᠪᠠᠷ ᠬᠠᠷᠠᠯᠲᠠ ᠪᠤᠯᠭᠠᠵᠤ᠂ ᠵᠠᠮ ᠵᠡᠭᠡᠯᠢ ᠶᠢᠨ ᠥᠨᠴᠥᠭ ᠪᠤᠯᠦᠩ᠂ ᠰᠤᠯᠠ ᠭᠠᠵᠠᠷ ᠵᠡᠷᠭᠡ ᠣᠷᠣᠨ ᠵᠠᠢ ᠶᠢ ᠭᠦᠢᠴᠡᠳ ᠠᠰᠢᠭᠯᠠᠨ 10 ᠭᠠᠷᠤᠢ

ᠣᠨᠴᠠᠯᠢᠭᠲᠤ ᠴᠡᠴᠡᠷᠯᠢᠭ ᠢ ᠪᠦᠲᠦᠭᠡᠨ ᠪᠠᠶᠢᠭᠤᠯᠪᠠ᠃

        ᠣᠶᠢᠵᠢᠭᠤᠯᠵᠤ ᠠᠷᠠᠴᠢᠯᠠᠨ ᠬᠠᠮᠠᠭᠠᠯᠠᠬᠤ ᠠᠵᠢᠯ ᠢᠶᠠᠨ ᠴᠢᠩᠭᠠᠳᠬᠠᠵᠤ᠂ 335 ᠤᠯᠤᠰ ᠤᠨ ᠵᠠᠮ ᠤᠨ ᠤᠷᠠᠳ ‍ᠤᠨ‌ᠬᠤᠶᠢᠲᠤ ᠬᠤᠰᠢᠭᠤᠨ ᠤ ᠬᠡᠰᠡᠭ ᠤᠨ

ᠵᠠᠮ ᠳᠠᠭᠠᠤ ᠳᠤ 25834 ᠰᠠᠭᠤᠷᠢ ᠵᠤᠯᠵᠠᠭᠠᠨ ᠮᠣᠳᠣ ᠶᠢ ᠨᠥᠬᠦᠵᠦ ᠳᠠᠷᠢᠵᠤ᠂ ᠪᠠᠶᠠᠨᠪᠤᠯᠠᠭ ᠪᠠᠯᠭᠠᠰᠤᠨ ᠳᠤ 36480 ᠰᠠᠭᠤᠷᠢ ᠴᠢᠬᠢ ᠮᠣᠳᠣ ᠶᠢ ᠨᠥᠬᠦᠵᠦ

ᠳᠠᠷᠢᠵᠦ᠂ ᠪᠠᠯᠭᠠᠰᠤ ᠳᠤᠰᠬᠤᠨ ᠤ ᠬᠤᠭᠤᠰᠤᠨ ᠭᠠᠵᠠᠷ ᠲᠤ 200602 ᠴᠢᠬᠢ ᠮᠣᠳᠣ ᠶᠢ ᠰᠢᠨ᠎ᠡ ᠪᠠᠷ ᠳᠠᠷᠢᠪᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ