ᠬᠤᠰᠢᠭᠤᠨ ᠤ ᠤᠯᠤᠰ ᠲᠦᠷᠤ ᠶᠢᠨ ᠵᠦᠪᠯᠠᠯᠬᠡᠨ ᠤ ᠲᠠᠷᠢᠬᠦᠯᠡᠭᠴᠢ ᠶᠠᠨ ᠰᠢᠶᠣᠣ ᠶᠦᠨ ᠪᠦᠯᠬᠦᠮ ᠳᠠᠭᠠᠭᠤᠯᠤᠨ ᠰᠢᠨᠵᠢᠶᠠᠩ ᠤᠨ ᠤᠶᠢᠭᠤᠷ ᠤᠨ ᠦᠪᠡᠷᠳᠡᠬᠡᠨ ᠵᠠᠰᠠᠬᠤ ᠣᠷᠣᠨ ᠤ ᠵᠡᠭᠦᠨᠳᠡᠬᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/3/12

      2 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ

ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠵᠡᠭᠦᠨᠳᠡᠬᠢ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ᠬᠠᠮᠢᠶ᠎ᠠ

ᠪᠦᠬᠦᠢ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ᠃

        ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨᠵᠢᠶᠠᠩ ᠤᠨ ᠵᠢᠦ ᠬᠤᠸᠠ ᠲᠢᠶᠠᠨ ᠪᠠᠷᠠᠭᠠᠨ ᠤ ᠭᠦᠢᠯᠭᠡᠭᠡᠨ ᠤ ᠬᠢᠵᠠᠭᠠᠷᠲᠤ

ᠺᠣᠮᠫᠠᠨᠢ ᠶᠢᠨ ᠵᠡᠭᠦᠨᠭᠠᠷ ᠤᠨ ᠨᠡᠭᠦᠷᠡᠰᠦ ᠲᠠᠬᠡᠬᠡᠪᠤᠷᠢᠯᠠᠬᠦ  ᠵᠠᠮ ᠱᠤᠭᠤᠮ᠂ ᠰᠢᠨᠵᠢᠶᠠᠩ ᠤᠨ ᠢ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ

ᠵᠠᠳᠠᠭᠠᠢ ᠨᠡᠭᠦᠷᠡᠰᠦᠨ ᠠᠭᠤᠷᠬᠠᠢ ᠵᠢᠴᠢ ᠲᠡᠮᠦᠷ ᠵᠠᠮ ᠤᠨ ᠲᠤᠰᠬᠠᠢ ᠱᠤᠭᠤᠮ ᠢᠶᠠᠷ ᠲᠣᠭᠤᠷᠢᠨ ᠦᠵᠡᠭᠰᠡᠨ ᠪᠥᠭᠡᠳ ᠲᠤᠰ ᠲᠤᠰ ᠶᠠᠷᠢᠯᠴᠠᠬᠤ ᠬᠤᠷᠠᠯ

ᠬᠤᠷᠠᠯᠳᠤᠭᠤᠯᠵᠠᠢ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠨᠡᠭᠦᠷᠡᠰᠦᠨ ᠤ  ᠠᠶᠠᠨ ᠵᠠᠮ ᠤᠨ ᠲᠡᠭᠡᠭᠡᠪᠦᠷᠢ ᠪᠦᠲᠦᠭᠡᠨ ᠪᠠᠶᠢᠭᠤᠯᠤᠯᠲᠠ ᠡᠵᠡᠩᠨᠡᠯᠲᠡ᠂ ᠤᠳᠤ

ᠦᠶ᠎ᠡ ᠶᠢᠨ ᠪᠠᠷᠠᠭᠠᠨ ᠤ ᠭᠦᠢᠯᠭᠡᠭᠡ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠵᠥᠪᠳᠡᠨ ᠶᠠᠷᠢᠯᠴᠠᠵᠤ

ᠰᠠᠨᠠᠯ ᠢᠶᠠᠨ ᠰᠣᠯᠢᠯᠴᠠᠪᠠ᠃

       ᠶᠠᠨ ᠰᠢᠶᠣᠣ ᠶᠦᠨ ᠬᠡᠯᠡᠬᠦ ᠳᠡᠭᠡᠨ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠰᠠᠭᠤᠷᠢ ᠨᠡᠯᠢᠶᠡᠳ ᠰᠠᠶᠢᠨ᠂ ᠬᠢᠮᠢ ᠶᠢᠨ ᠠᠵᠤ

ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠬᠦᠴᠦᠨ ᠵᠦᠢᠯ ᠪᠦᠷᠢᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠲᠠᠯ᠎ᠠ

ᠢᠯᠡᠷᠬᠡᠢ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠰᠢᠨᠵᠢᠶᠠᠩ ᠤᠨ ᠨᠡᠭᠦᠷᠡᠰᠦ ᠶᠢ ᠵᠡᠭᠦᠨᠰᠢ ᠵᠥᠭᠡᠭᠡᠪᠦᠷᠢᠯᠡᠬᠦ ᠪᠠ ᠤᠷᠠᠳ ᠤᠨ

ᠬᠤᠶᠢᠲᠤ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠦᠬᠡᠴᠠᠯᠠᠵᠤ ᠵᠥᠭᠡᠭᠡᠪᠦᠷᠢᠯᠡᠬᠦ ᠰᠠᠭᠤᠷᠢᠨ ᠭᠠᠵᠠᠷ ᠪᠠᠶᠢᠭᠤᠯᠬᠤ ᠬᠥᠭᠵᠢᠯᠲᠡ ᠶᠢᠨ ᠠᠵᠠ

ᠲᠣᠬᠢᠶᠠᠯ ᠢ ᠠᠰᠢᠭᠯᠠᠨ᠂ ᠬᠤᠶᠠᠷ ᠲᠠᠯ᠎ᠠ ᠪᠠᠷ ᠢᠶᠠᠨ ᠨᠡᠭᠦᠷᠡᠰᠦ ᠨᠥᠭᠡᠴᠡᠯᠡᠬᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠨᠡᠭᠦᠷᠡᠰᠦ ᠬᠢᠮᠢ ᠶᠢᠨ ᠠᠵᠤ

ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠠᠳ ᠤᠨ ᠬᠤᠶᠢᠲᠤ

ᠬᠤᠰᠢᠭᠤᠨ ᠤ ᠡᠬᠢ ᠪᠠᠶᠠᠯᠢᠭ ᠢ ᠪᠣᠬᠢᠷᠲᠤᠯ ᠦᠭᠡᠢ ᠪᠠᠷ ᠤᠯᠠᠷᠢᠭᠤᠯᠤᠨ ᠥᠨᠳᠥᠷ ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠵᠤ᠂ ︽ᠰᠢᠨᠵᠢᠶᠠᠩ ᠤᠨ

ᠨᠡᠭᠦᠷᠡᠰᠦ ᠶᠢ ᠮᠣᠩᠭᠤᠯ ᠳᠤ  ᠲᠡᠬᠡᠬᠡᠪᠤᠷᠢᠯᠠᠬᠦ︾ ᠶᠢ ᠲᠦᠷᠭᠡᠳᠬᠡᠬᠦ ᠳᠤ ᠦᠨᠡᠨ ᠪᠣᠳᠠᠲᠠᠢ ᠠᠬᠢᠯᠲᠠ ᠲᠠᠢ ᠪᠣᠯᠭᠠᠬᠤ ᠶᠢ ᠬᠦᠰᠡᠵᠦ ᠪᠠᠶᠢᠨ᠎ᠠ᠃ ᠤᠷᠠᠳ ᠤᠨ ᠬᠤᠶᠢᠲᠤ

ᠬᠤᠰᠢᠭᠤᠨ ᠤ ᠬᠢᠨ ᠴᠢᠬᠤᠯᠠ ᠡᠯᠧᠮᠧᠨ᠋ᠲ ᠤᠨ ᠪᠠᠲᠤᠯᠠᠭ᠎ᠠ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠵᠦ᠂

ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ  ᠬᠡᠪᠠ᠃

       ᠰᠢᠨᠵᠢᠶᠠᠩ ᠤᠨ ᠵᠢᠦ ᠬᠤᠸᠠ ᠲᠢᠶᠠᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠪᠣᠯᠣᠨ ᠬᠤᠪᠧᠢ ᠶᠢᠨ ᠢ ᠬᠤᠸᠠ ᠪᠦᠯᠦᠭᠯᠡᠯ ᠤᠨ ᠠᠨ ᠰᠠᠨ

ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠤᠷᠠᠳ ᠤᠨ ᠬᠤᠶᠢᠲᠤ ᠬᠤᠰᠢᠭᠤᠨ ᠤ

ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠵᠣᠬᠢᠰᠲᠠᠢ᠂ ᠬᠥᠭᠵᠢᠯᠲᠡ ᠶᠢᠨ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ

ᠤᠷᠠᠳ ᠤᠨ ᠬᠤᠶᠢᠲᠤ ᠬᠤᠰᠢᠭᠤᠨ ᠳᠤ ᠬᠦᠷᠴᠦ ᠠᠶᠢᠯᠴᠢᠯᠠᠨ ᠵᠣᠯᠭᠠᠯᠴᠠᠵᠤ᠂ ᠬᠤᠶᠠᠷ ᠲᠠᠯ᠎ᠠ ᠪᠠᠷ ᠢᠶᠠᠨ ᠨᠡᠩ ᠥᠷᠭᠡᠨ ᠬᠦᠷᠢᠶᠡᠨ ᠳᠤ ᠬᠠᠮᠲᠤᠷᠠᠯᠴᠠᠭ᠎ᠠ ᠪᠠᠨ

ᠪᠡᠶᠡᠯᠡᠭᠦᠯᠬᠦ ᠶᠢ ᠠᠬᠢᠭᠤᠯᠤᠨ᠎ᠠ ᠬᠡᠪᠠ᠃

 

ᠢᠷᠡᠯᠲᠡ᠄ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ