ᠤᠷᠠᠳ ᠤᠨ ᠬᠤᠶᠢᠲᠤ ᠬᠤᠰᠢᠭᠤᠨ ᠤ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ  ᠬᠦᠷ ᠬᠥᠭᠵᠢᠶᠡᠨ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/2/21

         ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ ᠳ᠋ᠦᠩᠰᠢᠭᠤᠷ ᠰᠦᠮ᠎ᠡ ᠶᠢᠨ ᠬᠤᠳᠠᠯᠳᠤᠭᠠᠨ ᠤ ᠶᠠᠪᠠᠭᠠᠨ

ᠵᠡᠭᠡᠯᠢ ᠳᠤ ᠭᠦᠷ ᠬᠥᠭᠵᠢᠶᠡᠨ ᠲᠠᠢ ᠶᠠᠪᠤᠭᠳᠠᠭᠰᠠᠨ ᠪᠠᠶᠢᠨ᠎ᠠ᠃

        ᠲᠤᠬᠠᠢ ᠶᠢᠨ ᠲᠠᠯᠠᠪᠠᠶ ᠳᠤ᠂ ᠠᠳᠠᠯᠢ ᠪᠤᠰᠤ ᠳᠡᠯᠭᠡᠴᠡ ᠶᠢᠨ ᠡᠮᠦᠨ᠎ᠡ ᠨᠢᠳᠦ ᠳᠦᠭᠦᠷᠡᠩ ᠪᠠᠷᠠᠭ᠎ᠠ ᠶᠢ ᠦᠷᠦᠵᠦ᠂ ᠤᠷᠠᠳ ᠤᠨ ᠬᠤᠶᠢᠲᠤ ᠬᠤᠰᠢᠭᠤᠨ ᠤ ᠮᠠᠨᠤ

ᠨᠠᠭᠤᠷ ᠤᠨ ᠬᠠᠰ ᠵᠡᠷᠭᠡ ᠨᠠᠷᠠᠲᠤ ᠣᠨᠴᠠ ᠭᠠᠷᠤᠯᠲᠠ ᠪᠠᠶᠢᠬᠤ ᠪᠠᠷ ᠪᠠᠷᠠᠬᠤ ᠦᠭᠡᠢ᠂ ᠪᠠᠰᠠ ᠮᠣᠩᠭᠤᠯ ᠤᠯᠤᠰ ᠪᠠ

ᠣᠷᠣᠰ ᠤᠨ ᠭᠠᠳᠠᠭᠠᠳᠤ ᠠᠴᠠ ᠣᠷᠣᠭᠤᠯᠤᠭᠰᠠᠨ ᠭᠠᠷ ᠤᠷᠠᠯᠠᠯ ᠤᠨ ᠡᠳ᠋᠂ ᠢᠳᠡᠭᠡᠨ ᠤᠮᠳᠠᠭᠠᠨ᠂ ᠬᠤᠪᠴᠠᠰᠤ ᠵᠠᠰᠠᠯ᠂ ᠭᠡᠷ ᠤᠨ ᠡᠳ᠋ᠯᠡᠯ ᠵᠡᠷᠭᠡ ᠶᠢᠨ ᠲᠥᠷᠥᠯ ᠵᠦᠢᠯ

 ᠨᠢ ᠮᠠᠰᠢ ᠣᠯᠠᠨ᠂ ᠶᠠᠰᠤ ᠴᠢᠨᠠᠷ ᠨᠢ ᠰᠢᠯᠢᠳᠡᠭ ᠰᠠᠶᠢᠨ ᠪᠠᠶᠢᠳᠠᠭ᠃

        ᠣᠶᠢᠯᠠᠭᠠᠭᠰᠠᠨ ᠢᠶᠠᠷ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠯᠠᠨ ᠲᠦᠮᠡᠨ ᠢ ᠯᠣᠣ ᠵᠢᠯ ᠢᠶᠠᠨ

ᠪᠠᠶᠠᠷ ᠭᠦᠷ ᠲᠠᠢ ᠥᠩᠭᠡᠷᠡᠭᠦᠯᠵᠦ᠂ ᠤᠷᠠᠳ ᠤᠨ ᠬᠤᠶᠢᠲᠤ ᠬᠤᠰᠢᠭᠤ ᠴᠠᠭᠠᠨ ᠰᠠᠷ᠎ᠠ ᠶᠢᠨ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ ᠬᠤᠰᠢᠭᠤᠨ ᠤ ᠪᠠᠨ ᠰᠣᠶᠣᠯ

ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠢ ᠨᠢᠭᠡᠳᠬᠡᠵᠦ᠂ 1 ᠰᠠᠷ᠎ᠠ ᠶᠢᠨ 21 ᠤ ᠡᠳᠦᠷ ᠠᠴᠠ 2 ᠰᠠᠷ᠎ᠠ ᠶᠢᠨ 9 ᠤ ᠡᠳᠦᠷ  ᠪᠤᠯᠲᠠᠯᠠᠭᠢ ᠬᠤᠭᠤᠴᠠᠭᠠᠨ ᠳᠤ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ ᠤᠨ  ᠠᠵᠢᠯᠯᠠᠭ᠎ᠠ ᠶᠢ

ᠥᠷᠨᠢᠭᠦᠯᠵᠦ᠂ ᠣᠯᠠᠨ ᠲᠦᠮᠡᠨ ᠳᠤ ᠪᠠᠶᠠᠷ ᠪᠠᠶᠠᠰᠤᠯ ᠲᠠᠢ᠂ ᠪᠠᠶᠠᠷ ᠭᠦᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠤᠯᠭᠠᠵᠤ᠂

ᠬᠤᠲᠠ ᠶᠢᠨ ᠠᠷᠠᠳ ᠵᠤᠭᠠᠴᠠᠭᠰᠠᠳ ᠤᠨ ᠴᠠᠭᠠᠨ ᠰᠠᠷ᠎ᠠ ᠶᠢᠨ ᠵᠢᠭᠤᠯᠴᠢᠯᠠᠯ᠂ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠰᠣᠶᠣᠯ ᠵᠢᠭᠤᠯᠴᠢᠯᠠᠯ ᠤᠨ ᠠᠵᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠬᠰᠠᠨ ᠪᠠᠶᠢᠨ᠎ᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ