ᠤᠷᠠᠳ ᠤᠨ ᠬᠤᠶᠢᠲᠤ ᠬᠤᠰᠢᠭᠤᠨ ᠤ 2024 ᠣᠨ ᠤ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠭᠤᠶᠤᠴᠢᠯᠠᠬᠤ ᠲᠤᠬᠠᠢ ᠮᠡᠳᠡᠭᠳᠠᠯ
ᠨᠡᠶᠢᠲᠡᠯᠡᠭᠰᠡᠨ ᠴᠠᠭ᠄
2024/3/10

ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ᠂ ᠥᠷᠭᠡᠨ ᠣᠯᠠᠨ ᠠᠳᠠᠯ ᠦᠢᠯᠡᠰ ᠴᠣᠭᠴᠠᠯᠠᠭᠴᠢᠳ ᠲᠤ᠄

         ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ

ᠬᠤᠷᠢᠶ᠎ᠠ ᠶᠢᠨ ᠬᠡᠷᠡᠭᠵᠢᠭᠦᠯᠬᠦ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ

ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠮᠡᠳᠡᠭᠳᠡᠯ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂

ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠪᠦᠲᠦᠮᠵᠢᠲᠡᠶ ᠠᠬᠢᠭᠤᠯᠵᠤ᠂ ᠠᠳᠠᠯ ᠦᠢᠯᠡᠰ

ᠴᠣᠭᠴᠠᠯᠠᠬᠤ  ᠪᠠᠳᠤᠯᠠᠭᠠᠳᠤ ᠵᠢᠭᠡᠯᠡᠯᠭᠡ ᠪᠠᠷ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠢᠯ ᠢ ᠲᠡᠳᠬᠦᠨ ᠳᠡᠮᠵᠢᠬᠦ ᠶᠢ ᠭᠦᠢᠴᠡᠳ ᠪᠠᠳᠠᠷᠠᠭᠤᠯᠤᠨ᠎ᠠ᠃

ᠡᠳᠦᠭᠡ 2024 ᠣᠨ ᠤ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄

        ᠨᠢᠭᠡ᠂ ᠵᠢᠭᠡᠯᠡᠯᠭᠡ ᠣᠯᠭᠤᠬᠤ ᠡᠲᠡᠭᠡᠳ ᠪᠠ ᠬᠦᠷᠢᠶ᠎ᠡ  ᠬᠡᠪᠴᠢᠶ᠎ᠠ

        ᠤᠷᠠᠳ ᠤᠨ ᠬᠤᠶᠢᠲᠤ ᠬᠤᠰᠢᠭᠤᠨ ᠤ ᠬᠠᠮᠢᠶᠠᠷᠤᠯᠲᠠ ᠶᠢᠨ ᠬᠡᠪᠴᠢᠶᠡᠨ ᠳᠤ ᠲᠣᠭᠲᠠᠭᠰᠠᠨ ᠡᠵᠡᠩᠨᠡᠯᠲᠡ ᠶᠢᠨ ᠭᠠᠵᠠᠷ ᠲᠠᠢ ᠬᠤᠪᠢ ᠶᠢᠨ ᠡᠵᠡᠩᠨᠡᠯᠲᠡ ᠪᠠ

ᠵᠢᠵᠢᠭ ᠠᠵᠤ ᠠᠬᠤᠶᠢᠯᠠᠯ ᠤᠨ ᠦᠢᠯᠡᠰ ᠪᠣᠰᠬᠠᠭᠴᠢᠳ ᠲᠡᠷᠡᠴᠢᠯᠡᠨ ᠬᠠᠤᠯᠢ  ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠤ ᠪᠠᠶᠢᠭ᠎ᠠ ᠬᠤᠲᠠ ᠪᠠᠯᠭᠠᠰᠤᠨ ᠤ

ᠳᠠᠩᠰᠠᠯᠠᠭᠤᠯᠤᠭᠰᠠᠨ ᠠᠵᠢᠯ ᠠᠯᠳᠠᠭᠰᠠᠳ ᠠᠵᠢᠯ ᠣᠯᠬᠤ ᠳᠤ ᠬᠦᠴᠢᠷᠲᠡᠢ ᠬᠥᠮᠥᠰ ︵ᠵᠡᠮᠳᠡᠭᠴᠦᠳ ᠢ ᠪᠠᠭᠲᠠᠭᠠᠨ᠎ᠠ︶᠂ ᠴᠡᠷᠢᠭ ᠠᠴᠠ ᠬᠠᠯᠠᠭᠳᠠᠭᠰᠠᠳ᠂

ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ

ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠶᠢ ᠪᠠᠭᠲᠠᠭᠠᠨ᠎ᠠ︶᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ

ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠯᠥᠰᠦᠨ ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ

ᠠᠩᠬᠢᠵᠢᠷᠠᠭᠤᠯᠬᠤ ᠬᠥᠮᠥᠨ ᠠᠮᠠ᠂  ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ  ᠮᠠᠯᠴᠢᠨ  ᠲᠠᠷᠢᠶᠠᠴᠢᠳ ᠠᠳᠠᠯ ᠦᠢᠯᠡᠰ ᠴᠣᠭᠴᠠᠯᠠᠬᠤ  ᠪᠠᠳᠤᠯᠠᠭᠠᠳᠤ

ᠵᠢᠭᠡᠯᠡᠯᠭᠡ ᠭᠤᠶᠤᠴᠢᠯᠠᠵᠤ ᠪᠣᠯᠣᠨ᠎ᠠ᠃

       ᠬᠤᠶᠠᠷ᠂ ᠵᠢᠭᠡᠯᠡᠯᠭᠡ ᠶᠢᠨ ᠨᠥᠬᠦᠴᠡᠯ

       ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠠᠴᠠ  ᠠᠩᠬᠢᠵᠢᠷᠠᠭᠤᠯᠬᠤ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂

ᠣᠷᠣᠨ ᠰᠠᠭᠤᠴᠠ ᠶᠢᠨ ᠵᠢᠭᠡᠯᠡᠯᠭᠡ᠂ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ

ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶᠎ ᠶᠢ ᠭᠠᠷᠭᠠᠪᠠᠯ᠂ ᠭᠤᠶᠤᠴᠢᠯᠠᠭᠴᠢ ᠨᠢ ᠠᠳᠠᠯ ᠦᠢᠯᠡᠰ ᠴᠣᠭᠴᠠᠯᠠᠬᠤ  ᠪᠠᠳᠤᠯᠠᠭᠠᠳᠤ

ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠥᠨ ᠵᠢᠴᠢ ᠲᠡᠭᠦᠨ ᠤ  ᠬᠠᠨᠢ ᠨᠦᠬᠦᠷ ᠪᠤᠰᠤᠳ ᠵᠢᠭᠡᠯᠡᠯᠭᠡ ᠦᠭᠡᠢ ᠪᠠᠶᠢᠬᠤ ᠬᠡᠷᠡᠭᠳᠠᠢ᠃

       ᠭᠤᠷᠪᠠ᠂ ᠵᠢᠭᠡᠯᠡᠯᠭᠡ ᠎ ᠶᠢᠨ  ᠲᠤᠭ᠎ᠠ ᠬᠡᠮᠵᠢᠶ᠎ᠡ᠂ ᠳᠠᠮ ᠬᠦᠦ ᠎ ᠶᠢᠨ ᠬᠤᠭᠤᠴᠠᠭ᠎ᠠ ᠬᠢᠵᠠᠭᠠᠷ ᠬᠢᠭᠡᠳ ᠪᠠᠷᠢᠮᠵᠢᠶ᠎ᠠ

       ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ  ᠪᠠᠳᠤᠠᠯᠠᠭᠠᠳᠤ ᠵᠢᠭᠡᠯᠡᠯᠭᠡ ᠶᠢᠨ ᠬᠠᠮᠤᠭ ᠥᠨᠳᠥᠷ ᠲᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ

ᠦᠭᠡᠢ᠃ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠭᠤᠶᠤᠴᠢᠯᠠᠬᠤ ᠬᠤᠭᠤᠴᠠᠭ᠎ᠠ ᠬᠢᠵᠠᠭᠠᠷ ᠨᠢ 2 ᠵᠢᠯ ᠪᠣᠯᠣᠨ᠎ᠠ᠃

       ᠵᠢᠵᠢᠭ ᠠᠵᠤ ᠠᠬᠤᠶᠢᠯᠠᠯ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠭᠤᠶᠤᠴᠢᠯᠠᠨ ᠭᠦᠢᠴᠡᠳᠬᠡᠬᠦ ᠳᠤ ᠬᠠᠮᠤᠭ ᠤᠨ ᠥᠨᠳᠥᠷ ᠲᠡᠭᠡᠨ 400

ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠡᠭᠦᠨ ᠤ ᠬᠠᠮᠲᠤ ᠪᠦᠷᠢᠯᠳᠦᠭᠦᠯᠬᠦ ᠴᠢᠬᠤᠯᠠᠲᠠᠢ ᠨᠥᠬᠦᠴᠡᠯ ᠭᠡᠪᠡᠯ᠄ ᠠᠳᠠᠯ ᠦᠢᠯᠡᠰ ᠴᠣᠭᠴᠠᠯᠠᠬᠤ 

ᠪᠠᠳᠤᠯᠠᠭᠠᠳᠤ ᠵᠢᠭᠡᠯᠡᠯᠭᠡ ᠶᠢ ᠭᠤᠶᠤᠴᠢᠯᠠᠬᠤ ᠠᠴᠠ ᠡᠮᠦᠨ᠎ᠡ 1 ᠵᠢᠯ ᠤᠨ ᠳᠣᠲᠣᠷ᠎ᠠ ᠰᠢᠨ᠎ᠡ ᠪᠠᠷ ᠡᠯᠰᠡᠵᠦ ᠬᠡᠷᠡᠭᠯᠡᠭᠰᠡᠨ ᠠᠳᠠᠯ ᠦᠢᠯᠡᠰ ᠴᠣᠭᠴᠠᠯᠠᠬᠤ  ᠪᠠᠳᠤᠯᠠᠭᠠᠳᠤ

ᠵᠢᠭᠡᠯᠡᠯᠭᠡ ᠶᠢ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠨᠢ ᠠᠵᠤ ᠠᠬᠤᠶᠢᠯᠠᠯ ᠤᠨ ᠤᠳᠤ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ

ᠲᠤᠭ᠎ᠠ ᠶᠢᠨ 10% ︵100 ᠬᠥᠮᠥᠨ ᠠᠴᠠ ᠬᠡᠲᠦᠷᠡᠭᠰᠡᠨ ᠠᠵᠤ ᠠᠬᠤᠶᠢᠯᠠᠯ 5%᠎ ᠳᠤ ᠬᠦᠷᠦᠨ᠎ᠡ︶᠎ ᠳᠤ ᠬᠦᠷᠦᠭᠰᠡᠨ ᠪᠥᠭᠡᠳ ᠲᠡᠭᠦᠨ ᠲᠠᠢ 1 ᠵᠢᠯ ᠠᠴᠠ

ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠠᠶᠢᠬᠤ ᠬᠡᠷᠡᠭᠲᠡᠢ᠃ ᠵᠢᠵᠢᠭ ᠠᠵᠤ ᠠᠬᠤᠶᠢᠯᠠᠯ ᠤᠳ ᠠᠵᠢᠯᠲᠠᠨ ᠠᠵᠢᠯᠴᠢᠨ ᠤ ᠴᠠᠯᠢᠩ ᠢ ᠥᠷᠢᠲᠦᠵᠦ

ᠤᠳᠠᠭᠠᠰᠢᠷᠠᠭᠤᠯᠤᠭᠰᠠᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠥᠷᠢᠲᠦᠵᠦ ᠲᠤᠰᠢᠶᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ

ᠨᠣᠴᠢᠲᠠᠢ ᠢᠲᠡᠭᠡᠮᠵᠢ ᠶᠢᠨ ᠲᠡᠮᠳᠡᠭᠯᠡᠯ ᠦᠭᠡᠢ ᠪᠠᠶᠢᠬᠤ ᠬᠡᠷᠡᠭᠲᠡᠢ᠃ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ

ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃

       ᠨᠥᠬᠦᠴᠡᠯ ᠳᠤ ᠨᠡᠶᠢᠴᠡᠬᠦ ᠬᠤᠪᠢ ᠬᠥᠮᠥᠨ ᠪᠠ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂

ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ 50%᠎ ᠶᠢᠨ ᠳᠠᠮ ᠬᠦᠦ ᠣᠯᠭᠤᠨ᠎ᠠ᠃

       ᠢᠳᠡᠪᠬᠢᠲᠡᠢ ᠪᠠᠷ ᠵᠣᠭᠤᠰ ᠪᠤᠴᠠᠭᠠᠬᠤ᠂ ᠠᠵᠢᠯ ᠣᠯᠭᠤᠬᠤ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠢᠯᠡᠰ ᠴᠣᠭᠴᠠᠯᠠᠬᠤ ᠲᠥᠷᠥᠯ

ᠵᠦᠢᠯ ᠢᠶᠠᠷ ᠰᠠᠶᠢᠨ ᠵᠣᠭᠤᠰ ᠵᠢᠭᠡᠯᠡᠭᠰᠡᠨ ᠬᠤᠪᠢ ᠬᠥᠮᠥᠨ ᠪᠤᠶᠤ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ  ᠪᠠᠳᠤᠯᠠᠭᠠᠳᠤ

ᠵᠢᠭᠡᠯᠡᠯᠭᠡ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠦᠷᠭᠦᠯᠵᠢᠯᠡᠨ ᠵᠢᠭᠡᠯᠡᠯᠭᠡ ᠭᠤᠶᠤᠴᠢᠯᠠᠬᠤ ᠵᠢᠴᠢ ᠳᠠᠮ ᠬᠦᠦ ᠶᠢᠨ ᠳᠡᠮᠵᠢᠯᠭᠡ ᠤᠯᠭᠤᠨ᠎ᠠ᠃

       ᠳᠥᠷᠪᠡ᠂ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢᠨ ᠪᠠᠳᠤᠯᠠᠭ᠎ᠠ ᠶᠢᠨ ᠬᠡᠯᠪᠡᠷᠢ

       ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢ  ᠪᠠᠳᠤᠯᠠᠬᠤ ᠪᠠ ᠪᠠᠷᠢᠴᠠᠭᠠᠯᠠᠬᠤ ᠬᠤᠶᠠᠷ ᠵᠦᠢᠯ ᠤᠨ ᠬᠡᠯᠪᠡᠷᠢ ᠬᠤᠪᠢᠶᠠᠵᠤ᠂

ᠵᠣᠭᠤᠰ ᠵᠢᠭᠡᠯᠡᠭᠴᠢ ᠬᠢᠭᠡᠳ ᠭᠠᠷᠲᠠᠨ ᠭᠦᠢᠴᠡᠳᠬᠡᠬᠦ ᠪᠠᠩᠬᠢ ᠥᠪᠡᠰᠦᠪᠡᠨ ᠵᠥᠪᠳᠡᠯᠴᠡᠨ ᠲᠣᠭᠲᠠᠭᠠᠨ᠎ᠠ᠃ ᠬᠤᠪᠢ ᠬᠥᠮᠥᠨ ᠤ 10 ᠲᠦᠮᠡᠨ ᠲᠥᠭᠦᠷᠢᠭ ᠠᠴᠠ

ᠳᠣᠷᠣᠭᠰᠢᠬᠢ ᠠᠳᠠᠯ ᠦᠢᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ᠂ ᠠᠶᠢᠮᠠᠭ ᠬᠤᠲᠠ ᠶᠢᠨ ᠱᠠᠲᠤᠨ ᠠᠴᠠ ᠳᠡᠭᠡᠭᠰᠢᠬᠢ ᠢᠷᠠᠭᠤ ᠠᠯᠳᠠᠷ ᠤᠨ ᠴᠣᠯᠠ ᠭᠥᠷᠳᠡᠭᠰᠡᠨ

ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠡᠯᠡᠨ ᠵᠢᠱᠢᠵᠦ ᠦᠨᠡᠮᠰᠢᠭᠰᠡᠨ ᠢᠲᠡᠭᠡᠮᠵᠢ ᠪᠠᠷ ᠰᠠᠶᠢᠨ ᠠᠳᠠᠯ ᠦᠢᠯᠡᠰ ᠴᠣᠭᠴᠠᠯᠠᠭᠴᠢ ᠳᠤ ᠭᠡᠳᠡᠷᠭᠦ 

ᠪᠠᠳᠤᠯᠠᠭ᠎ᠠ ᠬᠢᠬᠦ ᠶᠢ ᠵᠠᠷᠴᠢᠮ ᠳᠡᠭᠡᠷ᠎ᠡ ᠪᠠᠨ ᠬᠦᠴᠦᠨ ᠦᠭᠡᠢ ᠪᠣᠯᠭᠠᠨ᠎ᠠ᠃

       ᠲᠠᠪᠤ᠂ ᠠᠳᠠᠯ ᠦᠢᠯᠡᠰ ᠴᠣᠭᠴᠠᠯᠠᠬᠤ  ᠪᠠᠳᠤᠯᠠᠭ᠎ᠠ ᠶᠢᠨ ᠵᠢᠭᠡᠯᠡᠯᠭᠡ ᠶᠢ ᠭᠤᠶᠤᠴᠢᠯᠠᠬᠤ ᠳᠤ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ

       ︵ᠨᠢᠭᠡ︶ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢ ᠭᠦᠢᠴᠡᠳᠬᠡᠬᠦ ᠳᠤ ᠲᠤᠰᠢᠶᠠᠭᠰᠠᠨ ᠮᠠᠲ᠋ᠧᠷᠢᠶᠠᠯ

      1᠂ ᠵᠣᠭᠤᠰ ᠵᠢᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ ︵A4 ᠴᠠᠭᠠᠰᠤ︶︔

      2. ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠢᠴᠢ ᠬᠤᠯᠪᠣᠭᠳᠠᠯ ᠪᠦᠬᠦᠢ ᠠᠵᠢᠯ ᠡᠷᠭᠢᠯᠡᠬᠦ ᠦᠨᠡᠮᠯᠡᠯ ᠤᠨ ᠬᠠᠭᠤᠯᠪᠤᠷᠢ 1 ᠬᠤᠪᠢ ︵

A4 ᠴᠠᠭᠠᠰᠤ︶ ᡽

      3. ︽ᠤᠷᠠᠳ ᠤᠨ ᠬᠤᠶᠢᠲᠤ ᠬᠤᠰᠢᠭᠤᠨ ᠤ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢᠨ ᠬᠤᠪᠢ ᠬᠥᠮᠥᠨ ᠤ ᠭᠤᠶᠤᠴᠢᠯᠠᠬᠤ

ᠬᠦᠰᠦᠨᠦᠭᠲᠦ︾᠎ ᠶᠢ 1 ᠬᠤᠪᠢ ᠲᠠᠭᠯᠠᠨ᠎ᠠ︔

      ︵ᠬᠤᠶᠠᠷ︶ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢ ᠭᠦᠢᠴᠡᠳᠬᠡᠬᠦ ᠳᠤ ᠲᠤᠰᠢᠶᠠᠭᠰᠠᠨ ᠮᠠᠲ᠋ᠧᠷᠢᠶᠠᠯ

      1. ︽ᠤᠷᠠᠳ ᠤᠨ ᠬᠤᠶᠢᠲᠤ ᠬᠤᠰᠢᠭᠤᠨ ᠤ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠶᠢᠨ ᠵᠢᠵᠢᠭ ᠪᠢᠴᠢᠯ ᠠᠵᠤ ᠠᠬᠤᠶᠢᠯᠠᠯ ᠤᠨ

ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠨ᠎ᠠ

      2᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠠᠵᠤ ᠠᠬᠤᠶᠢᠯᠠᠯ ᠲᠠᠮᠠᠭ᠎ᠠ ᠳᠠᠷᠤᠨ᠎ᠠ︶︔

      3᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠠᠵᠤ ᠠᠬᠤᠶᠢᠯᠠᠯ ᠲᠠᠮᠠᠭ᠎ᠠ ᠳᠠᠷᠤᠨ᠎ᠠ︶︔

      ᠵᠢᠷᠭᠤᠭ᠎ᠠ᠂ ᠠᠳᠠᠯ ᠦᠢᠯᠡᠰ ᠴᠣᠭᠴᠠᠯᠠᠬᠤ  ᠪᠠᠳᠤᠯᠠᠭᠠᠳᠤ ᠵᠢᠭᠡᠯᠡᠯᠭᠡ ᠭᠤᠶᠤᠴᠢᠯᠠᠬᠤ ᠠᠷᠭ᠎ᠠ ᠮᠠᠶ᠋ᠢᠭ

      ᠵᠢᠭᠡᠯᠡᠯᠭᠡ ᠭᠤᠶᠤᠴᠢᠯᠠᠭᠴᠢ ᠨᠢ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠤᠶᠤ ᠠᠵᠢᠯ

ᠣᠯᠭᠤᠬᠤ ᠦᠢᠯᠡᠴᠢᠯᠡᠭᠡᠨ ᠤ ᠲᠥᠪ ᠤᠨ 405 ᠲᠠᠰᠤᠭ ᠲᠤ ᠭᠤᠶᠤᠴᠢᠯᠠᠯ ᠢᠶᠠᠨ ᠲᠤᠰᠢᠶᠠᠬᠤ ᠬᠡᠷᠡᠭᠲᠡᠢ᠂ ᠪᠣᠳᠠᠲᠠᠢ ᠬᠠᠷᠢᠯᠴᠠᠬᠤ ᠠᠷᠭ᠎ᠠ ᠮᠠᠶ᠋ᠢᠭ᠄

      ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠄ 0478 — 4665392

      ᠬᠤᠰᠢᠭᠤᠨ ᠎ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 7 ᠳ᠋ᠤᠭᠠᠷ ᠴᠤᠩᠬᠤᠪᠴᠢ᠄ 0478— 4631016

      ᠬᠦᠬᠡᠨ᠋ᠦ᠋ᠨᠳᠤᠷ ᠪᠠᠯᠭᠠᠰᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ᠄ 0478 — 4608009

      ᠴᠤᠬᠠᠦ᠋ᠨᠳᠤᠷ ᠪᠠᠯᠭᠠᠰᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ᠄ 15049399131

      ᠤᠦ ᠶᠢᠨ ᠭᠤᠤᠯ ᠰᠤᠮᠤ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ᠄ 13739909068

      ᠬᠦᠬᠡᠴᠤ ᠰᠤᠮᠤ ᠶᠢᠨ ᠬᠥᠳᠡᠯᠮᠦᠷᠢ ᠶᠢᠨ ᠪᠠᠲᠤᠯᠠᠪᠤᠷᠢ ᠶᠢᠨ ᠬᠡᠷᠡᠭ ᠡᠷᠬᠢᠯᠡᠬᠦ ᠭᠠᠵᠠᠷ᠄ 13500689556

      ᠪᠠᠶᠠᠨᠴᠢᠨᠳᠠᠮᠤᠨᠢ ᠰᠤᠮᠤ ᠶᠢᠨ ᠬᠥᠳᠡᠯᠮᠦᠷᠢ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ᠄ 13739903999

                 ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ

                            2024 ᠤᠨ ᠤ 1 ᠰᠠᠷ᠎ᠠ ᠶᠢᠨ 22᠎ ᠤ ᠡᠳᠤᠷ

 

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ