ᠡᠷᠬᠢᠨ ᠪᠥᠬᠦ ᠣᠷᠣᠨ ᠪᠦᠰᠡ ᠶᠢᠨ ᠵᠢᠭᠤᠯᠴᠢᠯᠠᠯ ᠵᠢᠴᠢ ᠬᠤᠲᠠ ᠶᠢᠨ  ᠪᠠᠶᠢᠭᠠᠯᠢ ᠶᠢᠨ ᠠᠮᠢ  ᠠᠬᠤᠢ ᠶᠢᠨ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ ᠲᠥᠰᠥᠪᠯᠡᠬᠦ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29

        2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠬᠢᠨ ᠪᠦᠭᠦ

ᠣᠷᠣᠨ ᠪᠦᠰᠡ ᠶᠢᠨ ᠵᠢᠭᠤᠯᠴᠢᠯᠠᠯ ᠵᠢᠴᠢ ᠬᠤᠲᠠ ᠶᠢᠨ ᠪᠠᠶᠢᠭᠠᠯᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠲᠥᠰᠥᠪᠯᠡᠯ ᠤᠨ

ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠺᠠᠢ ᠷᠦᠩ ᠯᠢᠦᠢ ᠶᠢᠨ ᠠᠮᠢ ᠠᠬᠤᠢ ᠶᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ︵

ᠪᠡᠭᠡᠵᠢᠩ︶ ᠬᠢᠵᠠᠭᠠᠷᠲᠤ ᠺᠣᠮᠫᠠᠨᠢ ᠶᠢᠨ ᠤᠷᠠᠳ ᠤᠨ ᠬᠤᠶᠢᠳᠤ ᠬᠤᠰᠢᠭᠤᠨ ᠤ ᠵᠢᠭᠤᠯᠴᠢᠯᠠᠯ ᠤᠨ ᠲᠥᠯᠦᠪᠵᠢᠭᠦᠯᠭᠡ ᠶᠢᠨ ᠪᠠᠶᠢᠳᠠᠯ ᠤᠨ ᠲᠤᠬᠠᠢ ᠬᠠᠷᠢᠭᠤ

ᠮᠡᠳᠡᠭᠦᠯᠦᠯᠲᠡ ᠶᠢ ᠰᠣᠨᠣᠰᠪᠠ᠃

        ᠬᠤᠷᠠᠯ ᠳᠡᠭᠡᠷ᠎ᠡ᠂ ᠺᠠᠢ ᠷᠦᠩ ᠯᠢᠦᠢ ᠶᠢᠨ ᠠᠮᠢ ᠠᠬᠤᠢ ᠶᠢᠨ ᠰᠣᠶᠣᠯ ᠤᠨ ᠠᠵᠤ ᠦᠢᠯᠡᠰ ᠤᠨ ᠬᠥᠭᠵᠢᠯᠲᠡ ︵ᠪᠡᠭᠡᠵᠢᠩ︶ ᠶᠢᠨ ᠬᠢᠵᠠᠭᠠᠷᠲᠤ

ᠺᠣᠮᠫᠠᠨᠢ ᠶᠢᠨ ᠶᠡᠷᠦᠩᠬᠡᠢ ᠵᠠᠬᠢᠷᠤᠯ ᠵᠠᠩ ᠰᠢᠶᠣᠣ ᠮᠧᠶ ᠬᠥᠮᠥᠨ ᠨᠡᠶᠢᠭᠡᠮ᠂ ᠭᠠᠵᠠᠷ ᠵᠦᠢ᠂ ᠣᠷᠣᠨ ᠪᠦᠰᠡ ᠶᠢᠨ ᠪᠠᠶᠢᠷᠢ᠂ ᠪᠠᠶᠢᠭᠠᠯᠢ ᠶᠢᠨ ᠬᠦᠴᠦᠨ ᠵᠦᠢᠯ᠂

ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠵᠡᠷᠭᠡ ᠲᠠᠯ᠎ᠠ ᠠᠴᠠ ᠤᠷᠠᠳ ᠤᠨ ᠬᠤᠶᠢᠳᠤ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ

ᠬᠥᠭᠵᠢᠯᠲᠡ ᠶᠢᠨ ᠠᠬᠤᠢ ᠪᠠᠶᠢᠳᠠᠯ᠂ ᠳᠠᠪᠠᠭᠤᠯᠢᠭ ᠢ ᠭᠦᠨᠵᠡᠭᠡᠢ ᠵᠠᠳᠠᠯᠤᠨ ᠰᠢᠨᠵᠢᠯᠡᠪᠡ᠃ ᠬᠤᠰᠢᠭᠤᠨ ᠤ ᠪᠥᠬᠦ  ᠤᠷᠤᠨ ᠪᠦᠰᠠ ᠶᠢᠨ ᠵᠢᠭᠤᠯᠴᠢᠯᠠᠯ ᠵᠢᠴᠢ

ᠬᠤᠲᠠ ᠶᠢᠨ ᠪᠠᠶᠢᠭᠠᠯᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠲᠥᠰᠥᠪᠯᠡᠯ᠂ ᠣᠷᠣᠨ

ᠪᠠᠶᠢᠷᠢ ᠶᠢᠨ ᠪᠠᠶᠢᠷᠢᠯᠠᠭᠤᠯᠤᠯᠲᠠ ᠵᠢᠴᠢ ᠪᠡᠶᠡᠯᠡᠭᠦᠯᠬᠦ ᠠᠷᠭ᠎ᠠ ᠵᠠᠮ ᠢ ᠭᠤᠣᠯᠳᠠᠯᠭ᠎ᠠ ᠲᠠᠢ ᠬᠠᠷᠢᠭᠤ ᠮᠡᠳᠡᠭᠦᠯᠪᠡ᠃

         ᠡᠷᠬᠢᠨ ᠵᠢᠭᠠᠵᠤ ᠭᠠᠷᠭᠠᠭᠰᠠᠨ ᠨᠢ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠬᠦ ᠪᠣᠯ  ᠮᠠᠨ ᠤ ᠬᠤᠰᠢᠭᠤᠨ ᠤ ᠵᠢᠭᠤᠯᠴᠢᠯᠠᠯ ᠤᠨ ᠠᠵᠤ

ᠦᠢᠯᠡᠰ ᠢ ᠲᠠᠰᠤᠷᠠᠯᠲᠠ ᠦᠭᠡᠢ  ᠬᠦᠭᠵᠢᠬᠦᠯᠵᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃

ᠤᠷᠠᠳ ᠤᠨ ᠬᠤᠶᠢᠲᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ᠂ ᠵᠢᠭᠤᠯᠴᠢᠯᠠᠯ ᠤᠨ ᠡᠯᠧᠮᠧᠨ᠋ᠲ

ᠡᠯᠪᠡᠭ ᠪᠠᠶᠠᠯᠢᠭ᠂ ᠰᠣᠶᠣᠯ ᠤᠨ ᠰᠠᠭᠤᠷᠢ ᠭᠦᠨ ᠵᠤᠵᠠᠭᠠᠨ ᠪᠠᠶᠢᠵᠤ᠂ ᠠᠮᠢ ᠠᠬᠤᠢ ᠶᠢᠨ ᠵᠢᠭᠤᠯᠴᠢᠯᠠᠯ ᠢ ᠬᠥᠭᠵᠢᠭᠦᠯᠬᠦ ᠨᠢ ᠶᠠᠭ ᠴᠠᠭ ᠲᠠᠭᠠᠨ ᠲᠣᠬᠢᠷᠠᠭᠰᠠᠨ

ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ

ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠪᠠᠨ ᠡᠬᠢ ᠪᠠᠶᠠᠯᠢᠭ ᠤᠨ ᠲᠥᠷᠥᠯᠬᠢ ᠨᠥᠬᠦᠴᠡᠯ ᠳᠤ ᠰᠠᠭᠤᠷᠢᠯᠠᠨ᠂ ᠠᠭᠤᠯᠠ᠂

ᠤᠰᠤ᠂ ᠣᠶ᠂ ᠲᠠᠷᠢᠶᠠᠨ ᠭᠠᠵᠠᠷ᠂ ᠨᠠᠭᠤᠷ᠂ ᠡᠪᠡᠰᠦ᠂ ᠡᠯᠡᠰᠦ ᠵᠡᠷᠭᠡ ᠪᠠᠶᠢᠭᠠᠯᠢ ᠶᠢᠨ ᠬᠦᠴᠦᠨ ᠵᠦᠢᠯ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ

ᠠᠭᠤᠰᠤᠯᠴᠠᠨ ᠬᠥᠭᠵᠢᠬᠦ ᠶᠢ ᠰᠦᠪᠡᠭᠴᠢᠯᠡᠵᠦ᠂ ᠪᠥᠬᠦ ᠣᠷᠣᠨ ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ᠂ ᠪᠥᠬᠦ ᠣᠷᠣᠨ ᠪᠦᠰᠡ ᠪᠠᠷ ᠢᠶᠠᠨ ᠬᠠᠮᠲᠤ ᠪᠠᠷ

ᠠᠭᠤᠰᠤᠯᠴᠠᠬᠤ᠂ ᠪᠥᠬᠦ ᠣᠷᠣᠨ ᠪᠦᠰᠡ ᠪᠠᠷ ᠢᠶᠠᠨ ᠬᠠᠮᠲᠤ ᠪᠠᠷ ᠡᠳ᠋ᠯᠡᠬᠦ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠬᠦᠴᠦᠯᠡᠨ

ᠪᠠᠶᠢᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠨ᠂ ᠨᠢᠭᠡ ᠠᠵᠢᠯ

ᠦᠢᠯᠡᠰ ᠢᠶᠠᠷ ᠬᠥᠭᠵᠢᠨ ᠮᠠᠨᠳᠤᠬᠤ ᠶᠢ ᠳᠠᠶᠢᠴᠢᠯᠠᠬᠤ ᠶᠢᠨ ᠠᠮᠢᠳᠤᠯᠢᠭ ᠪᠠᠶᠢᠳᠠᠯ ᠢ ᠪᠡᠶᠡᠯᠡᠭᠦᠯᠦᠨ᠎ᠡ᠃

         ᠡᠷᠬᠢᠨ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠶ ᠰᠢᠭᠤᠢ

ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ︽

ᠨᠢᠭᠡ ᠲᠥᠷᠥᠯ ᠵᠦᠢᠯ ᠳᠤ ᠨᠢᠭᠡ ᠲᠤᠰᠬᠠᠢ ᠠᠩᠭᠢ︾ ᠶᠢᠨ ᠵᠠᠷᠴᠢᠮ ᠶᠣᠰᠣᠭᠠᠷ᠂ ᠴᠢᠨᠠᠷ ᠰᠠᠶᠢᠲᠠᠢ ᠲᠥᠷᠥᠯ ᠵᠦᠢᠯ ᠢ ᠮᠠᠨ ᠤ ᠬᠤᠰᠢᠭᠤᠨ ᠳᠤ ᠠᠯᠢ ᠲᠦᠷᠭᠡᠨ ᠢᠶᠠᠷ

ᠦᠨᠳᠦᠰᠦᠯᠡᠭᠦᠯᠵᠦ᠂ ᠴᠡᠴᠡᠭᠯᠡᠨ ᠬᠦᠭᠵᠢᠬᠦᠯᠬᠦ ᠳᠤ ᠬᠦᠴᠤᠨ ᠨᠡᠮᠡᠷᠢᠯᠡᠬᠦ ᠬᠡᠷᠡᠭᠲᠡᠢ᠃ ᠡᠭᠦᠨ ᠤ ᠬᠠᠮᠲᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠡᠮᠦᠨᠡᠬᠢ

ᠬᠤᠭᠤᠴᠠᠭᠠᠨ ᠤ ᠭᠠᠷᠳᠠᠮ ᠢ ᠭᠦᠢᠴᠡᠳᠬᠡᠵᠦ᠂ ᠵᠥᠪᠰᠢᠶᠡᠷᠡᠭᠦᠯᠦᠭᠰᠡᠨ ᠦᠭᠡᠢ ᠪᠠᠷ ᠤᠷᠢᠳᠠᠪᠠᠷ ᠪᠠᠶᠢᠭᠤᠯᠬᠤ᠂ ᠵᠥᠪᠰᠢᠶᠡᠷᠡᠭᠦᠯᠦᠭᠰᠡᠨ ᠦᠭᠡᠢ ᠪᠠᠷ ᠤᠷᠢᠳᠠᠪᠠᠷ ᠡᠵᠡᠯᠡᠬᠦ

᠂ ᠪᠠᠶᠢᠭᠤᠯᠬᠤ ᠶᠢ ᠵᠥᠪᠰᠢᠶᠡᠷᠡᠭᠰᠡᠨ ᠨᠢ ᠨᠡᠶᠢᠴᠡᠬᠦ ᠦᠭᠡᠢ ᠵᠡᠷᠭᠡ ᠠᠮᠢ ᠠᠬᠤᠢ ᠶᠢ ᠡᠪᠳᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃

       ᠱᠠᠨᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᡁᠢ᠂ ᠲᠢᠶᠠᠨᠵᠢᠨ ᠤ ᠯᠢᠦᠢ ᠶᠢᠨ

ᠦᠵᠡᠮᠵᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠪᠠᠶᠠᠨᠨᠠᠭᠤᠷ ᠤᠨ

ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠬᠠᠷᠢᠭᠤᠴᠠᠯᠭᠠᠲᠠᠨ ᠹᠦ᠋ ᠴᠢᠶᠠᠩ᠂ ᠲᠢᠶᠠᠨᠵᠢᠨ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ

ᠡᠪᠯᠡᠯ ᠤᠨ ᠳᠠᠷᠤᠭ᠎ᠠ᠂ ᠲᠢᠶᠠᠨᠵᠢᠨ ᠤ ᠯᠢᠦᠢ ᠶᠢᠨ ᠦᠵᠡᠮᠵᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢ ᠶᠦᠩ ᠨᠠᠷ ᠬᠤᠷᠠᠯ ᠳᠤ ᠣᠷᠣᠯᠴᠠᠵᠠᠢ᠃

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ