ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠰᠢᠨᠵᠢᠶᠠᠩ ᠳᠤ ᠬᠦᠷᠴᠦ ᠤᠷᠠᠳ ᠤᠨ ᠬᠤᠶᠢᠲᠤ ᠬᠤᠰᠢᠭᠤᠨ ᠤ ᠨᠡᠭᠦᠷᠡᠰᠦ ᠨᠦᠬᠡᠴᠠᠯᠠᠬᠦ ᠵᠥᠭᠡᠭᠡᠪᠦᠷᠢᠯᠡᠬᠦ ᠠᠷᠠᠯᠵᠢᠶᠠᠨ ᠤ ᠲᠥᠪ ᠤᠨ ᠲᠦᠷᠦᠯ ᠵᠦᠢᠯ ᠤᠨ ᠠᠵᠢᠯ ᠡᠬᠢᠯᠡᠭᠦᠯᠬᠦ ᠶᠠᠪᠤᠳᠠᠯ ᠢ ᠠᠬᠢᠭᠤᠯᠵᠠᠢ
ᠨᠡᠶᠢᠲᠡᠯᠡᠭᠰᠡᠨ ᠴᠠᠭ᠄
2024/3/12

       2 ᠰᠠᠷ᠎ᠠ ᠶᠢᠨ 29 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠰᠢᠨᠵᠢᠶᠠᠩ ᠤᠨ ᠤᠶᠢᠭᠤᠷ ᠤᠨ

ᠥᠪᠡᠷᠲᠡᠭᠡᠨ ᠵᠠᠰᠠᠬᠤ ᠣᠷᠣᠨ ᠳᠤ ᠬᠦᠷᠴᠦ᠂ ᠰᠢᠨᠵᠢᠶᠠᠩ ᠤᠨ ᠵᠢᠦ ᠵᠧᠦ ᠶᠢᠨ ᠾᠧᠩ ᠴᠠᠩ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠲᠠᠢ ᠬᠠᠮᠲᠤ ᠤᠷᠠᠳ ᠤᠨ ᠬᠤᠶᠢᠲᠤ ᠬᠤᠰᠢᠭᠤᠨ ᠤ ᠨᠡᠭᠦᠷᠡᠰᠦ ᠨᠦᠬᠡᠴᠠᠯᠠᠵᠤ ᠵᠥᠭᠡᠭᠡᠪᠦᠷᠢᠯᠡᠬᠦ ᠠᠷᠠᠯᠵᠢᠶᠠᠨ ᠤ ᠲᠥᠪ ᠤᠨ ᠲᠥᠷᠥᠯ ᠵᠦᠢᠯ ᠤᠨ ᠠᠵᠢᠯ

ᠡᠬᠢᠯᠡᠬᠦ ᠶᠠᠪᠤᠳᠠᠯ ᠢ ᠵᠣᠯᠭᠠᠭᠤᠯᠪᠠ᠃ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠶᠢᠨ ᠬᠤᠤ ᠲᠧ

ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

       ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠷᠠᠳ ᠤᠨ ᠬᠤᠶᠢᠲᠤ ᠬᠤᠰᠢᠭᠤᠨ ᠤ ᠨᠡᠭᠦᠷᠡᠰᠦ ᠨᠦᠬᠡᠴᠠᠯᠠᠵᠤ ᠵᠥᠭᠡᠭᠡᠪᠦᠷᠢᠯᠡᠬᠦ ᠠᠷᠠᠯᠵᠢᠶᠠᠨ ᠤ ᠲᠥᠪ ᠤᠨ

ᠳᠦᠷᠦᠯ ᠵᠦᠢᠯ ᠢ ᠡᠬᠢᠯᠡᠨ ᠪᠠᠶᠢᠭᠤᠯᠬᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠵᠡᠷᠭᠡ ᠬᠠᠮᠢᠶ᠎ᠠ ᠪᠦᠬᠦᠢ ᠶᠠᠪᠤᠳᠠᠯ ᠤᠨ ᠲᠣᠭᠤᠷᠢᠨ ᠳᠤ

ᠵᠥᠪᠳᠡᠯᠴᠡᠵᠦ ᠰᠠᠨᠠᠯ ᠢᠶᠠᠨ ᠰᠣᠯᠢᠯᠴᠠᠪᠠ᠃

       ᠶᠠᠨ ᠰᠢᠶᠣᠣ ᠶᠦᠨ ᠵᠢᠭᠠᠵᠤ ᠭᠠᠷᠭᠠᠭᠰᠠᠨ ᠨᠢ᠂ ᠨᠡᠭᠦᠷᠡᠰᠦ ᠨᠦᠬᠡᠴᠠᠯᠠᠵᠤ ᠵᠥᠭᠡᠭᠡᠪᠦᠷᠢᠯᠡᠬᠦ ᠠᠷᠠᠯᠵᠢᠶᠠᠨ ᠤ ᠲᠥᠪ ᠨᠢ ᠮᠠᠨ ᠤ ᠬᠤᠰᠢᠭᠤᠨ ᠤ

ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠬᠤᠶᠠᠷ ᠲᠠᠯ᠎ᠠ ᠪᠠᠷ ᠢᠶᠠᠨ ᠨᠢᠭᠡᠨᠲᠡ ᠣᠯᠠᠨ ᠤᠳᠠᠭ᠎ᠠ

ᠨᠢᠭᠲᠠ ᠵᠣᠯᠭᠠᠭᠤᠯᠤᠨ ᠰᠣᠯᠢᠯᠴᠠᠵᠤ᠂ ᠲᠣᠰ ᠲᠥᠷᠥᠯ ᠵᠦᠢᠯ ᠨᠢ ︽ᠰᠢᠨᠵᠢᠶᠠᠩ ᠤᠨ ᠨᠡᠭᠦᠷᠡᠰᠦ ᠶᠢ ᠥᠪᠥᠷ ᠮᠣᠩᠭᠤᠯ ᠳᠤ ᠣᠷᠣᠭᠤᠯᠬᠤ︾ ᠳᠤ ᠲᠤᠶᠢᠯ ᠤᠨ

ᠴᠢᠬᠤᠯᠠ ᠠᠴᠢ ᠬᠤᠯᠪᠣᠭᠳᠠᠯ ᠲᠠᠢ ᠶᠤᠮ᠃ ᠤᠷᠠᠳ ᠤᠨ ᠬᠤᠶᠢᠲᠤ ᠬᠤᠰᠢᠭᠤᠨ ᠤ ᠬᠢᠨ ᠲᠦᠷᠦᠯ ᠵᠦᠢᠯ ᠢ ᠮᠥᠷᠳᠡᠨ ᠦᠢᠯᠡᠴᠢᠯᠡᠬᠦ ᠪᠠ ᠡᠯᠧᠮᠧᠨ᠋ᠲ ᠤᠨ

ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠢᠯᠡᠷᠡᠭᠰᠡᠨ

ᠠᠰᠠᠭᠤᠳᠠᠯ ᠪᠠ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠨᠡ ᠵᠢᠯ ᠤᠨ 3 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠡᠬᠢᠯᠡᠭᠦᠯᠬᠦ ᠶᠢ ᠪᠠᠲᠤᠯᠠᠨ᠎ᠠ᠃

      ᠰᠢᠨᠵᠢᠶᠠᠩ ᠤᠨ ᠵᠢᠦ ᠵᠧᠦ ᠶᠢᠨ ᠾᠧᠩ ᠴᠠᠩ ᠪᠠᠷᠠᠭᠠᠨ ᠤ ᠭᠦᠢᠯᠭᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ

ᠳᠠᠷᠤᠭ᠎ᠠ ᠸᠠᠩ ᠶᠦᠨ ᠵᠠᠩ ᠢᠯᠡᠷᠬᠡᠶᠢᠯᠡᠬᠦ ᠳᠡᠭᠡᠨ᠂ ᠺᠣᠮᠫᠠᠨᠢ ᠲᠥᠷᠥᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠵᠢᠴᠢ ᠡᠮᠦᠨᠡᠬᠢ ᠬᠤᠭᠤᠴᠠᠭᠠᠨ ᠤ ᠭᠠᠷ

ᠭᠦᠢᠴᠡᠳᠬᠡᠯ ᠢ ᠲᠦᠷᠭᠡᠪᠴᠢᠯᠡᠨ ᠠᠬᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠰᠠᠨ ᠴᠠᠭ  ᠳᠤ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠨ᠎ᠠ ᠭᠡᠵᠡᠢ ᠬᠡᠪᠠ᠃

ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ