ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠰᠤᠷᠳᠠᠯ ᠴᠡᠭᠴᠡᠯᠠᠬᠦ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2024/2/26

      ᠣᠶᠢᠷ᠎ᠠ ᠳᠤ᠂  ᠤᠷᠠᠳ ᠤᠨ ᠬᠤᠶᠢᠳᠤ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠂ ᠪᠥᠬᠦ ᠺᠠᠳ᠋ᠷᠴᠤᠳ ᠢ ᠵᠣᠬᠢᠶᠠᠨ ᠪᠠᠶᠢᠭᠤᠯᠵᠤ 2 ᠡᠳᠦᠷ  ᠤᠨ

ᠬᠤᠭᠤᠴᠠᠭᠠᠨ ᠳᠤ ︽ᠬᠦᠴᠢᠷ ᠠᠰᠠᠭᠤᠳᠠᠯ ᠢ ᠰᠢᠢᠳᠪᠦᠷᠢᠯᠡᠬᠦ︾ ︽ᠤᠯᠤᠰ ᠲᠥᠷᠥ ᠶᠢᠨ  ᠬᠢᠨᠡᠨ ᠪᠠᠶᠢᠴᠠᠭᠠᠯᠳᠠ︾ ︽ᠵᠠᠰᠠᠭ ᠤᠨ ᠰᠤᠷᠲᠠᠯ ᠢ ᠴᠢᠩᠭᠠᠳᠬᠠᠵᠤ

ᠰᠠᠬᠢᠯᠭ᠎ᠠ ᠪᠠᠲᠤ ᠶᠢ ᠴᠢᠩᠳᠠᠯᠠᠬᠤ︾ ︽︽ᠭᠤᠷᠪᠠᠨ ᠢᠯᠵᠢᠷᠡᠯ ᠦᠭᠡᠢ︾  ᠶᠢ ᠨᠢᠭᠡ ᠴᠣᠭᠴᠠᠵᠢᠭᠤᠯᠤᠨ ᠠᠬᠢᠭᠤᠯᠬᠤ 》 4 ᠪᠦᠯᠦᠭᠲᠦ ᠲᠧᠯᠸᠢᠰ ᠤᠨ ᠲᠤᠰᠬᠠᠢ

ᠰᠡᠳᠦᠪᠲᠦ ᠹᠢᠯᠢᠮ ᠢ ᠲᠥᠪᠯᠡᠷᠡᠭᠦᠯᠦᠨ ᠦᠵᠡᠪᠡ᠃

      ᠲᠤᠰ ᠲᠤᠰᠬᠠᠢ ᠰᠡᠳᠦᠪᠲᠦ ᠹᠢᠯᠢᠮ ᠢ ᠦᠵᠡᠬᠦ ᠪᠠᠷ ᠳᠡᠮᠵᠢᠨ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠦᠨᠡᠨᠴᠢ ᠰᠢᠳᠤᠷᠭᠤ ᠪᠠᠨ

ᠡᠭᠦᠷᠢᠳᠡ ᠪᠠᠲᠤᠯᠠᠬᠤ᠂ ᠤᠯᠤᠰ ᠲᠥᠷᠥ ᠶᠢᠨ ᠪᠠᠲᠤ ᠬᠦᠴᠦᠨ ᠢᠶᠠᠨ ᠪᠠᠲᠤᠳᠬᠠᠬᠤ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠬᠤ ᠵᠡᠷᠭᠡ ᠲᠠᠯ᠎ᠠ ᠪᠠᠷ ᠬᠢ

ᠢᠲᠡᠭᠡᠯ ᠵᠣᠷᠢᠭ ᠢ ᠨᠡᠩ ᠪᠠᠲᠤᠳᠬᠠᠵᠤ᠂ ᠲᠣᠪᠴᠢᠶ᠎ᠠ ᠶᠢᠨ ᠤᠳᠤᠷᠢᠳᠤᠯᠭ᠎ᠠ ᠠᠴᠠ᠂ ᠪᠦᠬᠦ ᠺᠠᠳ᠋ᠷᠴᠤᠳ ᠢ  ᠡᠳᠡᠬᠡᠷ ᠹᠯᠢᠮ ᠳᠠᠬᠢ  ᠦᠨᠡᠨ ᠪᠤᠳᠠᠳᠤ ᠬᠡᠷᠡᠭ  ᠢᠶᠠᠷ

ᠲᠣᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠢᠯᠵᠢᠷᠡᠯ ᠢ ᠡᠰᠡᠷᠭᠦᠴᠡᠨ

ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ  ᠴᠢᠩᠭ᠎ᠠ ᠠᠳᠬᠤᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠪᠠᠶᠢᠴᠠᠭᠠᠬᠤ ᠶᠢ ᠪᠠᠷᠢᠮᠲᠠᠯᠠᠵᠤ᠂ ︽ᠬᠢᠨᠠᠨ ᠪᠣᠳᠣᠯᠲᠠ︾ ᠭᠡᠬᠦ ᠡᠨᠡᠬᠦ

ᠠᠯᠳᠠᠨ ᠦᠰᠦᠭᠲᠦ ᠫᠠᠶᠢᠰᠠ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ

ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠬᠢᠨᠠᠨ ᠪᠣᠳᠣᠯᠲᠠ ᠶᠢᠨ︽ᠳᠥᠷᠪᠡ ᠶᠢ ᠴᠢᠩᠭ᠎ᠠ ᠴᠠᠭᠠᠵᠠᠯᠠᠬᠤ︾

ᠠᠵᠢᠯ ᠤᠨ ᠱᠠᠭᠠᠷᠳᠠᠯᠭ᠎ᠠ ᠪᠠ︽ᠨᠠᠢᠮᠠᠨ ᠦᠯᠦ ᠵᠥᠪᠰᠢᠶᠡᠷᠡᠬᠦ︾ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂

ᠰᠡᠷᠡᠮᠵᠢᠯᠡᠨ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠵᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠲᠤᠰ ᠪᠡᠶ᠎ᠡ ᠳᠤ ᠣᠷᠣᠰᠢᠵᠤ ᠪᠠᠶᠢᠭ᠎ᠠ ᠠᠷᠢᠭᠤᠨ

ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠨᠠᠷᠢᠨ ᠬᠢᠨᠠᠮᠠᠭᠠᠢ ᠡᠮᠬᠢᠯᠡᠵᠦ᠂ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ︽

ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾  ᠢ ᠡᠷᠡᠰ ᠪᠠᠲᠤ ᠪᠠᠶᠢᠭᠤᠯᠬᠤ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠶᠢ ᠪᠠᠷᠢᠮᠲᠠᠯᠠᠵᠤ᠂ ᠡᠩ ᠤᠨ ᠦᠶ᠎ᠡ ᠶᠢᠨ ᠠᠵᠢᠯ

ᠳᠤᠮᠳᠠ ᠪᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠢᠯᠭᠠᠯᠲᠠ ᠶᠢ ᠳᠠᠭᠠᠭᠠᠵᠤ᠂ ᠳᠠᠷᠤᠯᠲᠠ ᠶᠢ ᠳᠠᠭᠠᠭᠠᠵᠤ᠂ ᠵᠣᠷᠢᠭᠲᠠᠢ ᠪᠠᠷ ᠬᠠᠷᠢᠭᠤᠴᠠᠯᠭ᠎ᠠ

ᠡᠭᠦᠷᠭᠡᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠬᠡᠷᠡᠭᠲᠡᠢ ᠬᠡᠪᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ