ᠤᠷᠠᠳ ᠤᠨ ᠬᠤᠶᠢᠲᠤ ᠬᠤᠰᠢᠭᠤ ︽3·8︾  ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/3/11

      3 ᠰᠠᠷ᠎ᠠ ᠶᠢᠨ 8 ᠤ ᠡᠳᠦᠷ᠂ ᠤᠷᠠᠳ ᠤᠨ ᠬᠤᠶᠢᠲᠤ ᠬᠤᠰᠢᠭᠤᠨ ᠤ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ

114 ᠵᠢᠯ ᠤᠨ ᠣᠶ ᠶᠢ ᠳᠤᠷᠠᠰᠬᠠᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ︽  ᠢᠩᠭᠡᠨ ᠰᠦ ᠬᠤᠨᠳᠠᠭᠠᠲᠤ︾ ᠲᠠᠯᠠᠪᠠᠶ ᠶᠢᠨ ᠪᠥᠵᠢᠭ ᠤᠨ

ᠤᠷᠤᠯᠳᠤᠭᠠᠨ ᠤᠷᠠᠳ ᠤᠨ ᠬᠤᠶᠢᠲᠤ ᠬᠤᠰᠢᠭᠤᠨ ᠤ  ᠨᠠᠷᠬᠠᠭᠤᠯᠨ ᠠᠮᠢ ᠠᠬᠤᠢ ᠶᠢᠨ ᠰᠣᠶᠣᠯ ᠤᠨ ᠲᠠᠯᠠᠪᠠᠶ ᠳᠤ ᠶᠠᠪᠤᠭᠳᠠᠪᠠ᠃ ᠶᠡᠭᠡ ᠬᠤᠷᠠᠯ ᠠᠴᠠ  ᠪᠦᠭᠦ

ᠬᠤᠰᠢᠭᠤᠨ ᠤ ᠡᠯ᠎ᠡ ᠠᠵᠢᠯ ᠲᠦᠷᠤᠯ ᠡᠯ᠎ᠡ ᠹᠷᠣᠨᠲ ᠲᠤ ᠴᠣᠯᠭᠤᠷᠠᠨ ᠭᠠᠷᠤᠭᠰᠠᠨ ᠡᠮᠡᠭᠲᠡᠶᠢᠴᠦᠳ ᠤᠨ ᠠᠵᠢᠯ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ

ᠬᠤᠪᠢ ᠬᠥᠮᠥᠨ ᠢ ᠦᠪᠡᠳᠡᠭᠰᠢ ᠶᠡᠬᠡᠪᠡᠷ ᠬᠥᠬᠢᠭᠦᠯᠦᠨ ᠰᠠᠶᠢᠰᠢᠶᠠᠪᠠ᠃  ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠶᠢᠨ ᠪᠦᠦ᠂ ᠬᠤᠰᠢᠭᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ

ᠲᠡᠷᠢᠭᠦᠯᠡᠭᠴᠢ ᠶᠠᠨ ᠰᠢᠶᠣᠣ ᠶᠦᠨ ᠵᠡᠷᠭᠡ ᠬᠤᠰᠢᠭᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃

      ᠶᠡᠭᠡ ᠬᠤᠷᠠᠯ ᠠᠴᠠ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠡᠮᠡᠭᠲᠡᠶᠢᠴᠦᠳ ᠤᠨ ᠠᠵᠢᠯᠲᠠᠳ ᠵᠢᠴᠢ ᠣᠷᠳᠣ

ᠬᠤᠭᠤᠴᠠᠭᠠᠨ ᠤ ᠲᠤᠷᠰᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ

ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃ ᠶᠡᠭᠡ ᠬᠤᠷᠠᠯ ᠠᠴᠠ ᠰᠢᠯᠢᠳᠡᠭ ᠡᠮᠡᠭᠲᠡᠶᠢᠴᠦᠳ ᠤᠨ ᠰᠠᠶᠢᠨ

ᠳᠤᠷ᠎ᠠ ᠶᠢᠨ ᠦᠢᠯᠡᠴᠢᠯᠡᠭᠡᠨ ᠤ ᠠᠩᠭᠢ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠲᠡᠷᠢᠭᠦᠨ ᠤ ᠬᠠᠮᠲᠤ ᠨᠢᠭᠡᠴᠨ᠂ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ

ᠲᠤᠭ ᠤᠨ ᠲᠡᠷᠢᠭᠦᠨ ᠤ ᠬᠠᠮᠲᠤ ᠨᠢᠭᠡᠴᠨ᠂ ᠲᠡᠷᠢᠭᠦᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ᠂ ︽

ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠶᠢᠨ 21 ᠲᠡᠷᠢᠭᠦᠨ ᠤ ᠬᠠᠮᠲᠤ ᠨᠢᠭᠡᠴᠨ᠂ ᠰᠢᠯᠢᠳᠡᠭ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ᠂

︽ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾᠂ ︽3·8  ᠤ ᠤᠯᠠᠭᠠᠨ ᠲᠤᠭ  ᠤᠨ ᠲᠡᠷᠢᠭᠦᠨ ᠤ ᠬᠤᠪᠢ ᠬᠥᠮᠥᠨ︾30 ᠲᠡᠷᠢᠭᠦᠨ ᠤ ᠬᠤᠪᠢ

ᠬᠥᠮᠥᠨ᠂︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢᠨ ᠵᠢᠱᠢᠶ᠎ᠡ ᠦᠵᠡᠭᠦᠯᠬᠦ ᠡᠷᠦᠬᠡ᠂ ︽ᠬᠠᠮᠤᠭ ᠤᠨ ᠭᠤᠶᠤ ᠭᠡᠷ ᠪᠦᠯᠢ︾ ᠶᠢᠨ ᠵᠢᠱᠢᠶ᠎ᠡ ᠦᠵᠡᠭᠦᠯᠬᠦ ᠡᠷᠦᠬᠡ

᠂ ︽ᠠᠷᠢᠭᠤᠨ ᠴᠡᠪᠡᠷ ᠠᠶᠢᠯ ᠡᠷᠦᠬᠡ︾᠂ ︽ᠰᠢᠯᠢᠳᠡᠭ ᠪᠡᠷᠢ︾᠂ ︽ᠠᠮᠤᠷ ᠠᠮᠤᠭᠤᠯᠠᠩ ᠭᠡᠷ ᠪᠦᠯᠢ︾ ᠶᠢᠨ ᠵᠢᠱᠢᠶ᠎ᠡ ᠦᠵᠡᠭᠦᠯᠬᠦ 48 ᠭᠡᠷ ᠪᠦᠯᠢ ᠶᠢ ᠬᠥᠬᠢᠭᠦᠯᠦᠨ

ᠰᠠᠶᠢᠰᠢᠶᠠᠪᠠ᠃ ︽3·8︾  ᠤ ᠤᠯᠠᠭᠠᠨ ᠲᠤᠭ  ᠤᠨ ᠲᠡᠷᠢᠭᠦᠨ ᠤ ᠬᠤᠪᠢ ᠬᠥᠮᠥᠨ︾ ᠤ ᠲᠥᠯᠥᠭᠡᠯᠡᠭᠴᠢ ᠸᠥ᠋ᠨ ᠷᠦᠢ᠂ ︽ᠡᠮᠡᠭᠲᠡᠶᠢᠴᠦᠳ ᠤᠨ ᠭᠠᠪᠢᠶ᠎ᠠ

ᠪᠠᠶᠢᠭᠤᠯᠤᠭᠰᠠᠨ ᠲᠡᠷᠢᠭᠦᠨ ᠤ ᠬᠠᠮᠲᠤ︾ ᠶᠢᠨ ᠲᠥᠯᠥᠭᠡᠯᠡᠭᠴᠢ ᠴᠢᠶᠠᠨ ᠯᠢ ᠨᠠ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢ ᠶᠢᠨ  ᠶᠠᠷᠢᠶ᠎ᠠ ᠲᠠᠯᠪᠢᠪᠡ᠃

      ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢᠨ ᠳᠠᠷᠠᠭ᠎ᠠ ︽ᠢᠩᠭᠡᠨ ᠰᠦ ᠬᠤᠨᠳᠠᠭᠠᠲᠤ︾ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠡᠬᠢᠯᠡᠭᠦᠯᠵᠦ᠂ ᠡᠯ᠎ᠡ

ᠤᠷᠤᠯᠳᠤᠭᠠᠨ ᠳᠤ ᠣᠷᠣᠯᠴᠠᠬᠤ ᠠᠩᠭᠢ ᠶᠢᠨ ᠬᠢᠨ ᠳᠡᠰ ᠳᠠᠷᠠᠭ᠎ᠠ ᠲᠠᠢ ᠪᠠᠷ ᠲᠣᠭᠯᠠᠯᠲᠠ ᠭᠠᠷᠭᠠᠵᠤ᠂ ᠤᠷᠤᠯᠳᠤᠭᠠᠨ ᠳᠤ ᠣᠷᠣᠯᠴᠠᠭᠰᠠᠳ ᠪᠠᠶᠠᠷ ᠬᠦᠷ ᠲᠠᠢ

ᠬᠥᠭᠵᠢᠮ ᠤᠨ  ᠲᠤᠮᠲᠡ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠷ ᠡᠷᠡᠭᠦᠯ ᠥᠭᠡᠳᠡᠷᠬᠡᠭ᠂ ᠪᠠᠶᠠᠰᠤᠩᠭᠤᠢ ᠤᠷᠤᠭᠰᠢᠯᠠᠨ

ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ

ᠠᠮᠢᠳᠤᠷᠠᠯ ᠤᠨ ᠲᠤᠬᠠᠢ ᠮᠠᠭᠲᠠᠭᠠᠯ ᠰᠠᠶᠢᠰᠢᠶᠠᠯ ᠢ ᠪᠥᠵᠢᠭᠯᠡᠨ᠂ ᠨᠢᠭᠡ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂

ᠲᠤᠬᠠᠢ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠳᠠᠷᠠᠭ᠎ᠠ ᠪᠠᠷ ᠨᠢ ᠪᠠᠰᠠ ᠬᠠᠪᠤᠷ ᠤᠨ ᠰᠠᠯᠬᠢ ᠪᠠᠷ ᠠᠵᠢᠯ ᠤᠨ ᠪᠠᠶᠢᠷᠢ

ᠬᠦᠷᠭᠡᠬᠦ᠂ ᠬᠠᠪᠤᠷ ᠤᠨ ᠰᠠᠯᠬᠢ ᠪᠠᠷ ᠡᠷᠡᠭᠦᠯ ᠮᠡᠨᠳᠤ ᠶᠢ ᠬᠦᠷᠭᠡᠬᠦ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ