| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ ᠬᠡᠪᠯᠡᠭᠳᠡᠭᠰᠡᠨ 5 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠵᠥᠪᠯᠡᠬᠦ | ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠶ᠎ᠡ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ | 2 ᠰᠠᠷ᠎ᠠ ᠠᠴᠠ 2023 ᠣᠨ ᠤ 6 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃ | ᠵᠣᠬᠢᠶᠠᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠯᠧᠨᠢᠨ ᠤ ᠦᠵᠡᠯ ᠤᠨ ᠨᠢᠭᠡᠳᠦᠮᠡᠯ | ᠹᠷᠣᠨᠲ ᠤᠨ ᠤᠨᠤᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ | ᠪᠦᠯᠦᠭ ᠤᠨ ᠪᠤᠰᠤ ᠬᠥᠮᠥᠰ᠂ ᠠᠷᠠᠳ ᠤᠨ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠤᠳᠤᠷᠢᠳᠤᠨ ᠤᠯᠤᠰ ᠲᠦᠷᠦ ᠶᠢᠨ | ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠪᠠ ᠲᠦᠷᠦ ᠶᠢᠨ ᠭᠤᠣᠯ ᠡᠭᠦᠷᠭᠡ ᠳᠤ | ᠦᠢᠯᠡᠴᠢᠯᠡᠵᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ | ᠴᠠᠭ ᠦᠶ᠎ᠡ ᠳᠤ ᠲᠤᠶᠢᠯ ᠤᠨ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠨᠢ ᠤᠯᠠᠨ | ᠲᠠᠯ᠎ᠠ ᠶᠢᠨ ᠥᠪᠡᠷᠮᠢᠴᠡ ᠳᠠᠪᠠᠭᠤᠯᠢᠭ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠲᠤᠷᠰᠢᠯᠭ᠎ᠠ ᠪᠠᠨ ᠳ᠋ᠦᠩᠨᠡᠵᠦ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠴᠠᠢ᠂ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠤᠢ᠃ ᠨᠢᠭᠡ ᠳᠤ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠤᠨᠤᠪᠴᠢᠳᠠᠢ ᠡᠵᠡᠮᠳᠡᠬᠦ ᠬᠡᠷᠡᠭᠲᠡᠢ᠃ ᠭᠤᠷᠪᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠳᠥᠷᠪᠡ ᠳᠤ᠂ ᠮᠠᠨ ᠤ ᠤᠯᠤᠰ ᠤᠨ ᠰᠢᠨ᠎ᠡ ᠮᠠᠶ᠋ᠢᠭ ᠤᠨ ᠲᠦᠷᠤ ᠶᠢᠨ | ᠨᠠᠮ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ᠃ ᠲᠠᠪᠤ ᠳᠤ᠂ ᠬᠥᠮᠥᠨ ᠤ ᠰᠡᠳᠬᠢᠯ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ | ᠃ ᠵᠢᠷᠭᠤᠭ᠎ᠠ ᠳᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠲᠤᠯᠤᠭ᠎ᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ ᠲᠥᠯᠥᠭᠡ ᠦᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠨᠠᠢᠮᠠ ᠳᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ | ᠃ ᠰᠢᠨ᠎ᠡ ᠪᠠᠶᠢᠳᠠᠯ ᠤᠨ ᠳᠣᠣᠷ᠎ᠠ᠂ ᠪᠢᠳᠡ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ | ᠨᠡᠩ ᠤᠯᠠᠨ ᠬᠥᠮᠥᠰ ᠢ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ | ᠵᠥᠪᠯᠡᠯᠭᠡ ᠬᠢᠬᠦ ᠳᠦᠷᠢᠮ ᠨᠢ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠲᠦᠷᠦ ᠶᠢᠨ ᠳᠦᠷᠢᠮ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ | ᠬᠥᠷᠥᠰᠥ ᠰᠢᠷᠣᠢ ᠠᠴᠠ ᠪᠤᠢ ᠪᠣᠯᠤᠭᠰᠠᠨ ᠰᠢᠨ᠎ᠡ ᠮᠠᠶ᠋ᠢᠭ ᠤᠨ ᠲᠦᠷᠦ ᠶᠢᠨ ᠨᠠᠮ ᠤᠨ ᠳᠦᠷᠢᠮ ᠪᠣᠯᠣᠨ᠎ᠠ᠃ ᠲᠡᠷᠡ ᠨᠢ ᠤᠳᠤ ᠦᠶ᠎ᠡ ᠶᠢᠨ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ᠨᠡᠶᠢᠴᠡᠬᠦ ᠪᠥᠭᠡᠳ ᠪᠠᠰᠠ ᠳᠤᠮᠳᠠᠳᠤ ᠶᠢᠨ ᠦᠨᠳᠦᠰᠦᠲᠡᠨ ᠤ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠳᠡᠯᠡᠬᠡᠢ ᠳ᠋ᠠᠬᠢᠨ ᠢ ᠨᠡᠶᠢᠲᠡ ᠶᠢᠨ | ᠪᠤᠯᠭᠠᠬᠤ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠦᠯᠡᠳᠡᠭᠡᠬᠦ ᠵᠡᠷᠭᠡ ᠰᠢᠯᠢᠳᠡᠭ ᠤᠯᠠᠮᠵᠢᠯᠠᠯᠲᠤ | ᠰᠣᠶᠣᠯ ᠲᠠᠢ ᠨᠡᠶᠢᠴᠡᠵᠦ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠣᠯᠪᠠᠰᠤᠨ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ | ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ | ᠵᠥᠪᠯᠡᠬᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠵᠡᠷᠭᠡ ᠴᠢᠳᠠᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠬᠦ ᠬᠡᠷᠡᠭᠲᠡᠢ᠃ ᠵᠥᠪᠯᠡᠬᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠵᠥᠪᠯᠡᠬᠦ ᠶᠠᠪᠤᠴᠠ ᠳᠠᠭᠠᠨ ᠥᠷᠭᠡᠨ ᠳᠡᠯᠭᠡᠷ | ᠪᠦᠯᠬᠦᠮᠳᠡᠯ ᠢ ᠠᠬᠢᠭᠤᠯᠵᠤ᠂ ᠤᠯᠠᠨ ᠨᠠᠮ ᠬᠠᠮᠲᠤᠷᠠᠨ ᠠᠵᠢᠯᠯᠠᠬᠤ ᠶᠢ ᠠᠬᠢᠭᠤᠯᠵᠤ᠂ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠲᠡᠦᠬᠡ ᠶᠢᠨ | ᠤᠯᠠᠮᠵᠢᠯᠠᠯ ᠢ ᠵᠠᠯᠭᠠᠮᠵᠢᠯᠠᠬᠬᠤ ᠪᠥᠭᠡᠳ ᠪᠠᠰᠠ ᠴᠠᠭ ᠦᠶ᠎ᠡ ᠶᠢᠨ ᠣᠨᠴᠠᠯᠢᠭ ᠢ ᠲᠤᠰᠬᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠤᠨ ᠤᠴᠢᠷ | ᠶᠠᠪᠤᠳᠠᠯ ᠪᠠᠶᠢᠪᠠᠯ ᠢᠯᠡᠭᠦᠦ ᠵᠥᠪᠳᠡᠯᠴᠡᠵᠦ᠂ ᠤᠴᠢᠷ ᠶᠠᠪᠤᠳᠠᠯ ᠲᠣᠬᠢᠶᠠᠯᠳᠤᠪᠠᠯ ᠢᠯᠡᠭᠦᠦ ᠵᠥᠪᠳᠡᠯᠴᠡᠵᠦ᠂ ᠤᠴᠢᠷ ᠶᠠᠪᠤᠳᠠᠯ ᠬᠢᠪᠡᠯ ᠢᠯᠡᠭᠦᠦ ᠵᠥᠪᠳᠡᠯᠴᠡᠬᠦ | ᠣᠨᠴᠠᠯᠢᠭ ᠪᠠ ᠳᠠᠪᠠᠭᠤᠯᠢᠭ ᠢ ᠭᠦᠢᠴᠡᠳ ᠢᠯᠡᠷᠡᠭᠦᠯᠬᠦ ᠬᠡᠷᠡᠭᠲᠡᠢ᠃ ᠵᠥᠪᠯᠡᠬᠦ ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ | ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ | ᠵᠥᠪᠯᠡᠯᠭᠡ᠂ ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠬᠦ ᠲᠠᠪᠴᠠᠩ ᠢ ᠪᠦᠷᠢᠨᠰᠢᠭᠦᠯᠵᠦ᠂ ᠵᠥᠪᠯᠡᠬᠦ ᠠᠷᠠᠳᠴᠢᠯᠠᠯ ᠤᠨ ᠥᠷᠭᠡᠨ | ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |